ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ ᠵᠢᠴᠢ 2019 ᠤᠨ ᠤ ︽ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ︾ ᠤᠨ ᠰᠢᠷᠢᠰ ᠠᠵᠢᠯᠯᠠᠭ᠎ᠠ ᠤᠯᠠᠭᠠᠨᠳᠤᠯᠤᠭᠠᠢ ᠪᠠᠯᠭᠠᠰᠤᠨ ᠳᠤ ᠠᠮᠵᠢᠯᠲᠠ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2019-10-08
     9 ᠰᠠᠷ᠎ᠠ ᠶᠢᠨ 28 ᠤ ᠡᠳᠦᠷ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ ᠵᠢᠴᠢ 2019 ᠤᠨ ᠤ ︽ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ︾ ᠤᠨ ᠰᠢᠷᠢᠰ ᠠᠵᠢᠯᠯᠠᠭ᠎ᠠ‌ᠤᠯᠠᠭᠠᠨᠳᠤᠯᠤᠭᠠᠢ ᠪᠠᠯᠭᠠᠰᠤᠨ ᠤ ᠪᠠᠶᠠᠨᠭᠤᠤᠯ ᠭᠠᠴᠠᠭ᠎ᠠ ᠳᠤ ᠠᠮᠵᠢᠯᠲᠠ ᠲᠠᠢ ᠶᠠᠪᠤᠭᠳᠠᠪᠠ᠃
     ᠲᠣᠰ ᠤᠳᠠᠭᠠᠨ ᠤ ᠠᠵᠢᠯᠯᠠᠭ᠎ᠠ ᠶᠢᠨ ᠬᠤᠭᠤᠴᠠᠭᠠᠨ ᠳᠤ ︽ᠮᠠᠯ ᠲᠠᠷᠢᠶᠠᠯᠠᠩ᠂ ᠮᠠᠯᠵᠢᠬᠤ ᠲᠠᠷᠢᠶᠠᠯᠠᠬᠤ ᠤᠷᠤᠨ᠂ ᠮᠠᠯᠴᠢᠨ ᠲᠠᠷᠢᠶᠠᠴᠢᠨ︾ ᠤ ᠰᠢᠷᠢᠰ ᠫᠷᠤᠭ᠍ᠷᠠᠮ ᠢ ᠤᠬᠠᠭᠤᠯᠤᠨ ᠨᠡᠪᠲᠡᠷᠡᠭᠦᠯᠬᠦ ᠠᠵᠢᠯᠯᠠᠭ᠎ᠠ᠂  ︽ᠮᠠᠯ ᠲᠠᠷᠢᠶᠠᠯᠠᠩ᠂ ᠮᠠᠯᠵᠢᠬᠤ ᠲᠠᠷᠢᠶᠠᠯᠠᠬᠤ ᠤᠷᠤᠨ᠂ ᠮᠠᠯᠴᠢᠨ ᠲᠠᠷᠢᠶᠠᠴᠢᠨ︾ ᠤ ᠠᠮᠵᠢᠯᠲᠠ ᠪᠦᠲᠦᠮᠵᠢ ᠶᠢᠨ ᠭᠡᠷᠡᠯ ᠵᠢᠷᠤᠭ ᠤᠨ ᠦᠵᠡᠭᠦᠯᠦᠯᠭᠡ ᠶᠢᠨ ᠠᠵᠢᠯᠯᠠᠭ᠎ᠠ᠂ ᠤᠨᠴᠠᠯᠢᠭᠳᠤ ᠲᠠᠷᠢᠶᠠᠯᠠᠩ ᠤᠨ ᠪᠦᠲᠦᠭᠡᠭᠳᠡᠬᠦᠨ ᠢ ᠳᠡᠯᠭᠡᠨ ᠪᠣᠷᠣᠯᠠᠭᠤᠯᠬᠤ ᠠᠵᠢᠯᠯᠠᠭ᠎ᠠ᠂ ᠮᠠᠯᠴᠢᠨ ᠲᠠᠷᠢᠶᠠᠴᠢᠨ ᠢ ᠬᠠᠯᠠᠮᠵᠢᠯᠠᠨ ᠬᠠᠶᠢᠷᠠᠯᠠᠬᠤ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ᠂ ᠠᠷᠪᠠᠨ ᠰᠢᠯᠢᠳᠡᠭ ᠮᠠᠯᠴᠢᠨ ᠲᠠᠷᠢᠶᠠᠴᠢᠨ ᠢ ᠬᠥᠬᠢᠭᠦᠯᠦᠨ ᠰᠠᠶᠢᠰᠢᠶᠠᠬᠤ ᠠᠵᠢᠯᠯᠠᠭ᠎ᠠ᠂ 2019 ᠤᠨ  ᠤ ᠮᠠᠯ ᠲᠠᠷᠢᠶᠠᠯᠠᠩ ᠠᠵᠤ ᠠᠬᠤᠢ ᠶᠢᠨ ᠡᠯᠪᠡᠭ ᠬᠤᠷᠢᠶᠠᠯᠲᠠ ᠶᠢᠨ ᠳᠠᠭᠤᠤ ᠶᠢᠨ ᠴᠤᠭᠯᠠᠭᠠᠨ᠂ ︽ᠮᠢᠨᠦ ᠡᠯᠪᠡᠭ ᠬᠤᠷᠢᠶᠠᠯᠲᠠ ᠶᠢᠨ ᠪᠠᠶᠠᠷ︾ ᠭᠡᠬᠦ ᠲᠣᠮᠣ ᠬᠡᠯᠪᠡᠷᠢ ᠶᠢᠨ ᠰᠢᠷᠢᠰ ᠪᠦᠲᠦᠭᠡᠯ ᠢ ᠰᠢᠯᠭᠠᠷᠠᠭᠤᠯᠤᠨ ᠰᠤᠩᠭᠤᠬᠤ ᠪᠠ ᠣᠷᠳᠣᠰ ᠬᠤᠲᠠ ᠶᠢᠨ ︽ᠤᠰᠤᠨ ᠵᠢᠷᠤᠭ᠎ᠠ︾ ᠲᠧᠯᠸᠢᠰ ᠱᠠᠩᠨᠠᠯᠲᠤ ᠤᠷᠤᠯᠳᠤᠭᠠᠨ᠂ ᠤᠯᠠᠭᠠᠨᠳᠤᠯᠤᠭᠠᠢ ᠪᠠᠯᠭᠠᠰᠤᠨ  ᠤ ᠭᠠᠷ ᠤᠷᠠᠯᠠᠯ ᠤᠨ ᠪᠦᠲᠦᠭᠡᠭᠳᠡᠭᠦᠨ ᠢ ᠲᠡᠯᠭᠡᠨ ᠪᠤᠷᠤᠯᠠᠭᠤᠯᠬᠤ ᠠᠵᠢᠯᠯᠠᠭ᠎ᠠ᠂ ᠤᠯᠠᠭᠠᠨᠳᠤᠯᠤᠭᠠᠢ ᠪᠠᠯᠭᠠᠰᠤᠨ ᠤ ᠨᠤᠲᠤᠭ ᠤᠨ ᠭᠠᠷᠤᠯᠲᠠ ᠶᠢ ᠠᠳᠠᠯᠢᠳᠬᠠᠨ ᠰᠢᠯᠭᠠᠷᠠᠭᠤᠯᠬᠤ ᠠᠵᠢᠯᠯᠠᠭ᠎ᠠ ᠵᠡᠷᠭᠡ ᠤᠯᠠᠨ ᠤᠳᠬ᠎ᠠ ᠲᠡᠬᠦᠯᠳᠡᠷ ᠠᠵᠢᠯᠯᠠᠭ᠎ᠠ ᠶᠢ ᠡᠷᠬᠢᠯᠡᠨ ᠶᠠᠪᠤᠭᠳᠠᠭᠤᠯᠵᠤ ᠪᠥᠬᠦ ᠬᠤᠰᠢᠭᠤᠨ ᠤ ᠮᠠᠯ ᠲᠠᠷᠢᠶᠠᠯᠠᠩ ᠠᠵᠤ ᠠᠬᠤᠢ ᠶᠢᠨ ᠬᠥᠭᠵᠢᠯᠲᠡ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠦᠷ᠎ᠡ ᠪᠦᠲᠦᠭᠡᠯ ᠢ ᠬᠦᠢᠴᠡᠳ ᠢᠯᠡᠷᠡᠭᠦᠯᠵᠦ ᠨᠡᠶᠢᠭᠡᠮ ᠤᠨ ᠡᠯ᠎ᠡ ᠡᠲᠡᠭᠡᠳ ᠤᠨ ᠬᠢᠨ ᠤ ᠮᠠᠯ ᠲᠠᠷᠢᠶᠠᠯᠠᠩ ᠠᠵᠤ ᠠᠬᠤᠶ ᠶᠢ ᠴᠢᠬᠤᠯᠠᠴᠢᠯᠠᠬᠰᠠᠨ᠂ ᠮᠠᠯᠵᠢᠬᠤ ᠲᠠᠷᠢᠶᠠᠯᠠᠬᠤ ᠣᠷᠣᠨ ᠢ ᠬᠠᠯᠠᠮᠵᠢᠯᠠᠬᠰᠠᠨ᠂ ᠮᠠᠯᠴᠢᠨ ᠲᠠᠷᠢᠶᠠᠴᠢᠨ ᠢ ᠬᠠᠶᠢᠷᠠᠯᠠᠬᠰᠠᠨ ᠭᠦᠨ ᠵᠤᠵᠠᠭᠠᠨ ᠠᠭᠤᠷ ᠠᠮᠢᠰᠬᠤᠯ ᠢ ᠪᠦᠷᠢᠯᠳᠦᠬᠦᠯᠦᠨ ᠥᠷᠭᠡᠨ ᠣᠯᠠᠨ ᠮᠠᠯᠴᠢᠨ ᠲᠠᠷᠢᠶᠠᠴᠢᠨ ᠤ ᠮᠠᠯ ᠲᠠᠷᠢᠶᠠᠯᠠᠩ ᠠᠵᠤ ᠠᠬᠤᠶ ᠶᠢ ᠬᠥᠭᠵᠢᠭᠦᠯᠬᠦ᠂ ᠮᠠᠯᠵᠢᠬᠤ ᠲᠠᠷᠢᠶᠠᠯᠠᠬᠤ ᠣᠷᠣᠨ ᠢ ᠪᠦᠲᠦᠭᠡᠨ ᠪᠠᠶᠢᠭᠤᠯᠬᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠬᠦᠢᠴᠡᠳ ᠳᠠᠶᠢᠴᠢᠯᠠᠵᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠤ ᠢᠯᠠᠯᠲᠠ ᠶᠢ ᠣᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠦᠴᠦᠷᠬᠡᠭ ᠶᠡᠭᠡ ᠨᠡᠶᠢᠯᠡᠮᠡᠯ ᠬᠦᠴᠦᠨ ᠢ ᠥᠷᠭᠡᠨ ᠢᠶᠠᠷ ᠬᠤᠷᠠᠮᠳᠤᠭᠤᠯᠵᠤ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠠᠶᠠᠷᠯᠠᠨ ᠪᠡᠯᠭᠡᠯᠡᠭᠰᠡᠨ ᠪᠠᠶᠢᠨ᠎ᠠ᠃
   
 
ᠢᠷᠡᠯᠲᠡ᠄ ᠳᠣᠰ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号