9 ᠰᠠᠷ᠎ᠠ ᠶᠢᠨ 30 ᠤ ᠡᠳᠦᠷ᠂ ᠭᠠᠯᠠᠭᠤᠲᠣ ᠪᠠᠯᠭᠠᠰᠣᠨ ᠤ ᠳᠣᠭᠤᠶᠢᠯᠠᠩ ᠨᠡᠶᠢᠬᠡᠮ ᠳᠣᠭᠤᠷᠢᠭ ᠤᠨ | ᠬᠤᠶᠠᠳᠣᠭᠠᠷ ᠬᠤᠭᠤᠴᠠᠭᠠᠨ ᠤ ︽ᠠᠶᠢᠯ ᠰᠠᠭᠠᠬᠠᠯᠳᠠ ᠪᠠᠨ ᠬᠠᠷᠠᠵᠦ ᠬᠠᠷᠠᠭᠠᠯᠵᠠᠭᠰᠠᠨ ᠵᠢᠷᠭᠠᠯᠠᠩᠲᠣ ᠨᠡᠶᠢᠬᠡᠮ | ᠳᠣᠭᠤᠷᠢᠭ︾ ᠰᠣᠶᠣᠯ ᠣᠷᠠᠯᠢᠭ ᠤᠨ ᠴᠣᠭᠯᠠᠭᠠᠨ ᠵᠢᠴᠢ ︽ᠦᠨᠳᠦᠰᠦᠳᠡᠨ ᠤ ᠪᠦᠯᠬᠦᠮᠳᠡᠯ ᠬᠤᠨᠳᠠᠭᠠᠲᠣ︾ | ᠰᠠᠭᠤᠭᠠᠯᠢ ᠠᠷᠠᠳ ᠤᠨ ᠪᠡᠶ᠎ᠡ ᠳᠠᠮᠢᠷ ᠤᠨ ᠣᠷᠣᠯᠳᠣᠭᠠᠨ ᠶᠠᠪᠣᠭᠳᠠᠭᠰᠠᠨ ᠪᠠᠶᠢᠨ᠎ᠠ᠃ ᠬᠤᠰᠢᠭᠤ ᠠᠷᠠᠳ ᠤᠨ | ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠳᠣᠪᠴᠢᠶ᠎ᠠ | ᠂ ᠵᠠᠰᠠᠭ ᠤᠨ ᠶᠠᠪᠣᠳᠠᠯ ᠤᠨ ᠦᠢᠯᠡᠴᠢᠯᠡᠬᠡᠨ ᠤ ᠳᠣᠪᠴᠢᠶ᠎ᠠ᠂ ᠡᠷᠡᠬᠦᠯ ᠬᠠᠮᠠᠭᠠᠯᠠᠯ ᠡᠷᠡᠬᠦᠯ ᠮᠡᠨᠳᠣ ᠶᠢᠨ ᠵᠥᠪᠯᠠᠯ ᠤᠨ | ᠶᠡᠷᠦᠩᠬᠡᠶᠢᠯᠡᠭᠰᠡᠨ ᠬᠠᠣᠯᠢ ᠬᠡᠷᠡᠭᠵᠢᠬᠦᠯᠬᠦ ᠳᠣᠪᠴᠢᠶ᠎ᠠ᠂ ᠬᠠᠩᠭᠠᠨ ᠪᠣᠷᠣᠯᠠᠭᠤᠯᠬᠤ ᠬᠤᠷᠰᠢᠶ᠎ᠠ᠂ ᠰᠣᠷᠭᠠᠨ ᠬᠦᠮᠦᠵᠢᠯ | ᠪᠡᠶ᠎ᠡ ᠳᠠᠮᠢᠷ ᠤᠨ ᠳᠣᠪᠴᠢᠶ᠎ᠠ᠂ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ᠂ ᠭᠠᠯᠠᠭᠤᠲᠣ ᠪᠠᠯᠭᠠᠰᠣ᠂ ᠬᠤᠶᠠᠳᠣᠭᠠᠷ | ᠳᠣᠮᠢᠯᠠᠭᠰᠠᠨ ᠰᠠᠯᠪᠣᠷᠢ ᠶᠢᠨ ᠬᠠᠮᠢᠶ᠎ᠠ ᠪᠦᠬᠦᠢ ᠬᠠᠷᠢᠭᠤᠴᠠᠯᠭᠠᠳᠠᠨ ᠵᠢᠴᠢ ᠳᠣᠭᠤᠶᠢᠯᠠᠩ ᠨᠡᠶᠢᠬᠡᠮ ᠳᠣᠭᠤᠷᠢᠭ ᠤᠨ | ᠰᠠᠭᠤᠭᠠᠯᠢ ᠠᠷᠠᠳ ᠠᠵᠢᠯᠯᠠᠭᠠᠨ ᠤ ᠡᠬᠢᠯᠡᠯᠳᠡ ᠶᠢᠨ ᠶᠣᠰᠣᠯᠠᠯ ᠳᠤ ᠣᠷᠣᠯᠴᠠᠪᠠ᠃ | ᠠᠵᠢᠯᠯᠠᠭ᠎ᠠ ᠳᠤ ᠬᠤᠰᠢᠭᠤ ᠣᠯᠠᠭᠠᠨᠮᠦ᠋ᠴᠢᠷ ᠠᠴᠠ ᠭᠤᠴᠣ ᠰᠠᠶᠢᠬᠠᠨ ᠳᠣᠭᠯᠠᠯᠳᠠ ᠭᠠᠷᠭᠠᠵᠦ ᠳᠣᠭᠤᠶᠢᠯᠠᠩ | ᠨᠡᠶᠢᠬᠡᠮ ᠳᠣᠭᠤᠷᠢᠭ ᠠᠴᠠ ᠱᠠᠭ᠎ᠠ ᠬᠠᠶᠠᠬᠤ᠂ ᠵᠡᠬᠦᠦ ᠰᠦᠪᠡᠯᠡᠬᠦ᠂ ᠳᠡᠪᠡᠭ ᠢᠰᠬᠦᠯᠬᠦ ᠵᠡᠷᠭᠡ ᠬᠤᠪᠢ ᠬᠦᠮᠦᠨ ᠤ | ᠳᠣᠷ᠎ᠠ ᠰᠣᠨᠢᠷᠬᠠᠯᠲᠣ ᠳᠠᠮᠢᠷ ᠤᠨ ᠣᠷᠣᠯᠳᠣᠭᠠᠨ ᠪᠠ ᠳᠡᠭᠡᠰᠦ ᠳᠠᠳᠠᠬᠤ᠂ ᠦᠳᠦᠨ ᠪᠦᠮᠪᠦᠭᠡ᠂ ᠫᠢᠩᠫᠠᠩ ᠪᠦᠮᠪᠦᠬᠡᠨ | ᠤᠷᠤᠯᠳᠤᠭᠠᠨ ᠵᠡᠷᠭᠡ ᠬᠠᠮᠲᠣ ᠶᠢᠨ ᠳᠠᠮᠢᠷ ᠤᠨ ᠣᠷᠣᠯᠳᠣᠭᠠᠨ ᠦᠷᠨᠢᠬᠦᠯᠤᠨ ᠰᠠᠭᠤᠭᠠᠯᠢ ᠠᠷᠠᠳ ᠢᠳᠡᠪᠬᠢᠯᠡᠨ | ᠣᠷᠣᠯᠴᠠᠵᠦ ᠬᠠᠮᠳᠣᠪᠠᠷ ᠣᠯᠣᠰ ᠪᠠᠶᠢᠭᠤᠯᠣᠭᠳᠠᠭᠰᠠᠨ 70 ᠵᠢᠯ ᠤᠨ ᠣᠢ ᠶᠢ ᠪᠡᠯᠭᠡᠯᠡᠭᠰᠡᠨ ᠪᠠᠶᠢᠨ᠎ᠠ᠃ |