ᠨᠠᠰᠤᠲᠠᠨ ᠢᠶᠠᠨ ᠬᠦᠨᠳᠦᠯᠡᠵᠦ ᠨᠢᠯᠬᠠᠰ ᠢᠶᠠᠨ ᠬᠠᠶᠢᠷᠠᠯᠠᠬᠤ ᠪᠣᠯ ᠮᠠᠨ ᠤ ᠦᠨᠳᠦᠰᠦᠲᠡᠨ ᠤ ᠰᠢᠯᠢᠳᠡᠭ | ᠰᠠᠶᠢᠬᠠᠨ ᠤᠯᠠᠮᠵᠢᠯᠠᠯ ᠪᠢᠯᠡ᠃ ᠬᠤᠰᠢᠭᠤ ᠮᠣᠩᠭᠤᠯ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠨᠢ | ᠣᠨᠴᠠᠭᠠᠢ ᠠᠷᠭ᠎ᠠ ᠪᠠᠷ ᠡᠨᠡᠬᠦ ᠰᠢᠯᠢᠳᠡᠭ ᠤᠯᠠᠮᠵᠢᠯᠠᠯ ᠢᠶᠠᠨ ᠬᠡᠦᠬᠡᠳ ᠤᠨ ᠰᠡᠳᠬᠢᠯ ᠳᠤ ᠬᠠᠳᠠᠩᠰᠢᠭᠤᠯᠤᠯᠠ᠃ | ᠣᠶᠢᠷ᠎ᠠ ᠳᠤ᠂ ᠬᠤᠰᠢᠭᠤ ᠶᠡᠷᠦᠩᠬᠡᠶᠢᠯᠡᠭᠰᠡᠨ ᠨᠡᠶᠢᠭᠡᠮ ᠤᠨ ᠠᠰᠠᠷᠠᠮᠵᠢ ᠶᠢᠨ ᠲᠥᠪ ᠲᠤ ᠬᠤᠰᠢᠭᠤ ᠮᠣᠩᠭᠤᠯ | ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠰᠤᠷᠤᠭᠴᠢᠳ ᠭᠡᠷ ᠤᠨ ᠠᠬᠠᠮᠠᠳ ᠤᠨ ᠵᠢᠯᠣᠭᠤᠳᠤᠯᠭ᠎ᠠ | ᠳᠣᠣᠷ᠎ᠠ ᠥᠪᠡᠷᠰᠡᠳ ᠢᠶᠠᠨ ᠭᠠᠷ ᠬᠥᠳᠡᠯᠦᠨ ᠬᠤᠭᠤᠯᠠ ᠪᠤᠳᠠᠭ᠎ᠠ ᠪᠡᠯᠡᠳᠬᠡᠵᠦ ᠬᠠᠶᠢᠷ᠎ᠠ ᠰᠢᠩᠭᠡᠭᠡᠭᠰᠡᠨ ᠬᠠᠯᠠᠭᠤᠨ | ᠪᠤᠳᠠᠭ᠎ᠠ ᠪᠠᠷ ᠨᠠᠰᠤᠲᠠᠨ ᠪᠤᠭᠤᠷᠤᠯᠴᠤᠳ ᠢᠶᠠᠨ ᠪᠠᠶᠠᠷᠯᠠᠭᠤᠯᠤᠭᠰᠠᠨ ᠪᠠᠶᠢᠨ᠎ᠠ᠃ | ᠠᠵᠢᠯᠯᠠᠭᠠᠨ ᠳᠡᠭᠡᠷ᠎ᠡ ᠬᠤᠰᠢᠭᠤ ᠮᠣᠩᠭᠤᠯ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ | ᠪᠠᠭᠰᠢ ᠰᠤᠷᠤᠭᠴᠢ ᠠᠴᠠ ᠪᠠᠰᠠ ᠳᠠᠭᠤᠤ ᠪᠦᠵᠢᠭ ᠤᠨ ᠲᠣᠭᠯᠠᠯᠲᠠ ᠪᠠᠷ ᠢᠶᠠᠨ ᠠᠰᠠᠷᠠᠮᠵᠢ ᠶᠢᠨ ᠲᠥᠪ ᠤᠨ | ᠨᠠᠰᠤᠲᠠᠶᠢᠴᠤᠳ ᠤᠨ ᠰᠡᠳᠬᠢᠯ ᠢ ᠨᠢ ᠳᠤᠯᠠᠭᠠᠴᠠᠭᠤᠯᠵᠤ ᠨᠡᠶᠢᠭᠡᠮ ᠤᠨ ᠬᠠᠶᠢᠷ᠎ᠠ ᠬᠠᠯᠠᠮᠵᠢ ᠶᠢ ᠮᠡᠳᠡᠷᠡᠭᠦᠯᠦᠨ ᠬᠤᠶᠢᠴᠢ | ᠦᠶ᠎ᠡ ᠢᠷᠡᠭᠡᠳᠦᠢ ᠶᠢᠨ ᠬᠢᠨ ᠤ ᠰᠤᠷᠭᠠᠯ ᠬᠥᠮᠥᠵᠢᠯ ᠢ ᠬᠠᠷᠠᠭᠤᠯᠤᠭᠰᠠᠨ ᠪᠠᠶᠢᠨ᠎ᠠ᠃ | ᠬᠤᠰᠢᠭᠤ ᠮᠣᠩᠭᠤᠯ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠪᠠᠭᠰᠢ ᠴᠡᠴᠡᠭᠮ᠎ᠡ᠄ ︽ | ᠣᠳᠣ ᠶᠢᠨ ᠬᠡᠦᠬᠡᠳ ᠤᠳ ᠠᠮᠢᠳᠤᠷᠠᠯ ᠳᠤ ᠪᠡᠶ᠎ᠡ ᠪᠠᠷ ᠢᠶᠠᠨ ᠣᠷᠣᠯᠴᠠᠵᠤ ᠠᠮᠢᠳᠤᠷᠠᠬᠤᠢ ᠶᠢᠨ ᠤᠬᠠᠭᠠᠨ ᠢ ᠮᠡᠳᠡᠬᠦ | ᠲᠠᠯ᠎ᠠ ᠪᠠᠷ ᠲᠤᠳᠠᠮᠠᠭ ᠪᠠᠶᠢᠵᠦ ᠬᠡᠦᠬᠡᠳ ᠲᠤ ᠬᠠᠮᠤᠭ ᠤᠨ ᠦᠨᠳᠦᠰᠦᠨ ᠬᠤᠭᠤᠯᠠ ᠤᠮᠳᠠ ᠪᠠᠨ ᠥᠪᠡᠷ ᠢᠶᠠᠨ ᠬᠢᠵᠦ | ᠴᠢᠳᠠᠬᠤ ᠴᠢᠳᠠᠪᠤᠷᠢ ᠶᠢᠨ ᠬᠥᠮᠥᠵᠢᠯ ᠬᠢᠬᠦ ᠶᠢᠨ ᠬᠠᠮᠲᠤ ᠠᠬᠠᠮᠠᠳ ᠨᠠᠰᠤᠲᠠᠨ ᠢᠶᠠᠨ ᠬᠦᠨᠳᠦᠯᠡᠬᠦ᠂ ᠥᠷᠥᠭᠡᠯ | ᠪᠤᠰᠤᠳ ᠢ ᠥᠷᠥᠪᠳᠡᠵᠦ ᠬᠠᠶᠢᠷᠠᠯᠠᠬᠤ ᠬᠥᠮᠥᠵᠢᠯ ᠢ ᠣᠯᠭᠤᠬᠤ ᠶᠢᠨ ᠲᠦᠯᠦᠬᠡ ᠲᠤᠰ ᠠᠵᠢᠯᠯᠠᠭ᠎ᠠ ᠶᠢ ᠵᠣᠬᠢᠶᠠᠨ | ᠪᠠᠶᠢᠭᠤᠯᠵᠤ ᠬᠢᠭᠰᠡᠨ ᠪᠠᠶᠢᠨ᠎ᠠ︾ ᠬᠡᠵᠦ ᠪᠠᠶᠢᠪᠠ᠃ |