ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠬᠡᠷᠡᠭᠵᠢᠬᠦᠯᠦᠯᠳᠡ ᠪᠠᠷ | ᠲᠠᠷᠢᠶᠠᠯᠠᠩ ᠤᠨ ᠪᠡᠩᠬᠢ ᠶᠢᠨ ᠦᠥᠰᠢᠨ ᠬᠤᠰᠢᠭᠤᠨ ᠤ ᠬᠤᠪᠢᠶᠠᠷᠢ ᠪᠠᠩᠬᠢ ᠵᠢᠬᠡᠯᠡᠯᠬᠡ ᠶᠢᠨ ᠬᠦᠤ ᠮᠦᠩᠬᠦ ᠶᠢ | ᠲᠤᠤᠷ᠎ᠠ ᠪᠤᠯᠭᠠᠬᠤ᠂ ᠭᠠᠷ ᠬᠦᠢᠴᠡᠳᠬᠡᠯ ᠢ ᠲᠦᠬᠦᠮᠴᠢᠯᠡᠬᠦ ᠵᠡᠷᠬᠡ ᠮᠦᠩᠬᠦᠨ ᠬᠦᠢᠯᠬᠡᠬᠡᠨ ᠤ ᠠᠷᠭ᠎ᠠ ᠪᠠᠷᠢᠯ ᠢᠶᠠᠷ | ᠲᠤᠮᠳᠠ ᠵᠢᠵᠢᠭ ᠠᠵᠤ ᠠᠬᠤᠶᠢᠯᠠᠯ ᠤᠨ ᠬᠦᠭᠵᠢᠯᠳᠡ ᠳᠤ ᠲᠤᠰᠠᠯᠠᠮᠵᠢ ᠬᠠᠩᠭᠠᠵᠤ ᠬᠦᠭᠵᠢᠯᠳᠡ ᠶᠢᠨ ᠲᠤᠮᠳᠠᠬᠢ ᠪᠡᠯᠡ | ᠮᠦᠩᠬᠦᠨ ᠤ ᠬᠦᠴᠢᠷᠳᠡᠯ ᠢ ᠦᠨᠡᠨᠬᠦ ᠰᠢᠢᠳᠪᠤᠷᠢᠯᠠᠯᠠ᠃ | ᠦᠥᠰᠢᠨ ᠬᠤᠰᠢᠭᠤᠨ ᠤ ᠡᠤ ᠶᠤᠸᠠᠨ ᠮᠢᠬᠠᠨ ᠢᠳᠡᠬᠡᠨ ᠤ ᠬᠢᠵᠠᠭᠠᠷᠳᠤ ᠬᠠᠷᠢᠭᠤᠴᠠᠯᠭᠠᠳᠤ ᠺᠤᠮᠫᠠᠨᠢ ᠵᠢᠯ ᠳᠤ | 35 ᠲᠦᠮᠡᠨ ᠬᠤᠨᠢ᠂ 25000 ᠦᠬᠡᠷ ᠠᠯᠠᠵᠤ ᠨᠢᠳᠤᠯᠬᠤ ᠴᠢᠳᠠᠪᠤᠷᠢ ᠲᠠᠢ ᠦᠢᠯᠡᠳᠪᠤᠷᠢ ᠪᠠᠶᠢᠵᠤ ᠮᠢᠬᠠᠨ | ᠪᠦᠳᠦᠬᠡᠭᠳᠡᠬᠦᠨ ᠢᠶᠠᠨ ᠭᠤᠤᠯᠳᠠᠭᠤ ᠪᠡᠬᠡᠵᠢᠩ᠂ ᠱᠠᠩᠬᠠᠢ ᠵᠡᠷᠬᠡ ᠬᠦᠭᠵᠢᠭᠰᠡᠨ ᠭᠠᠵᠠᠷ ᠲᠤ ᠪᠤᠷᠤᠯᠠᠭᠤᠯᠳᠠᠭ᠃ | ᠤᠷᠴᠢᠮᠬᠠᠨ ᠡᠤ ᠶᠤᠸᠠᠨ ᠮᠢᠬᠠᠨ ᠢᠳᠡᠬᠡᠨ ᠤ ᠬᠢᠵᠠᠭᠠᠷᠳᠤ ᠬᠠᠷᠢᠭᠤᠴᠠᠯᠭᠠᠳᠤ ᠺᠤᠮᠫᠠᠨᠢ ᠲᠠᠷᠢᠶᠠᠯᠠᠩ ᠤᠨ ᠪᠠᠩᠬᠢ ᠶᠢᠨ | ᠦᠥᠰᠢᠨ ᠬᠤᠰᠢᠭᠤᠨ ᠤ ᠬᠤᠪᠢᠶᠠᠷᠢ ᠪᠠᠩᠬᠢ ᠠᠴᠠ ᠵᠢᠬᠡᠯᠡᠯᠬᠡ ᠠᠪᠴᠤ ᠦᠢᠯᠡᠳᠪᠤᠷᠢᠯᠡᠯ ᠡᠵᠡᠩᠨᠡᠯᠳᠡ ᠶᠢᠨ | ᠲᠤᠮᠳᠠᠬᠢ ᠬᠦᠴᠢᠷᠳᠡᠯ ᠢᠶᠠᠨ ᠰᠢᠢᠳᠪᠤᠷᠢᠯᠠᠯᠠ᠃ | ᠦᠥᠰᠢᠨ ᠬᠤᠰᠢᠭᠤᠨ ᠤ ᠡᠤ ᠶᠤᠸᠠᠨ ᠮᠢᠬᠠᠨ ᠢᠳᠡᠬᠡᠨ ᠤ ᠬᠢᠵᠠᠭᠠᠷᠳᠤ ᠬᠠᠷᠢᠭᠤᠴᠠᠯᠭᠠᠳᠤ ᠺᠤᠮᠫᠠᠨᠢ ᠶᠢᠨ | ᠦᠢᠯᠡᠳᠪᠤᠷᠢᠯᠡᠯ ᠤᠨ ᠲᠠᠰᠤᠭ ᠤᠨ ᠬᠠᠷᠢᠭᠤᠴᠠᠯᠭᠠᠳᠠᠨ ᠪᠠᠶᠠᠰᠬᠤᠯᠠᠩ ᠲᠠᠷᠢᠶᠠᠯᠠᠩ ᠤᠨ ᠪᠠᠩᠬᠢ ᠠᠴᠠ 240 | ᠲᠦᠮᠡᠨ ᠲᠦᠬᠦᠷᠢᠭ ᠤᠨ ᠵᠢᠬᠡᠯᠡᠯᠬᠡ ᠠᠪᠴᠤ ᠦᠢᠯᠡᠳᠪᠤᠷᠢ ᠪᠠᠨ ᠵᠠᠰᠠᠵᠤ ᠦᠭᠡᠷᠡᠴᠢᠯᠡᠨ ᠬᠤᠶᠢᠰᠢᠳᠠ ᠶᠢᠨ | ᠡᠵᠡᠩᠨᠡᠯᠲᠡ ᠳᠤ ᠪᠠᠨ ᠪᠠᠲᠤᠯᠠᠭ᠎ᠠ ᠬᠠᠩᠭᠠᠵᠤ ᠴᠢᠳᠠᠭᠰᠠᠨ ᠳᠤ ᠪᠠᠨ ᠶᠡᠭᠡ ᠰᠡᠳᠬᠢᠯ ᠬᠠᠨᠤᠮᠵᠢᠲᠠᠢ ᠪᠠᠶᠢᠪᠠ᠃ | ᠡᠨᠡ ᠵᠢᠯ ᠤᠨ ᠲᠡᠬᠡᠷ᠎ᠡ ᠬᠠᠭᠠᠰ ᠵᠢᠯ ᠠᠴᠠ ᠡᠬᠢᠯᠠᠵᠤ ᠲᠠᠷᠢᠶᠠᠯᠠᠩ ᠤᠨ ᠪᠠᠩᠬᠢ ᠶᠢᠨ ᠦᠥᠰᠢᠨ ᠬᠤᠰᠢᠭᠤᠨ ᠤ | ᠬᠤᠪᠢᠶᠠᠷᠢ ᠪᠠᠩᠬᠢ ᠲᠤᠮᠳᠠ ᠵᠢᠵᠢᠭ ᠠᠵᠤ ᠠᠬᠤᠶᠢᠯᠠᠯ ᠳᠤ ᠵᠢᠬᠡᠯᠡᠯᠬᠡ ᠲᠠᠯᠪᠢᠬᠤ ᠦᠢᠯᠡᠴᠢᠯᠡᠭᠡ ᠬᠠᠩᠭᠠᠬᠤ ᠳᠠᠭᠠᠨ | ᠭᠠᠷ ᠬᠦᠢᠴᠡᠳᠬᠡᠯ ᠢ ᠲᠦᠬᠦᠮᠴᠢᠯᠡᠬᠦ᠂ ᠵᠢᠬᠡᠯᠡᠯᠬᠡ ᠶᠢᠨ ᠬᠦᠤ ᠮᠦᠩᠬᠦ ᠶᠢ ᠲᠤᠤᠷ᠎ᠠ ᠪᠤᠯᠭᠠᠬᠤ᠂ ᠵᠢᠬᠡᠯᠡᠯᠬᠡ ᠶᠢᠨ | ᠲᠦᠷᠦᠯ ᠬᠡᠯᠪᠡᠷᠢ ᠶᠢ ᠤᠯᠠᠨ ᠪᠤᠯᠭᠠᠬᠤ᠂ ᠵᠢᠬᠡᠯᠡᠯᠬᠡ ᠶᠢᠨ ᠬᠤᠭᠤᠴᠠᠭ᠎ᠠ ᠶᠢ ᠠᠮᠢᠳᠤᠯᠢᠭ ᠪᠤᠯᠭᠠᠬᠤ ᠵᠡᠷᠬᠡ ᠭᠠᠵᠠᠷ | ᠤᠷᠤᠨ ᠤ ᠪᠤᠳᠠᠳᠤ ᠪᠠᠶᠢᠳᠠᠯ ᠲᠠᠢ ᠲᠤᠬᠢᠷᠠᠭᠰᠠᠨ ᠤᠯᠠᠨ ᠬᠠᠷᠠᠭᠠᠯᠵᠠᠯ ᠤᠨ ᠠᠷᠭ᠎ᠠ ᠬᠡᠯᠪᠡᠷᠢ ᠶᠢ ᠠᠪᠴᠤ ᠲᠤᠮᠳᠠ | ᠵᠢᠵᠢᠭ ᠠᠵᠤ ᠠᠬᠤᠶᠢᠯᠠᠯ ᠳᠤ ᠲᠤᠰᠠᠯᠠᠮᠵᠢ ᠬᠠᠩᠭᠠᠵᠤ ᠬᠦᠭᠵᠢᠯᠳᠡ ᠳᠤᠨᠢ ᠠᠮᠢᠵᠢᠷᠠᠯ ᠤᠨ ᠬᠦᠴᠦᠨ ᠬᠠᠩᠭᠠᠵᠠᠢ᠃ | |