ᠮᠠᠨ ᠤ ᠬᠤᠰᠢᠭᠤᠨ ᠤ ᠮᠦᠽᠧᠶ ᠶᠢᠨ ᠠᠷᠠᠳ ᠤᠨ ᠠᠮᠢᠳᠤᠷᠠᠯ ᠤᠨ ᠦᠵᠡᠭᠦᠯᠦᠯᠭᠡ ᠶᠢᠨ ᠣᠷᠳᠣᠨ ᠡᠭᠦᠳᠡ ᠪᠠᠨ ᠨᠡᠭᠡᠭᠡᠪᠡ
ᠨᠡᠶᠢᠲᠡᠯᠡᠭᠰᠡᠨ ᠴᠠᠭ᠄
2019-10-08
     9 ᠰᠠᠷ᠎ᠠ ᠶᠢᠨ 30 ᠤ ᠡᠳᠦᠷ᠂ ᠮᠠᠨ ᠤ ᠬᠤᠰᠢᠭᠤᠨ ᠤ ᠮᠦᠽᠧᠶ ᠶᠢᠨ ᠠᠷᠠᠳ ᠤᠨ ᠠᠮᠢᠳᠤᠷᠠᠯ ᠤᠨ ᠦᠵᠡᠭᠦᠯᠦᠯᠭᠡ ᠶᠢᠨ ᠣᠷᠳᠣᠨ ᠤ ᠨᠡᠭᠡᠭᠡᠯᠲᠡ ᠶᠢᠨ ᠶᠣᠰᠣᠯᠠᠯ ᠦᠳᠦᠨ ᠪᠦᠮᠪᠦᠭᠡ ᠫᠢᠩᠫᠠᠩ ᠪᠦᠮᠪᠦᠭᠡ ᠶᠢᠨ ᠤᠷᠳᠤᠨ ᠳᠤ ᠶᠠᠪᠤᠭᠳᠠᠪᠠ᠃ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠤᠤ ᠹᠸᠢ ᠯᠦ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠨᠮᠠᠨᠳᠤᠬᠤ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠠᠷᠢᠭᠦᠯᠡᠭᠴᠢ ᠬᠤᠤ ᠸᠧᠶ ᠵᠢᠴᠢ ᠭᠡᠷ ᠲᠡᠭᠡᠨ ᠪᠠᠶᠢᠭ᠎ᠠ ᠬᠤᠰᠢᠭᠤ ᠰᠢᠶᠠᠨ ᠤ ᠲᠠᠰ ᠤᠨ ᠪᠥᠬᠦ ᠤᠳᠤᠷᠢᠳᠤᠯᠭ᠎ᠠ ᠨᠠᠷ ᠶᠣᠰᠣᠯᠠᠯ ᠳᠤ ᠤᠷᠤᠯᠴᠠᠵᠤ ᠡᠷᠳᠡᠨᠢᠪᠢᠯᠢᠭ ᠪᠣᠯᠤᠨ ᠵᠤᠤ ᠹᠧᠶ ᠯᠦ ᠮᠠᠨ ᠤ ᠬᠤᠰᠢᠭᠤᠨ ᠤ ᠮᠦᠽᠧᠶ ᠶᠢᠨ ᠠᠷᠠᠳ ᠤᠨ ᠠᠮᠢᠳᠤᠷᠠᠯ ᠤᠨ ᠦᠵᠡᠭᠦᠯᠦᠯᠭᠡ ᠶᠢᠨ ᠣᠷᠳᠣᠨ ᠤ ᠫᠠᠶᠢᠰᠠ ᠶᠢ ᠰᠡᠬᠦᠪᠡ᠃
         ᠵᠤᠤ ᠹᠧᠶ ᠯᠦ ᠪᠠᠶᠠᠷ ᠤᠨ ᠦᠭᠡ ᠭᠡᠯᠡᠵᠤ ᠢᠯᠡᠷᠬᠡᠶᠢᠯᠡᠬᠦ ᠳᠤ ᠪᠠᠨ᠂ 70 ᠵᠢᠯ ᠤᠨ ᠬᠠᠲᠠᠭᠤᠵᠢᠯᠲᠠᠶ ᠰᠦᠪᠡᠭᠴᠢᠯᠡᠯᠲᠡ᠂ 70 ᠵᠢᠯ ᠤᠨ ᠭᠡᠷᠡᠯ ᠰᠠᠴᠤᠷᠠᠩᠭᠤᠶ ᠲᠠᠤᠭᠡ ᠶᠢᠨ ᠠᠮᠵᠢᠯᠲᠠ ᠶᠢ ᠡᠷᠭᠢᠴᠡᠭᠦᠯᠬᠦ ᠳᠤ ᠪᠢᠳᠡᠨ ᠬᠢᠵᠠᠭᠠᠯᠠᠰᠢ ᠦᠭᠡᠢ ᠤᠷᠮᠠᠰᠢᠨ ᠣᠮᠣᠭᠰᠢᠵᠤ ᠪᠠᠶᠢᠨ᠎ᠠ᠃ ᠥᠨᠥᠳᠥᠷ ᠤᠨ ᠥᠥᠰᠢᠨ ᠬᠤᠰᠢᠭᠤ ᠡᠬᠢ ᠪᠠᠶᠠᠯᠢᠭ ᠢᠶᠠᠷ ᠡᠯᠪᠡᠭ ᠳᠡᠯᠪᠡᠭ ᠪᠠᠶᠢᠵᠤ ᠬᠦᠭᠵᠢᠯᠲᠡ ᠶᠢᠨ ᠬᠡᠯᠪᠡᠷᠢ ᠪᠠᠨ ᠬᠤᠪᠢᠷᠠᠭᠤᠯᠤᠨ ᠳᠡᠰ ᠲᠠᠪᠰᠢᠭᠦ ᠶᠢ ᠠᠭᠢᠭᠤᠯᠬᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠵᠠᠩᠭᠢᠯᠠᠭ᠎ᠠ ᠶᠢᠨ ᠬᠤᠭᠤᠴᠠᠭᠠᠨ ᠳᠤ ᠤᠷᠤᠰᠢᠨ ᠡᠷᠡᠰ ᠪᠠᠲᠤ ᠢᠲᠡᠭᠡᠯ ᠵᠣᠷᠢᠭ ᠪᠠ ᠢᠳᠡᠷᠡᠭᠦᠨ ᠠᠯᠬᠤᠭ᠎ᠠ ᠪᠠᠷ ᠪᠦᠬᠦ ᠬᠤᠲᠠ ᠶᠢᠨ ᠲᠠᠷᠢᠭᠦᠨ ᠤ ᠡᠩᠨᠡᠭᠡ ᠵᠦᠭ ᠤᠷᠤᠭᠰᠢᠯᠠᠵᠤ ᠪᠠᠶᠢᠨ᠎ᠠ᠃ ᠰᠤᠷᠲᠠᠯ ᠤᠬᠠᠭᠤᠯᠭ᠎ᠠ᠂ ᠰᠣᠶᠣᠯ ᠵᠡᠷᠭᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠴᠢᠯᠥᠭᠡᠯᠡᠵᠦ ᠪᠣᠳᠠᠲᠠᠶ ᠶᠢ ᠡᠷᠬᠢᠮᠯᠡᠨ ᠰᠢᠨ᠎ᠡ ᠶᠢ ᠡᠭᠦᠳᠴᠦ ᠢᠵᠢ ᠪᠦᠷᠢᠳᠦᠭᠰᠡᠨ ᠲᠥᠬᠦᠭᠡᠷᠦᠮᠵᠢ ᠶᠢ ᠲᠡᠭᠦᠯᠳᠡᠷᠵᠢᠭᠦᠯᠦᠨ ᠦᠵᠡᠬᠦᠯᠦᠯᠭᠡ ᠶᠢᠨ ᠣᠷᠳᠣᠨ ᠤ ᠠᠰᠢᠭᠯᠠᠮᠵᠢ ᠶᠢ ᠦᠨᠡᠨᠬᠦ ᠳᠡᠭᠡᠭᠰᠢᠯᠡᠭᠦᠯᠵᠦ ᠠᠷᠠᠳ ᠤᠨ ᠠᠮᠢᠳᠤᠷᠠᠯ ᠤᠨ ᠦᠵᠡᠬᠦᠯᠦᠯᠭᠡ ᠶᠢᠨ ᠣᠷᠳᠣᠨ ᠢ ᠮᠠᠨ ᠤ ᠬᠤᠰᠢᠭᠤᠨ ᠤ ᠬᠥᠭᠵᠢᠯᠲᠡ ᠶᠢᠨ ᠠᠮᠵᠢᠯᠲᠠ ᠪᠦᠲᠦᠮᠵᠢ ᠶᠢ ᠤᠬᠠᠭᠤᠯᠬᠤ ᠪᠠ ᠳᠡᠯᠭᠡᠨ ᠦᠵᠡᠭᠦᠯᠬᠦ ᠴᠢᠬᠤᠯᠠ ᠴᠣᠩᠬᠤ ᠪᠣᠯᠭᠠᠨ ᠪᠠᠶᠢᠭᠤᠯᠬᠤ ᠪᠠᠷ ᠴᠢᠷᠮᠠᠶᠢᠨ ᠮᠠᠨ ᠤ ᠬᠤᠰᠢᠭᠤᠨ  ᠤ ᠵᠤᠭᠠᠴᠠᠨ ᠲᠣᠭᠤᠷᠢᠬᠤ ᠪᠠ ᠰᠢᠨ᠎ᠡ ᠡᠬᠡ ᠣᠷᠣᠨᠴᠢ ᠦᠵᠡᠯ ᠤᠨ ᠬᠥᠮᠦᠵᠢᠯ ᠤᠨ ᠰᠠᠭᠤᠷᠢᠨ ᠭᠠᠵᠠᠷ ᠪᠣᠯᠭᠠᠵᠤ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠶ ᠰᠢᠨ᠎ᠡ ᠡᠷᠡᠮᠡᠯᠵᠡᠯ ᠢ ᠳᠡᠭᠡᠭᠰᠢᠯᠡᠭᠦᠯᠦᠨ ᠰᠢᠨ᠎ᠡ ᠴᠠᠭ ᠦᠶ᠎ᠡ ᠶᠢᠨ ᠴᠢᠨᠠᠷ ᠰᠠᠶᠢᠲᠠᠶ ᠬᠥᠭᠵᠢᠯᠲᠡ ᠶᠢᠨ ᠴᠣ ᠰᠢᠨ᠎ᠡ ᠬᠠᠭᠤᠳᠠᠰᠤ ᠶᠢ ᠪᠢᠴᠢᠭᠯᠡᠬᠦ ᠶᠢ ᠬᠦᠰᠡᠵᠦ ᠪᠠᠶᠢᠨ᠎ᠠ ᠭᠡᠵᠡᠢ᠃
         ᠦᠵᠡᠭᠦᠯᠦᠯᠭᠡ ᠶᠢᠨ ᠣᠷᠳᠣᠨ ᠨᠢ ᠭᠠᠯᠠᠭᠤᠲᠤ ᠪᠠᠯᠭᠠᠰᠤᠨ ᠤ ᠪᠠᠷᠠᠭᠤᠨ ᠬᠡᠰᠡᠭ ᠲᠤ ᠪᠠᠶᠢᠷᠢᠯᠠᠨ ᠶᠡᠷᠦᠩᠬᠡᠶ ᠪᠠᠷᠢᠯᠭ᠎ᠠ ᠶᠢᠨ ᠲᠠᠯᠠᠪᠠᠢ ᠨᠢ 1500 ᠲᠡᠭᠰᠢ ᠳᠥᠷᠪᠡᠯᠵᠢᠨ ᠮᠧᠲᠷ ᠪᠠᠶᠢᠵᠤ ᠬᠤᠶᠠᠷ ᠳᠠᠪᠬᠤᠷᠭ᠎ᠠ ᠬᠤᠪᠢᠶᠠᠨ᠂ ᠨᠡᠶᠢᠲᠡ 8 ᠦᠵᠡᠭᠦᠯᠦᠯᠭᠡ ᠶᠢᠨ ᠲᠣᠭᠤᠷᠢᠭ ᠲᠤᠬᠢᠷᠠᠭᠤᠯᠤᠨ 21 ᠭᠡᠰᠡᠭ ᠢᠶᠠᠷ ᠪᠦᠷᠢᠯᠳᠦᠵᠤ᠂ ᠮᠠᠨ ᠤ ᠬᠤᠰᠢᠭᠤᠨ ᠤ ᠬᠤᠲᠠ ᠶᠢᠨ ᠳᠦᠷᠢ ᠲᠥᠷᠬᠦ ᠶᠢ ᠳᠡᠯᠭᠡᠨ ᠦᠵᠡᠭᠦᠯᠬᠦ ᠴᠣᠩᠬᠤ᠂ ᠬᠤᠰᠢᠭᠤᠨ ᠤ ᠪᠠᠶᠢᠳᠠᠯ ᠤᠨ  ᠬᠥᠮᠦᠵᠢᠯ᠂ ᠵᠢᠭᠤᠯᠴᠢᠯᠠᠨ ᠲᠣᠭᠤᠷᠢᠬᠤ ᠪᠠ ᠳᠡᠯᠭᠡᠨ ᠥᠵᠠᠭᠦᠯᠭᠦ ᠰᠤᠯᠢᠯᠴᠠᠭᠠᠨ ᠤ ᠲᠠᠪᠴᠠᠩ ᠪᠣᠯᠤᠨ᠎ᠠ᠃ ᠦᠵᠡᠭᠦᠯᠦᠯᠭᠡ ᠶᠢᠨ ᠣᠷᠳᠣᠨ ᠨᠢ ᠭᠡᠷᠡᠯ ᠵᠢᠷᠤᠭ᠂ ᠦᠰᠦᠭ ᠪᠢᠴᠢᠭ᠂ ᠪᠣᠳᠠᠲᠤ ᠪᠣᠳᠠᠰ᠂ ᠣᠯᠠᠨ ᠵᠠᠭᠤᠴᠢᠯᠠᠭᠤᠷ ᠵᠡᠷᠭᠡ ᠦᠵᠡᠭᠦᠯᠦᠯᠭᠡ ᠶᠢᠨ ᠬᠡᠯᠪᠡᠷᠢ ᠪᠠᠷ ᠨᠠᠷᠢᠨ ᠪᠣᠳᠠᠲᠠᠶ ᠮᠠᠲ᠋ᠧᠷᠢᠶᠠᠯ᠂ ᠤᠷᠠᠯᠢᠭ ᠤᠨ ᠰᠡᠳᠬᠢᠮᠵᠢ᠂ ᠮᠡᠳᠡᠭᠡ ᠵᠠᠩᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ ᠪᠠᠷᠢᠯ ᠢ ᠠᠰᠢᠭᠯᠠᠨ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠲᠤᠷᠰᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠲᠤᠤᠷ᠎ᠠ ᠮᠠᠨ ᠤ ᠬᠤᠰᠢᠭᠤᠨ ᠤ ᠠᠷᠠᠳ ᠤᠨ ᠠᠮᠢᠳᠤᠷᠠᠯ ᠤᠨ ᠥᠢᠯᠡᠰ ᠲᠣᠭᠲᠠᠭᠤᠨ ᠢᠶᠠᠷ ᠬᠥᠭᠵᠢᠵᠦ ᠠᠮᠢᠳᠤᠷᠠᠯ ᠤᠨ ᠲᠦᠪᠰᠢᠨ ᠡᠳᠦᠷ ᠢᠷᠡᠬᠦᠶ᠎ᠡ ᠲᠡᠭᠡᠭᠰᠢᠯᠡᠭᠰᠠᠨ ᠠᠮᠢᠳᠤᠯᠢᠭ ᠪᠠᠶᠢᠳᠠᠯ ᠢ ᠳᠤᠪᠤᠶᠢᠮ᠎ᠠ ᠢᠯᠠᠷᠠᠭᠦᠯᠵᠠᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号