ᠬᠡᠣᠬᠡᠳ ᠪᠠᠭᠠᠴᠣᠳ ᠲᠤ ᠮᠣᠩᠭᠤᠯ ᠦᠬᠡ ᠬᠡᠯᠡ ᠦᠰᠦᠭ ᠪᠢᠴᠢᠭ ᠤᠨ ᠡᠷᠬᠢᠮ ᠴᠢᠬᠤᠯᠠ ᠴᠢᠨᠠᠷ ᠢ | ᠤᠬᠠᠭᠤᠯᠵᠤ ᠲᠠᠨᠢᠭᠤᠯᠤᠨ ᠮᠣᠩᠭᠤᠯ ᠬᠡᠯᠡᠨ ᠤ ᠪᠠᠷᠢᠮᠵᠢᠶ᠎ᠠ ᠠᠪᠢᠶ᠎ᠠ ᠶᠢ ᠳᠡᠯᠬᠡᠷᠡᠬᠦᠯᠵᠦ ᠦᠨᠳᠦᠰᠦᠳᠡᠨ ᠤ ᠬᠡᠯᠡ | ᠰᠣᠶᠣᠯ ᠢᠶᠠᠨ ᠣᠯᠠᠮᠵᠢᠯᠠᠨ ᠳᠡᠯᠬᠡᠷᠡᠬᠦᠯᠬᠦ ᠶᠢᠨ ᠳᠣᠯᠠᠳᠠ ᠦᠪᠦᠷ ᠮᠣᠩᠭᠤᠯ ᠤᠨ ︽ᠴᠡᠴᠡᠨ ᠬᠡᠣᠬᠡᠳ︾ ᠶᠠᠷᠢᠬᠤ | ᠣᠷᠠᠯᠢᠭ ᠤᠨ ᠶᠡᠷᠦᠩᠬᠡᠶᠢᠯᠡᠭᠰᠡᠨ ᠠᠩᠬᠢ ᠶᠢᠨ ︽ᠣᠷᠳᠣᠰ ᠰᠡᠳᠬᠢᠯᠬᠡᠨ ᠤ ᠣᠶᠠᠩᠭᠠᠨ ᠦᠴᠢᠯ︾ ᠬᠡᠬᠦ ᠣᠷᠠᠨ | ᠣᠩᠰᠢᠯᠭ᠎ᠠ ᠶᠢᠨ CD ᠴᠣᠮᠤᠭ ᠤᠨ ᠨᠡᠬᠡᠬᠡᠯᠳᠡ ᠶᠢᠨ ᠶᠣᠰᠣᠯᠠᠯ 9 ᠰᠠᠷ᠎ᠠ ᠶᠢᠨ 28 ᠤ ᠡᠳᠦᠷ ᠮᠠᠨ ᠤ | ᠬᠤᠰᠢᠭᠤᠨ ᠳᠤ ᠶᠠᠪᠣᠭᠳᠠᠯ᠎ᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠨᠢᠬᠡᠳᠦᠮᠡᠯ | ᠹᠷᠣᠨᠲ ᠤᠨ ᠬᠡᠯᠳᠡᠰ ᠤᠨ ᠳᠠᠷᠤᠭ᠎ᠠ ᠠᠯᠳᠠᠨᠳᠣᠶᠠᠭ᠎ᠠ᠂ ᠬᠤᠰᠢᠭᠤ ᠣᠯᠣᠰ ᠳᠦᠷᠦ ᠶᠢᠨ ᠵᠦᠪᠯᠡᠯᠬᠡᠨ ᠤ ᠳᠡᠳ᠋ | ᠳᠡᠷᠢᠬᠦᠯᠡᠭᠴᠢ ᠣᠶᠣᠨᠪᠢᠯᠢᠭ᠌᠂ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠨᠢᠭᠡᠴᠢ ᠶᠢᠨ ᠬᠠᠷᠢᠭᠤᠴᠠᠯᠭᠠᠳᠠᠨ᠂ ᠢᠷᠠᠭᠤ | ᠨᠠᠶᠢᠷᠠᠭᠴᠢᠳ᠂ ᠦᠪᠦᠷ ᠮᠣᠩᠭᠤᠯ ᠤᠨ ᠶᠡᠭᠡ ᠰᠣᠷᠭᠠᠭᠤᠯᠢ ᠶᠢᠨ ᠬᠡᠯᠡ ᠰᠢᠨᠵᠢᠯᠡᠯ ᠤᠨ ᠡᠷᠳᠡᠮᠳᠡᠨ ᠪᠠᠭᠰᠢ᠂ ᠦᠪᠦᠷ | ᠮᠣᠩᠭᠤᠯ ᠤᠨ ᠷᠠᠳᠢᠤ᠋ ᠲᠧᠯᠸᠢᠰ ᠬᠤᠷᠢᠶᠠᠨ ᠤ ᠬᠦᠳᠦᠯᠦᠭᠴᠢ ᠨᠡᠪᠳᠡᠷᠡᠬᠦᠯᠦᠭᠴᠢ ᠶᠢᠨ ᠵᠢᠯᠣᠭᠤᠳᠣᠭᠴᠢ ᠪᠠᠭᠰᠢ᠂ | ᠦᠪᠦᠷ ᠮᠣᠩᠭᠤᠯ ᠤᠨ ᠮᠣᠩᠭᠤᠯ ᠣᠳᠣᠨ ᠲᠧᠯᠸᠢᠰ᠂ ᠮᠣᠩᠭᠤᠯ ᠷᠠᠳᠢᠤ᠋᠂ ︽ ᠴᠣᠮᠣᠷᠯᠢᠭ︾ ᠰᠡᠳᠬᠦᠯ ᠵᠡᠷᠭᠡ | ᠬᠡᠪᠯᠡᠯ ᠮᠡᠳᠡᠭᠡᠯᠡᠯ ᠤᠨ ᠬᠢᠨ ᠪᠠ ᠦᠦᠰᠢᠨ ᠬᠤᠰᠢᠭᠤᠨ ᠤ ᠮᠣᠩᠭᠤᠯ ᠦᠨᠳᠦᠰᠦᠳᠡᠨ ᠤ ᠳᠣᠷᠰᠢᠯᠳᠠ ᠶᠢᠨ ᠪᠠᠭ᠎ᠠ | ᠰᠣᠷᠭᠠᠭᠤᠯᠢ ᠶᠢᠨ ᠰᠣᠷᠣᠭᠴᠢᠳ ᠢᠶᠠᠷ ᠭᠤᠣᠯᠯᠠᠭᠰᠠᠨ ︽ᠴᠡᠴᠡᠨ ᠬᠡᠣᠬᠡᠳ︾ ᠶᠠᠷᠢᠬᠤ ᠣᠷᠠᠯᠢᠭ ᠤᠨ | ᠶᠡᠷᠦᠩᠬᠡᠶᠢᠯᠡᠭᠰᠡᠨ ᠠᠩᠬᠢ ᠶᠢᠨ ᠬᠡᠣᠬᠡᠳ ᠪᠠᠭᠠᠴᠣᠳ ᠪᠣᠯᠣᠨ ᠬᠡᠷ ᠤᠨ ᠠᠬᠠᠮᠠᠳ ᠶᠣᠰᠣᠯᠠᠯ ᠳᠤ ᠣᠷᠣᠯᠴᠠᠯ᠎ᠠ᠃ | | | | | | | | ᠳᠣᠰ ᠣᠳᠠᠭᠠᠨ ᠤ ᠨᠡᠬᠡᠬᠡᠯᠳᠡ ᠶᠢᠨ ᠶᠣᠰᠣᠯᠠᠯ ᠢ ᠬᠤᠰᠢᠭᠤ ᠨᠢᠬᠡᠳᠦᠮᠡᠯ ᠹᠷᠣᠨᠲ ᠤᠨ ᠬᠡᠯᠳᠡᠰ᠂ | ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠠᠴᠠ ᠭᠤᠣᠯᠯᠠᠨ ᠡᠷᠬᠢᠯᠡᠵᠦ ︽ᠴᠡᠴᠡᠨ ᠬᠡᠣᠬᠡᠳ︾ ᠪᠦᠲᠦᠬᠡᠯᠴᠢ | ᠦᠷᠬᠦᠭᠡᠨ ᠠᠴᠠ ᠳᠠᠭᠠᠭᠠᠴᠢᠯᠠᠨ ᠡᠷᠬᠢᠯᠡᠵᠡᠢ᠃ | | | | | | | | | | ︽ᠴᠡᠴᠡᠨ ᠬᠡᠣᠬᠡᠳ︾ ᠶᠠᠷᠢᠬᠤ ᠣᠷᠠᠯᠢᠭ ᠤᠨ ᠶᠡᠷᠦᠩᠬᠡᠶᠢᠯᠡᠭᠰᠡᠨ ᠠᠩᠬᠢ ᠪᠣᠯ ᠦᠪᠦᠷ ᠮᠣᠩᠭᠤᠯ ᠤᠨ ᠷᠠᠳᠢᠤ᠋ | ᠲᠧᠯᠸᠢᠰ ᠬᠤᠷᠢᠶᠠᠨ ᠤ ᠮᠣᠩᠭᠤᠯ ᠶᠡᠷᠦᠩᠬᠡᠢ ᠨᠠᠶᠢᠷᠠᠭᠤᠯᠬᠤ ᠬᠡᠯᠳᠡᠰ ᠤᠨ ᠵᠠᠯᠠᠭᠤ ᠬᠦᠳᠦᠯᠦᠭᠴᠢ᠂ ︽ᠴᠡᠴᠡᠨ | ᠬᠡᠣᠬᠡᠳ︾ ᠪᠦᠲᠦᠬᠡᠯᠴᠢ ᠦᠷᠬᠦᠬᠡ ᠶᠢ ᠡᠬᠦᠰᠬᠡᠨ ᠪᠠᠶᠢᠭᠤᠯᠣᠭᠴᠢ ᠣᠶᠠᠩᠭ᠎ᠠ ᠶᠢᠨ ᠣᠷᠳᠣᠰ ᠨᠣᠳᠤᠭ ᠲᠠᠭᠠᠨ | ᠵᠣᠬᠢᠶᠠᠨ ᠪᠠᠶᠢᠭᠤᠯᠣᠨ ᠡᠷᠬᠢᠯᠡᠭᠰᠡᠨ ᠮᠣᠩᠭᠤᠯ ᠪᠠᠭᠠᠴᠣᠳ ᠬᠡᠣᠬᠡᠳ ᠤᠨ ᠶᠠᠷᠢᠬᠤ ᠣᠷᠠᠯᠢᠭ ᠤᠨ ᠴᠢᠭᠯᠡᠯ ᠤᠨ | ᠰᠣᠷᠭᠠᠯᠳᠠ ᠶᠢᠨ ᠠᠩᠬᠢ ᠶᠣᠮ᠃ | | | | | | | | | ︽ᠴᠡᠴᠡᠨ ᠬᠡᠣᠬᠡᠳ︾ ᠶᠠᠷᠢᠬᠤ ᠣᠷᠠᠯᠢᠭ ᠤᠨ ᠶᠡᠷᠦᠩᠬᠡᠶᠢᠯᠡᠭᠰᠡᠨ ᠠᠩᠬᠢ ᠶᠢᠨ ︽ᠣᠷᠳᠣᠰ ᠰᠡᠳᠬᠢᠯᠬᠡᠨ ᠤ | ᠣᠶᠠᠩᠭᠠᠨ ᠦᠴᠢᠯ︾ ᠬᠡᠬᠦ ᠣᠷᠠᠨ ᠣᠩᠰᠢᠯᠭ᠎ᠠ ᠶᠢᠨ CD ᠴᠣᠮᠤᠭ ᠲᠤ ᠦᠦᠰᠢᠨ ᠬᠤᠰᠢᠭᠤᠨ ᠤ ᠮᠣᠩᠭᠤᠯ | ᠦᠨᠳᠦᠰᠦᠳᠡᠨ ᠤ ᠳᠣᠷᠰᠢᠯᠳᠠ ᠶᠢᠨ ᠪᠠᠭ᠎ᠠ ᠰᠣᠷᠭᠠᠭᠤᠯᠢ ᠶᠢᠨ ᠰᠣᠷᠣᠭᠴᠢᠳ ᠢᠶᠠᠷ ᠭᠤᠣᠯᠯᠠᠭᠰᠠᠨ ︽ᠴᠡᠴᠡᠨ | ᠬᠡᠣᠬᠡᠳ︾ ᠶᠠᠷᠢᠬᠤ ᠣᠷᠠᠯᠢᠭ ᠤᠨ ᠶᠡᠷᠦᠩᠬᠡᠶᠢᠯᠡᠭᠰᠡᠨ ᠠᠩᠬᠢ ᠶᠢᠨ ᠳᠦᠴᠢᠬᠡᠳ ᠰᠢᠯᠢᠳᠡᠭ ᠰᠣᠷᠣᠭᠴᠢ ᠶᠢ | ᠰᠣᠩᠭᠤᠨ ᠰᠢᠯᠭᠠᠷᠠᠭᠤᠯᠵᠦ ᠦᠦᠰᠢᠨ ᠨᠣᠳᠤᠭ ᠤᠨ ᠦᠶ᠎ᠡ ᠦᠶ᠎ᠡ ᠶᠢᠨ ᠰᠢᠯᠢᠳᠡᠭ ᠢᠷᠡᠭᠤ ᠨᠠᠶᠢᠷᠠᠭᠴᠢᠳ ᠤᠨ 24 | ᠪᠦᠲᠦᠭᠡᠯ ᠢ ᠪᠠᠷᠢᠮᠵᠶᠠ ᠠᠪᠢᠶ᠎ᠠ ᠪᠠᠷ ᠣᠷᠠᠨ ᠣᠩᠰᠢᠵᠦ ᠡᠬᠡ ᠬᠡᠯᠡᠨ ᠤ ᠢᠷᠠᠭᠤ ᠲᠠᠩᠰᠤᠭ ᠢ ᠭᠠᠶᠢᠬᠠᠭᠤᠯᠣᠭᠰᠠᠨ | ᠪᠠᠶᠢᠨ᠎ᠠ᠃ | | |