ᠤᠯᠤᠰ ᠲᠥᠷᠥ ᠶᠢᠨ ᠵᠥᠪᠯᠡᠯᠭᠡᠨ ᠤ ᠥᠥᠰᠢᠨ ᠬᠤᠰᠢᠭᠤᠨ ᠤ ᠬᠤᠷᠢᠶ᠎ᠠ ᠪᠠᠶᠢᠭᠤᠯᠤᠭᠳᠠᠭᠰᠠᠨ 63 ᠵᠢᠯ ᠤᠨ ᠲᠡᠦᠬᠡᠨ ᠵᠠᠮᠨᠠᠯ ᠤᠨ ᠳᠡᠯᠭᠡᠨ ᠦᠵᠡᠭᠦᠯᠦᠯᠭᠡ ᠪᠣᠯᠤᠨ ᠤᠷᠠᠨ ᠪᠢᠴᠢᠯᠭᠡ ᠶᠢᠨ ᠦᠵᠡᠭᠦᠯᠦᠯᠭᠡ ᠡᠬᠢᠯᠡᠪᠡ
ᠨᠡᠶᠢᠲᠡᠯᠡᠭᠰᠡᠨ ᠴᠠᠭ᠄
2019-10-08
     ᠦᠨᠦ ᠵᠢᠯ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠣᠢ ᠮᠥᠨ᠃ ᠮᠦᠨ ᠴᠤ ᠠᠷᠠᠳ ᠤᠨ ᠤᠯᠤᠰ ᠲᠥᠷᠦ ᠶᠢᠨ ᠵᠥᠪᠯᠡᠯᠭᠡᠨ ᠪᠠᠶᠢᠭᠤᠯᠤᠭᠳᠠᠭᠰᠠᠨ 70 ᠵᠢᠯ ᠤᠨ ᠣᠢ ᠮᠥᠨ᠃ 70 ᠵᠢᠯ ᠤᠨ ᠲᠤᠷᠰᠢ ᠨᠠᠮ ᠤᠨ ᠤᠳᠤᠷᠢᠳᠤᠯᠭ᠎ᠠ ᠳᠣᠤᠷ᠎ᠠ ᠠᠷᠠᠳ ᠤᠨ ᠤᠯᠤᠰ ᠲᠥᠷᠦ ᠶᠢᠨ ᠵᠥᠪᠯᠡᠯᠭᠡᠨ ᠪᠣᠯᠤᠨ ᠨᠠᠮ᠂ ᠠᠷᠠᠳ ᠲᠦᠮᠡᠨ ᠰᠡᠳᠬᠢᠯ ᠨᠢᠭᠡᠳᠦᠨ ᠬᠠᠮᠲᠤ ᠪᠠᠷ ᠤᠷᠤᠭᠰᠢᠯᠠᠵᠤ ᠠᠶᠠᠨ ᠵᠠᠮ ᠢ ᠵᠡᠷᠭᠡᠪᠡᠷ ᠲᠤᠭᠤᠯᠤᠨ ᠦᠷᠭᠦᠯᠵᠢᠯᠡᠨ ᠲᠡᠮᠡᠴᠡᠵᠦ ᠨᠠᠮ ᠪᠣᠯᠤᠨ ᠤᠯᠤᠰ ᠤᠨ ᠦᠢᠯᠡᠰ ᠲᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠪᠡ᠃
     
     9 ᠰᠠᠷ᠎ᠠ ᠶᠢᠨ 29 ᠤ ᠡᠳᠦᠷ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠣᠢ ᠂ ᠳᠤᠮᠳᠠᠳᠤ ᠤᠯᠤᠰ ᠤᠨ ᠠᠷᠠᠳ ᠤᠨ ᠤᠯᠤᠰ ᠲᠥᠷᠦ ᠶᠢᠨ ᠵᠥᠪᠯᠡᠯᠭᠡᠨ ᠪᠠᠶᠢᠭᠤᠯᠤᠭᠳᠠᠭᠰᠠᠨ 70 ᠵᠢᠯ ᠤᠨ ᠣᠢ ᠵᠢᠴᠢ ᠳᠤᠮᠳᠠᠳᠤ ᠤᠯᠤᠰ ᠤᠨ ᠠᠷᠠᠳ ᠤᠨ ᠤᠯᠤᠰ ᠲᠥᠷᠦ ᠶᠢᠨ ᠵᠥᠪᠯᠡᠯᠭᠡᠨ ᠤ ᠦᠤᠰᠢᠨ ᠬᠤᠰᠢᠭᠤᠨ ᠤ ᠬᠤᠷᠢᠶ᠎ᠠ ᠪᠠᠶᠢᠭᠤᠯᠤᠭᠳᠠᠭᠰᠠᠨ 63 ᠵᠢᠯ ᠤᠨ ᠲᠠᠤᠭᠡᠨ ᠵᠠᠮᠨᠠᠯ ᠤᠨ ᠳᠡᠯᠬᠡᠨ ᠦᠵᠡᠭᠦᠯᠦᠯᠭᠡ ᠵᠢᠴᠢ ᠤᠷᠠᠨ ᠪᠢᠴᠢᠯᠭᠡ ᠶᠢᠨ ᠦᠵᠡᠭᠦᠯᠦᠯᠭᠡ ᠬᠤᠰᠢᠭᠤ ᠰᠣᠶᠣᠯ ᠤᠨ ᠪᠥᠳᠥᠭᠡᠯᠳᠠ ᠠᠵᠤ ᠦᠢᠯᠡᠰ ᠤᠨ ᠬᠦᠷᠢᠶᠡᠯᠡᠩ ᠳᠤ ᠶᠠᠪᠤᠭᠳᠠᠪᠠ᠃ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠨᠮᠠᠨᠳᠤᠬᠤ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠠᠷᠢᠭᠦᠯᠡᠭᠴᠢ ᠬᠤᠤ ᠸᠧᠶ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠰᠤᠷᠭᠠᠯᠳᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠳᠡᠳ᠋ ᠳᠠᠷᠤᠭ᠎ᠠ ᠵᠠᠩ ᡁᠢ ᠰᠢᠦ᠋ᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠠᠯᠲᠠᠨᠲᠤᠶᠠᠭ᠎ᠠ᠂ ᠬᠤᠰᠢᠭᠤ ᠤᠯᠤᠰ ᠲᠥᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠸᠢ ᠬᠠᠰ᠂ ᠯᠢ ᠵᠢᠷᠤᠮᠳᠤ᠂ ᠸᠠᠩ ᠭᠠᠩ ᠡᠬᠢᠯᠡᠯᠲᠡ ᠶᠢᠨ ᠶᠣᠰᠣᠯᠠᠯ ᠳᠤ ᠤᠷᠤᠯᠴᠠᠵᠤ ᠤᠯᠤᠰ ᠲᠥᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠤᠶᠤᠨᠪᠢᠯᠢᠭ᠌ ᠦᠵᠡᠬᠦᠯᠦᠯᠭᠡ ᠶᠢᠨ ᠶᠤᠰᠤᠯᠠᠯ ᠢ ᠡᠷᠬᠢᠯᠡᠪᠡ᠃
   
     ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠧᠢ ᠬᠠᠰ ᠡᠬᠢᠯᠡᠯᠲᠡ ᠶᠢᠨ ᠦᠭᠡ ᠶᠠᠷᠢᠭᠰᠠᠨ ᠪᠥᠭᠡᠳ ᠲᠠᠤᠭᠡᠨ  ᠵᠠᠮᠨᠠᠯ ᠤᠨ ᠳᠡᠯᠬᠡᠨ ᠦᠵᠡᠭᠦᠯᠦᠯᠭᠡ ᠪᠣᠯᠤᠨ ᠤᠷᠠᠨ ᠪᠢᠴᠢᠯᠭᠡ ᠶᠢᠨ ᠦᠵᠡᠭᠦᠯᠦᠯᠭᠡ ᠡᠬᠢᠯᠡᠭᠰᠡᠨ ᠢ ᠵᠠᠷᠯᠠᠪᠠ᠃ ᠯᠧᠢ ᠬᠠᠰ ᠵᠢᠭᠠᠵᠤ ᠭᠠᠷᠭᠠᠭᠰᠠᠨ ᠨᠢ᠂ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠣᠷᠣᠨ ᠨᠤᠲᠤᠭ ᠤᠨ ᠵᠣᠬᠢᠶᠠᠨ ᠪᠠᠶᠢᠭᠤᠯᠤᠯᠲᠠ ᠪᠣᠯᠤᠭᠰᠠᠨ ᠦᠦᠰᠢᠨ ᠤ ᠤᠯᠤᠰ ᠲᠥᠷᠥ ᠶᠢᠨ ᠵᠥᠪᠯᠡᠯᠭᠡᠨ ᠨᠢ 63 ᠬᠠᠪᠤᠷ ᠨᠠᠮᠤᠷ ᠢ ᠥᠩᠭᠡᠷᠡᠭᠡᠵᠡᠶ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠤᠰᠢᠨ ᠬᠤᠰᠢᠭᠤᠨ ᠤ ᠨᠠᠮ ᠤᠨ ᠬᠤᠷᠢᠶᠠᠨ ᠤ ᠤᠳᠤᠷᠢᠳᠤᠯᠭ᠎ᠠ ᠳᠣᠤᠷ᠎ᠠ ᠦᠤᠰᠢᠨ ᠬᠤᠰᠢᠭᠤᠨ ᠤ ᠤᠯᠤᠰ ᠲᠥᠷᠦ ᠶᠢᠨ ᠵᠥᠪᠯᠡᠯᠭᠡᠨ ᠤᠯᠤᠰ ᠢᠶᠠᠨ ᠬᠠᠶᠢᠷᠠᠯᠠᠬᠤ ᠦᠵᠡᠯ ᠪᠠ ᠨᠡᠶᠢᠭᠡᠮ ᠵᠢᠷᠤᠮ ᠤᠨ ᠲᠤᠭ ᠢ ᠢᠮᠠᠭᠲᠠ ᠥᠨᠳᠥᠷ ᠮᠠᠨᠳᠤᠭᠤᠯᠵᠤ ᠪᠦᠯᠬᠦᠮᠳᠡᠯ ᠠᠷᠠᠳᠴᠢᠯᠠᠯ ᠤᠨ ᠭᠤᠤᠯ ᠰᠡᠳᠦᠪ ᠢ ᠳᠣᠪᠤᠶᠢᠯᠭᠠᠨ ᠨᠠᠮ ᠵᠠᠰᠠᠭ ᠤᠨ ᠠᠵᠢᠯ ᠤᠨ ᠭᠤᠤᠯᠳᠠᠯᠭ᠎ᠠ ᠶᠢᠨ ᠲᠣᠭᠤᠷᠢᠨ ᠳᠤ ᠲᠤᠰ ᠪᠡᠶ᠎ᠡ ᠶᠢᠨ ᠣᠨᠴᠠᠯᠢᠭ ᠪᠠ ᠳᠠᠪᠠᠭᠤᠯᠢᠭ ᠢᠶᠠᠷ ᠢᠶᠠᠨ ᠤᠯᠤᠰ ᠲᠥᠷᠦ ᠶᠢᠨ ᠵᠥᠪᠯᠡᠯᠭᠡ ᠬᠢᠬᠦ ᠠᠷᠠᠳᠴᠢᠯᠠᠯ ᠢᠶᠠᠷ ᠬᠢᠨᠠᠯᠲᠠ ᠲᠠᠯᠪᠢᠬᠤ ᠡᠭᠦᠷᠭᠡ ᠴᠢᠳᠠᠪᠬᠢ ᠪᠠᠨ ᠨᠠᠷᠢᠨ ᠬᠢᠨᠠᠮᠠᠭᠠᠶ ᠬᠦᠢᠴᠡᠳᠬᠡᠵᠤ ᠦᠤᠰᠢᠨ ᠤ ᠪᠠᠶᠢᠭᠤᠯᠤᠯᠲᠠ ᠪᠠ ᠬᠥᠭᠵᠢᠯᠲᠡ ᠳᠤ ᠴᠢᠬᠤᠯᠠ ᠦᠢᠯᠡᠳᠦᠯ ᠦᠵᠡᠭᠦᠯᠵᠡᠶ᠃ ᠢᠯᠠᠩᠭᠤᠶ᠎ᠠ ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠰᠢ ᠳ᠋ᠧᠩ ᠰᠢᠶᠣᠤ ᠫᠢᠩ ᠤᠨ ᠤᠨᠤᠯ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠪᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠵᠢᠯᠤᠭᠤᠳᠤᠯᠭ᠎ᠠ ᠳᠣᠤᠷ᠎ᠠ ᠤᠯᠤᠰ ᠲᠥᠷᠦ ᠶᠢᠨ ᠵᠥᠪᠯᠡᠯᠭᠡᠨ ᠤ ᠡᠯ᠎ᠡ ᠵᠦᠢᠯ ᠤᠨ ᠠᠵᠢᠯ ᠮᠠᠰᠢ ᠶᠡᠭᠡ ᠬᠥᠭᠵᠢᠯᠲᠡ ᠲᠠᠢ ᠪᠣᠯᠵᠠᠶ᠃ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠠᠯᠬᠤᠮ ᠠᠯᠬᠤᠮ ᠢᠶᠠᠷ ᠲᠡᠭᠦᠯᠳᠡᠷᠵᠢᠨ ᠡᠭᠦᠷᠭᠡ ᠲᠤᠰᠢᠶᠠᠯ ᠢᠶᠠᠨ ᠨᠠᠩ ᠵᠢᠷᠤᠮᠵᠢᠭᠤᠨ ᠬᠦᠢᠴᠡᠳᠬᠡᠵᠤ ᠠᠵᠢᠯ ᠤᠨ ᠬᠦᠷᠢᠶ᠎ᠡ ᠲᠠᠰᠤᠷᠠᠯᠲᠠ ᠦᠭᠡᠢ ᠦᠷᠬᠡᠵᠢᠨ ᠦᠢᠯᠡᠳᠦᠯ ᠨᠢ ᠡᠳᠦᠷ ᠢᠷᠡᠬᠦᠶ᠎ᠡ ᠪᠠᠳᠠᠷᠠᠨ ᠨᠥᠯᠥᠭᠡ ᠨᠢ ᠶᠡᠬᠡᠰᠴᠦ ᠪᠠᠶᠢᠨ᠎ᠠ᠃ ᠲᠤᠰ ᠤᠳᠠᠭᠠᠨ ᠤ ᠳᠡᠯᠭᠡᠨ ᠦᠵᠡᠭᠦᠯᠦᠯᠭᠡ  ᠶᠢᠨ ᠵᠣᠷᠢᠯᠭ᠎ᠠ ᠨᠢ ᠲᠡᠤᠬᠡ ᠶᠢ ᠡᠷᠭᠢᠴᠡᠭᠦᠯᠵᠦ ᠢᠷᠡᠭᠡᠳᠦᠶ ᠪᠠᠨ ᠪᠠᠷᠠᠯᠠᠵᠤ ᠲᠤᠷᠰᠢᠯᠭ᠎ᠠ ᠪᠠᠨ ᠳ᠋ᠦᠩᠨᠡᠵᠦ ᠡᠷᠴᠢ ᠵᠣᠷᠢᠭ ᠢᠶᠠᠨ ᠬᠥᠪᠴᠢᠯᠡᠬᠦ ᠶᠢᠨ ᠲᠥᠯᠥᠭᠡ ᠶᠤᠮ᠃ ᠰᠢᠨ᠎ᠡ ᠴᠠᠭ ᠦᠶ᠎ᠡ ᠶᠢᠨ ᠠᠷᠠᠳ ᠤᠨ ᠤᠯᠤᠰ ᠲᠥᠷᠦ ᠶᠢᠨ ᠵᠥᠪᠯᠡᠯᠭᠡᠨ ᠤ ᠬᠠᠷᠢᠭᠤᠴᠠᠯᠭ᠎ᠠ ᠬᠦᠨᠳᠦ ᠶᠡᠭᠡ᠂ ᠡᠭᠦᠷᠭᠡ ᠥᠩᠭᠡ ᠭᠡᠷᠡᠯᠲᠡᠢ ᠶᠤᠮ᠃ ᠦᠦᠰᠢᠨ ᠬᠤᠰᠢᠭᠤᠨ ᠤ ᠤᠯᠤᠰ ᠲᠥᠷᠦ ᠶᠢᠨ ᠵᠥᠪᠯᠡᠯᠭᠡᠨ ᠨᠢ ᠨᠡᠶᠢᠬᠡᠮ ᠤᠨ ᠡᠯ᠎ᠡ ᠡᠲᠡᠭᠡᠳ ᠪᠣᠯᠤᠨ ᠥᠷᠭᠡᠨ ᠣᠯᠠᠨ ᠤᠯᠤᠰ ᠲᠥᠷᠦ ᠶᠢᠨ ᠵᠥᠪᠯᠡᠯᠭᠡᠨ ᠤ ᠭᠡᠰᠢᠭᠦᠨ ᠢ ᠤᠯᠠᠮ ᠴᠢᠨᠠᠭᠰᠢᠳᠠ ᠬᠦᠲᠦᠯᠦᠨ ᠵᠢᠯᠣᠭᠤᠳᠴᠤ ᠪᠠᠶᠢᠭᠠᠳ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ ︽ᠳᠥᠷᠪᠡᠨ ᠤᠬᠠᠮᠰᠠᠷ︾ ᠢᠶᠠᠨ ᠴᠢᠩᠭᠠᠳᠬᠠᠨ ︽ᠳᠥᠷᠪᠡᠨ ᠢᠲᠡᠭᠡᠯ︾ ᠢᠶᠠᠨ ᠪᠠᠲᠤᠳᠬᠠᠵᠤ ︽ᠬᠤᠶᠠᠷ ᠢ ᠬᠠᠮᠠᠭᠠᠯᠠᠬᠤ︾ ᠶᠢ ᠪᠠᠶᠡᠯᠡᠬᠦᠯᠦᠨ ᠪᠦᠯᠬᠦᠮᠳᠡᠨ ᠨᠢᠭᠡᠳᠴᠦ ᠡᠷᠡᠯᠬᠡᠭᠯᠡᠨ ᠤᠷᠤᠭᠰᠢᠯᠠᠵᠤ ᠦᠤᠰᠢᠨ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠨᠡᠮᠡᠷᠢᠯᠡᠨ᠎ᠡ ᠭᠡᠪᠡ᠃
     ᠶᠣᠰᠣᠯᠠᠯ ᠤᠨ ᠳᠠᠷᠠᠭ᠎ᠠ ᠥᠥᠰᠢᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ 63 ᠵᠢᠯ ᠤᠨ ᠲᠠᠤᠭᠡᠨ ᠵᠠᠮᠨᠠᠯ ᠤᠨ ᠵᠢᠷᠤᠭ ᠬᠡᠪᠯᠡᠯ᠂ ᠨᠠᠨᠳᠢᠩᠨᠠᠨ ᠬᠠᠳᠠᠭᠠᠯᠠᠭᠰᠠᠨ ᠡᠳ᠋ ᠪᠣᠳᠠᠰ ᠵᠢᠴᠢ ᠤᠷᠠᠨ ᠪᠢᠴᠢᠯᠭᠡ ᠶᠢᠨ ᠦᠵᠡᠭᠦᠯᠦᠯᠭᠡ ᠶᠢᠨ ᠪᠦᠲᠦᠭᠡᠯ ᠢ ᠲᠣᠭᠤᠷᠢᠨ ᠦᠵᠡᠪᠡ᠃ ᠲᠣᠰ ᠤᠳᠠᠭᠠᠨ ᠤ ᠲᠠᠤᠭᠡᠨ ᠦᠵᠡᠭᠦᠯᠦᠯᠭᠡ ᠳᠤ ᠦᠤᠰᠢᠨ ᠬᠤᠰᠢᠭᠤᠨ ᠤ ᠤᠯᠤᠰ ᠲᠥᠷᠦ ᠶᠢᠨ ᠵᠥᠪᠯᠡᠯᠭᠡᠨ ᠤ 63 ᠵᠢᠯ ᠠᠴᠠ ᠨᠠᠰᠢᠬᠢ ᠬᠥᠭᠵᠢᠯᠲᠡ ᠶᠢᠨ ᠲᠡᠤᠬᠡᠨ ᠶᠠᠪᠤᠴᠠ ᠶᠢ ᠳᠡᠯᠭᠡᠨ ᠦᠵᠡᠭᠦᠯᠵᠦ ᠰᠢᠨ᠎ᠡ ᠴᠠᠭ ᠦᠶ᠎ᠡ ᠶᠢᠨ ᠦᠤᠰᠢᠨ ᠤ ᠤᠯᠤᠰ ᠲᠥᠷᠦ ᠶᠢᠨ ᠵᠥᠪᠯᠡᠯᠭᠡᠨ ᠤ ᠰᠢᠨ᠎ᠡ ᠳᠦᠷᠰᠦ ᠪᠠᠢᠳᠠᠯ᠂ ᠰᠢᠨ᠎ᠡ ᠵᠢᠳᠬᠦᠯ ᠴᠢᠷᠮᠠᠶᠢᠯᠭ᠎ᠠ ᠶᠢ ᠳᠡᠯᠭᠡᠨ ᠦᠵᠡᠭᠦᠯᠵᠡᠶ᠃ ᠨᠡᠶᠢᠲᠡ 3000 ᠭᠠᠷᠤᠶ ᠭᠡᠷᠡᠯ ᠵᠢᠷᠤᠭ ᠴᠤᠭᠯᠠᠭᠤᠯᠵᠤ ᠳᠤᠮᠳᠠ ᠠᠴᠠ ᠨᠢ 500 ᠭᠠᠷᠤᠶ ᠪᠥᠳᠥᠭᠡᠯ ᠢ ᠰᠤᠩᠭᠤᠨ ᠤᠭ ᠰᠠᠨᠠᠭ᠎ᠠ ᠪᠠᠨ ᠦᠯᠦ ᠮᠠᠷᠲᠠᠬᠤ᠂ ᠦᠷᠭᠦᠯᠵᠢᠯᠡᠨ ᠲᠡᠮᠡᠴᠡᠬᠦ᠂ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠬᠦᠯᠬᠦ᠂ ᠰᠠᠭᠤᠷᠢ ᠪᠠᠨ ᠪᠠᠲᠤᠳᠬᠠᠨ ᠦᠨᠳᠦᠰᠦ ᠪᠠᠨ ᠪᠠᠬᠢᠵᠢᠭᠦᠯᠬᠦ ᠵᠡᠷᠭᠡ ᠳᠥᠷᠪᠡᠨ ᠪᠦᠯᠦᠭ ᠬᠤᠪᠢᠶᠠᠨ ᠤᠯᠤᠰ ᠲᠥᠷᠥ ᠶᠢᠨ ᠵᠥᠪᠯᠡᠯᠭᠡᠨ ᠤ 63 ᠵᠢᠯ ᠤᠨ ᠲᠠᠤᠭᠡ ᠶᠢ ᠵᠢᠷᠤᠭ ᠤᠨ ᠬᠡᠯᠪᠡᠷᠢ ᠪᠠᠷ ᠢᠯᠠᠷᠠᠭᠦᠯᠥᠭᠰᠠᠨ ᠤ ᠬᠠᠮᠲᠤ ᠥᠥᠰᠢᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ 63 ᠵᠢᠯ ᠤᠨ ᠲᠤᠷᠰᠢᠬᠢ ᠬᠤᠪᠣᠷ ᠨᠠᠨᠳᠢᠨ ᠡᠳ᠋ ᠪᠣᠳᠠᠰ ᠲᠠᠤᠭᠡ ᠶᠢᠨ ᠮᠠᠲ᠋ᠧᠷᠢᠶᠠᠯ 200 ᠭᠠᠷᠤᠶ᠂ 163 ᠤᠷᠠᠨ ᠪᠢᠴᠢᠯᠭᠡ ᠶᠢᠨ ᠪᠦᠲᠦᠭᠡᠯ ᠢ ᠲᠡᠯᠭᠡᠨ ᠥᠵᠠᠭᠦᠯᠵᠤ ᠤᠯᠤᠰ ᠲᠥᠷᠥ ᠶᠢᠨ ᠵᠥᠪᠯᠡᠯᠭᠡᠨ ᠤ ᠪᠥᠬᠦ ᠬᠤᠰᠢᠭᠤᠨ ᠤ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠪᠠ ᠥᠭᠡᠷᠡᠴᠢᠯᠡᠯᠲᠡ ᠬᠥᠭᠵᠢᠯᠲᠡ ᠳᠤ ᠦᠯᠡᠳᠡᠭᠡᠭᠰᠡᠨ ᠤᠯᠠ ᠮᠥᠷ ᠢ ᠲᠡᠮᠳᠡᠭᠯᠡᠵᠡᠶ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号