ᠮᠠᠨ ᠤ ᠬᠤᠰᠢᠭᠤ ᠭᠤᠤᠯ ᠮᠥᠷᠡᠨ ᠨᠠᠭᠤᠷ ᠴᠦᠬᠦᠷᠣᠮ ᠤᠨ ᠳᠠᠷᠤᠭ᠎ᠠ ᠶᠢᠨ ᠳᠦᠷᠢᠮ ᠢᠶᠠᠷ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠶᠢ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2019-10-08
     ᠮᠠᠨ ᠤ ᠬᠤᠰᠢᠭᠤ ᠭᠤᠤᠯ ᠮᠥᠷᠡᠨ ᠨᠠᠭᠤᠷ ᠴᠦᠬᠦᠷᠣᠮ ᠤᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠣᠨ ᠬᠥᠮᠦᠨ ᠪᠣᠯᠤᠨ ᠪᠠᠶᠢᠭᠠᠯᠢ ᠶᠢᠨ ᠡᠶ᠎ᠡ ᠵᠣᠬᠢᠴᠠᠩᠭᠤᠶ ᠬᠦᠭᠵᠢᠯᠲᠡ ᠶᠢ ᠪᠡᠳᠣᠯᠠᠵᠣ ᠪᠠᠶᠢᠨ᠎ᠠ᠃      ᠰᠢᠷᠬᠤᠰᠤᠨ ᠪᠠᠯᠭᠠᠰᠤᠨ ᠤ ᠪᠠᠲᠤ ᠶᠢᠨ ᠲᠤᠬᠤᠢ ᠣᠰᠣᠨ ᠴᠦᠬᠦᠷᠣᠮ ᠤᠨ ᠳᠠᠭᠠᠣ ᠪᠠᠷ ᠴᠠᠭᠳᠠᠭᠴᠢ ᠶᠢᠨ ᠠᠵᠢᠯ ᠬᠢᠵᠣ ᠪᠠᠶᠢᠭ᠎ᠠ ᠬᠥᠭᠵᠢᠯᠲᠦ ᠴᠠᠭ ᠢᠮᠡᠭ᠌ᠳ᠋ᠨ ᠣᠰᠣᠨ ᠴᠦᠬᠦᠷᠣᠮ ᠳᠤ ᠪᠤᠵᠠᠷ ᠤᠰᠤ ᠲᠠᠯᠪᠢᠵᠤ ᠤᠷᠤᠭᠤᠯᠤᠭᠰᠠᠨ ᠡᠰᠡᠬᠦ᠂ ᠬᠤᠭ ᠨᠣᠪᠰᠢ ᠬᠥᠪᠴᠦ ᠪᠠᠶᠢᠬᠤ ᠡᠰᠡᠬᠦ᠂ ᠴᠦᠬᠦᠷᠣᠮ ᠤᠨ ᠬᠠᠰᠢᠯᠭ᠎ᠠ ᠶᠢᠨ ᠬᠡᠪᠴᠢᠶᠡᠨ  ᠳᠤ ᠬᠠᠤᠯᠢ ᠠᠴᠠ ᠵᠥᠷᠢᠴᠡᠭᠰᠡᠨ ᠪᠠᠷᠢᠯᠭ᠎ᠠ ᠪᠠᠶᠢᠭᠤᠯᠵᠣ ᠪᠠᠶᠢᠬᠤ ᠡᠰᠡᠬᠦ ᠵᠡᠷᠭᠡ ᠶᠢ ᠪᠠᠶᠢᠴᠠᠭᠠᠵᠤ ᠠᠰᠠᠭᠤᠳᠠᠯ ᠢᠯᠡᠷᠡᠪᠡᠯ ᠭᠡᠷᠡᠯ ᠵᠢᠷᠤᠭ ᠠᠪᠬᠤ ᠪᠥᠭᠡᠳ ᠵᠤᠬᠢᠰᠳᠠᠢ ᠰᠢᠢᠳᠪᠦᠷᠢᠯᠡᠳᠡᠭ ᠪᠠᠶᠢᠨ᠎ᠠ᠃ ᠲᠡᠷᠡ 1994 ᠣᠨ ᠠᠴᠠ ᠡᠬᠢᠯᠡᠨ ᠪᠠᠲᠤ ᠶᠢᠨ ᠲᠤᠬᠤᠢ ᠤᠰᠤᠨ ᠴᠥᠭᠦᠷᠥᠮ ᠤᠨ ᠬᠤᠶᠠᠷ ᠬᠥᠪᠡᠭᠡᠨ ᠤ ᠣᠢ ᠰᠢᠭᠤᠶ ᠶᠢᠨ ᠬᠠᠮᠠᠭᠠᠯᠠᠭᠴᠢ ᠶᠢᠨ ᠠᠵᠢᠯ ᠢ 20 ᠭᠠᠷᠤᠶ ᠵᠢᠯ ᠬᠠᠷᠢᠭᠤᠴᠠᠨ ᠬᠢᠵᠣ 2017 ᠣᠨ ᠳᠤ ᠣᠯᠣᠰ ᠠᠴᠠ ᠭᠤᠣᠯ ᠮᠦᠷᠡᠨ ᠨᠠᠭᠤᠷ ᠴᠦᠬᠦᠷᠣᠮ ᠤᠨ ᠳᠠᠷᠤᠭ᠎ᠠ ᠶᠢᠨ ᠳᠦᠷᠢᠮ ᠢ ᠬᠡᠷᠡᠭᠵᠢᠭᠦᠯᠦᠭᠰᠡᠨ ᠤ ᠳᠠᠷᠠᠭ᠎ᠠ ᠪᠡᠳᠣ ᠶᠢᠨ ᠳᠣᠬᠤᠢ ᠶᠢᠨ ᠣᠰᠣᠨ ᠤ ᠦᠵᠡᠮᠵᠢ ᠶᠢᠨ ᠣᠷᠣᠨ ᠤ ᠬᠤᠶᠠᠷ ᠡᠷᠭᠢ ᠶᠢᠨ ᠠᠮᠣᠷ ᠳᠦᠪᠰᠢᠨ᠂ ᠠᠮᠢ ᠠᠬᠤᠢ᠂ ᠣᠷᠴᠢᠨ ᠳᠣᠭᠤᠷᠢᠨ᠂ ᠠᠷᠢᠭᠤᠨ ᠴᠡᠪᠡᠷ ᠤᠨ ᠰᠢᠳᠡᠷ ᠬᠠᠮᠠᠭᠠᠯᠠᠭᠴᠢ ᠪᠤᠯᠤᠭᠰᠠᠨ ᠠᠴᠠ ᠦᠵᠡᠮᠵᠢ ᠶᠢᠨ ᠣᠷᠣᠨ ᠤ ᠤᠷᠭᠤᠮᠠᠯ ᠤᠨ ᠪᠦᠷᠬᠦᠴᠡ᠂ ᠠᠮᠢᠲᠠᠨ ᠤ ᠲᠥᠷᠥᠯ ᠵᠡᠷᠭᠡ ᠶᠢᠨ ᠨᠡᠮᠡᠭᠳᠡᠨ ᠳᠡᠭᠡᠭᠰᠢᠯᠡᠵᠣ ᠠᠮᠢ ᠠᠬᠤᠢ ᠶᠢᠨ ᠣᠷᠴᠢᠨ ᠲᠣᠭᠤᠷᠢᠨ ᠣᠯᠠᠮ ᠰᠠᠶᠢᠵᠢᠷᠠᠬᠤ ᠳᠤ ᠪᠡᠳᠣᠯᠠᠭ᠎ᠠ ᠬᠠᠩᠭᠠᠨ ᠦᠵᠡᠮᠵᠢ ᠶᠢᠨ ᠤᠷᠤᠨ ᠨᠢ ᠮᠠᠰᠢ ᠣᠯᠠᠨ ᠵᠤᠭᠠᠴᠠᠭᠰᠠᠳ ᠤᠨ ᠪᠠᠭ᠋ᠠᠷᠬᠠᠯ ᠢ ᠲᠠᠲᠠᠵᠠᠢ᠃      ᠤᠶᠢᠯᠠᠭᠠᠭᠰᠠᠨ ᠢᠶᠠᠷ ᠮᠠᠨ ᠤ ᠬᠤᠰᠢᠭᠤᠨ ᠤ ᠬᠢᠵᠠᠭᠠᠷ ᠳᠣᠲᠣᠷ᠎ᠠ ᠨᠡᠶᠢᠲᠡ 28 ᠭᠤᠤᠯ ᠮᠥᠷᠡᠨ ᠪᠠᠶᠢᠵᠤ ᠪᠦᠬᠦ ᠤᠷᠳᠤ ᠨᠢ 765 ᠺᠢᠯᠣᠮᠧᠲᠷ᠂ 32 ᠨᠠᠭᠤᠷ ᠴᠥᠭᠦᠷᠥᠮ ᠪᠠᠶᠢᠵᠤ ᠤᠰᠤᠨ ᠣᠷᠣᠨ ᠤ ᠲᠠᠯᠠᠪᠠᠢ ᠨᠢ 82.7 ᠲᠡᠭᠰᠢ ᠳᠥᠷᠪᠡᠯᠵᠢᠨ ᠺᠢᠯᠣᠮᠧᠲᠷ ᠪᠠᠶᠢᠨ᠎ᠠ᠃ ᠮᠠᠨ ᠤ ᠬᠤᠰᠢᠭᠤ ᠠᠮᠢ ᠠᠬᠤᠶ ᠣᠷᠴᠢᠨ ᠲᠣᠭᠤᠷᠢᠨ ᠤ ᠵᠠᠰᠠᠨ ᠴᠡᠭᠴᠡᠯᠡᠯᠳᠡ ᠪᠣᠯᠣᠨ ᠠᠵᠤ ᠠᠬᠤᠶ ᠨᠡᠶᠢᠬᠡᠮ ᠤᠨ ᠬᠥᠭᠵᠢᠯᠲᠡ ᠶᠢ ᠨᠢᠭᠡᠳᠦᠯᠲᠠᠢ ᠲᠦᠯᠦᠪᠵᠢᠬᠦᠯᠦᠨ ︽ᠭᠤᠤᠯ ᠮᠥᠷᠡᠨ ᠨᠠᠭᠤᠷ ᠴᠦᠬᠦᠷᠣᠮ ᠤᠨ ᠨᠠᠮ ᠵᠠᠰᠠᠭ ᠠᠴᠠ ᠬᠠᠷᠢᠭᠤᠴᠠᠵᠤ ᠪᠠᠶᠢᠭ᠎ᠠ ᠳᠠᠷᠤᠭ᠎ᠠ᠂ ᠭᠤᠤᠯ ᠮᠥᠷᠡᠨ ᠨᠠᠭᠤᠷ ᠴᠦᠬᠦᠷᠣᠮ ᠤᠨ ᠠᠷᠠᠳ ᠠᠴᠠ ᠬᠠᠷᠢᠭᠤᠴᠠᠵᠤ ᠪᠠᠶᠢᠭ᠎ᠠ ᠳᠠᠷᠤᠭ᠎ᠠ᠂ ᠭᠤᠤᠯ ᠮᠥᠷᠡᠨ ᠨᠠᠭᠤᠷ ᠴᠦᠬᠦᠷᠣᠮ ᠤᠨ ᠠᠵᠤ ᠠᠬᠤᠶᠢᠯᠠᠯ ᠠᠴᠠ ᠬᠠᠷᠢᠭᠤᠴᠠᠵᠤ ᠪᠠᠶᠢᠭ᠎ᠠ ᠳᠠᠷᠤᠭ᠎ᠠ︾ ᠶᠢᠨ ᠬᠠᠮᠢᠶᠠᠷᠤᠯᠲᠠ ᠶᠢᠨ ᠵᠠᠭᠪᠤᠷ ᠢ ᠬᠡᠷᠡᠭᠵᠢᠭᠦᠯᠵᠦ ᠪᠦᠬᠦ ᠬᠤᠰᠢᠭᠤᠨ ᠤ ᠪᠣᠶ ᠪᠦᠬᠦᠢ ᠭᠤᠤᠯ ᠮᠥᠷᠡᠨ ᠨᠠᠭᠤᠷ ᠴᠥᠭᠦᠷᠥᠮ ᠳᠤ ᠬᠤᠰᠢᠭᠤ᠂ ᠰᠤᠮᠤ ᠪᠠᠯᠭᠠᠰᠤ᠂ ᠭᠠᠴᠠᠭ᠎ᠠ ᠲᠣᠰᠬᠤᠨ ᠤ ᠱᠠᠲᠤᠨ ᠤ ᠨᠠᠮ ᠵᠠᠰᠠᠭ ᠠᠴᠠ ᠬᠠᠷᠢᠭᠤᠴᠠᠵᠤ ᠪᠠᠶᠢᠭ᠎ᠠ ᠭᠤᠤᠯ ᠮᠦᠷᠡᠨ ᠨᠠᠭᠤᠷ ᠴᠦᠬᠦᠷᠦᠮ ᠤᠨ ᠳᠠᠷᠤᠭ᠎ᠠ 91 ᠬᠦᠮᠦᠨ᠂ ᠠᠷᠠᠳ ᠠᠷᠠᠳ ᠠᠴᠠ ᠬᠠᠷᠢᠭᠤᠴᠠᠵᠤ ᠪᠠᠶᠢᠭ᠎ᠠ ᠳᠠᠷᠤᠭ᠎ᠠ 74 ᠬᠦᠮᠦᠨ ᠪᠣᠯᠤᠨ 6 ᠭᠤᠤᠯᠳᠠᠯᠭ᠎ᠠ ᠲᠠᠢ ᠪᠣᠬᠢᠷᠲᠤᠯ ᠭᠠᠳᠠᠭᠰᠢᠯᠠᠭᠤᠯᠬᠤ ᠠᠵᠤ ᠠᠬᠤᠶᠢᠯᠠᠯ ᠤᠨ ᠬᠠᠷᠢᠭᠤᠴᠠᠯᠭᠠᠲᠠᠨ ᠢ ᠤᠷᠢᠵᠤ ︽ᠠᠵᠤ ᠠᠬᠤᠶᠢᠯᠠᠯ ᠠᠴᠠ ᠬᠠᠷᠢᠭᠤᠴᠠᠵᠤ ᠪᠠᠶᠢᠭ᠎ᠠ ᠭᠤᠤᠯ ᠮᠥᠷᠡᠨ ᠨᠠᠭᠤᠷ ᠴᠦᠬᠦᠷᠣᠮ ᠤᠨ ᠳᠠᠷᠤᠭ᠎ᠠ︾ ᠪᠣᠯᠭᠠᠭᠰᠠᠨ ᠬᠠᠮᠢᠶᠠᠷᠤᠯᠲᠠ ᠶᠢᠨ ᠲᠤᠤᠷ ᠢ ᠪᠦᠷᠢᠯᠳᠣᠭᠦᠯᠵᠣ ᠭᠤᠤᠯ ᠮᠥᠷᠡᠨ ᠨᠠᠭᠤᠷ ᠴᠦᠬᠦᠷᠣᠮ ᠤᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠦᠢᠯᠡᠳᠦᠯᠭᠡᠵᠢᠬᠦᠯᠦᠨ ᠪᠣᠳᠠᠳᠡᠶᠢᠵᠢᠭᠤᠯᠵᠣ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号