10 ᠰᠠᠷ᠎ᠠ ᠶᠢᠨ 4 ᠤ ᠡᠳᠤᠷ ᠠᠴᠠ 7 ᠤ ᠡᠳᠤᠷ ᠪᠤᠯᠳᠠᠯ᠎ᠠ᠂ ᠤᠯᠤᠰ ᠤᠨ ᠲᠡᠷᠢᠬᠦᠯᠡᠭᠴᠢ ᠰᠢ ᠶᠢᠨ ᠫᠢᠩ | ᠪᠤᠯᠭᠠᠷᠢᠶ᠎ᠠ᠂ ᠷᠤᠮᠠᠨᠢᠶ᠎ᠠ᠂ ᠴᠧᠺ᠂ ᠰᠯᠤᠸᠠᠺᠢᠶᠠ᠂ ᠬᠠᠩᠭᠠᠷᠢ ᠪᠤᠯᠤᠨ ᠫᠤᠯᠠᠨᠳ᠋ ᠵᠡᠷᠭᠡ ᠵᠢᠷᠭᠤᠭᠠᠨ ᠤᠯᠤᠰ ᠤᠨ | ᠤᠯᠤᠰ ᠤᠨ ᠲᠡᠷᠢᠬᠦᠨ ᠲᠠᠢ ᠬᠠᠷᠢᠯᠴᠠᠨ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠵᠤ᠂ ᠳᠤᠮᠳᠠᠳᠤ ᠤᠯᠤᠰ ᠲᠤᠰ | ᠵᠢᠷᠭᠤᠭᠠᠨ ᠤᠯᠤᠰ ᠯᠤᠭ᠎ᠠ ᠬᠠᠷᠢᠯᠴᠠᠭ᠎ᠠ ᠪᠠᠶᠢᠭᠤᠯᠤᠬᠰᠠᠨ 70 ᠵᠢᠯ ᠤᠨ ᠤᠢ ᠶᠢ ᠪᠡᠯᠬᠡᠯᠡᠪᠡ᠃ | ᠰᠢ ᠶᠢᠨ ᠫᠢᠩ ᠳᠤᠮᠳᠠᠳᠤ ᠤᠯᠤᠰ ᠤᠨ ᠵᠠᠰᠠᠬ ᠤᠨ ᠤᠷᠳᠤᠨ ᠪᠤᠯᠤᠨ ᠳᠤᠮᠳᠠᠳᠤ ᠤᠯᠤᠰ ᠤᠨ ᠠᠷᠠᠳ | ᠲᠦᠮᠡᠨ ᠢ ᠲᠦᠯᠤᠬᠡᠯᠠᠨ ᠵᠢᠷᠭᠤᠭᠠᠨ ᠤᠯᠤᠰ ᠤᠨ ᠵᠠᠰᠠᠬ ᠤᠨ ᠤᠷᠳᠤᠨ ᠪᠤᠯᠤᠨ ᠠᠷᠠᠳ ᠲᠦᠮᠡᠨ ᠳᠤ ᠬᠠᠯᠠᠭᠤᠨ | ᠪᠠᠶᠠᠷ ᠬᠦᠷᠬᠡᠵᠤ ᠰᠠᠶᠢᠨ ᠰᠠᠶᠢᠬᠠᠨ ᠵᠦᠩᠨᠡᠯ ᠲᠡᠪᠰᠢᠬᠦᠯᠵᠠᠢ᠃ ᠰᠢ ᠶᠢᠨ ᠫᠢᠩ᠂ ᠵᠢᠷᠭᠤᠭᠠᠨ ᠤᠯᠤᠰ ᠪᠤᠯ | ᠬᠠᠮᠤᠬ ᠤᠨ ᠡᠷᠳᠡ ᠰᠢᠨ᠎ᠠ ᠳᠤᠮᠳᠠᠳᠤ ᠤᠯᠤᠰ ᠢ ᠮᠡᠳᠡᠷᠡᠬᠦ ᠶᠢᠨ ᠬᠠᠮᠳᠦ ᠰᠢᠨ᠎ᠠ ᠳᠤᠮᠳᠠᠳᠤ ᠤᠯᠤᠰ ᠲᠠᠢ ᠭᠠᠳᠠᠭᠠᠳᠤ | ᠬᠠᠷᠢᠯᠴᠠᠭ᠎ᠠ ᠪᠠᠶᠢᠭᠤᠯᠤᠬᠰᠠᠨ ᠤᠯᠤᠰ ᠤᠳ ᠪᠤᠯᠤᠨ᠎ᠠ᠃ ᠬᠠᠷᠢᠯᠴᠠᠭ᠎ᠠ ᠪᠠᠶᠢᠭᠤᠯᠤᠬᠰᠠᠨ 70 ᠵᠢᠯ ᠤᠨ ᠲᠤᠷᠰᠢ᠂ | ᠳᠤᠮᠳᠠᠳᠤ ᠤᠯᠤᠰ ᠵᠢᠷᠭᠤᠭᠠᠨ ᠤᠯᠤᠰ ᠯᠤᠭ᠎ᠠ ᠬᠠᠷᠢᠯᠴᠠᠨ ᠬᠦᠨᠳᠤᠳᠬᠡᠬᠦ᠂ ᠡᠷᠬᠡ ᠲᠡᠭᠰᠢ ᠪᠠᠷ ᠬᠠᠨᠳᠤᠬᠤ᠂ | ᠬᠠᠷᠢᠯᠴᠠᠨ ᠠᠰᠢᠬᠳᠠᠢ ᠬᠠᠮᠳᠤ ᠪᠠᠷ ᠠᠰᠢᠬ ᠬᠦᠷᠳᠡᠬᠦ ᠵᠠᠷᠴᠢᠮ ᠢ ᠪᠠᠷᠢᠮᠳᠠᠯᠠᠨ ᠬᠤᠶᠠᠷ ᠲᠠᠯ᠎ᠠ ᠶᠢᠨ ᠬᠠᠷᠢᠯᠴᠠᠭᠠᠨ ᠤ | ᠬᠦᠭᠵᠢᠯᠳᠠ ᠶᠢ ᠲᠠᠰᠤᠷᠠᠯᠳᠠ ᠦᠬᠡᠢ ᠠᠬᠢᠭᠤᠯᠵᠤ᠂ ᠳᠤᠮᠳᠠᠳᠤ ᠤᠯᠤᠰ ᠪᠤᠯᠤᠨ ᠵᠢᠷᠭᠤᠭᠠᠨ ᠤᠯᠤᠰ ᠤᠨ ᠠᠷᠠᠳ | ᠲᠦᠮᠡᠨ ᠳᠤ ᠦᠨᠡᠨ ᠪᠤᠳᠠᠳᠠᠢ ᠠᠰᠢᠬ ᠲᠤᠰᠠ ᠤᠯᠭᠤᠭᠰᠠᠠ ᠪᠠᠶᠢᠨ᠎ᠠ᠃ ᠤᠳᠤᠬᠠᠨ ᠳᠤ᠂ ᠬᠤᠶᠠᠷ ᠲᠠᠯ᠎ᠠ ᠶᠢᠨ | ᠲᠡᠭᠡᠳᠤ ᠲᠠᠪᠬᠤᠷᠭ᠎ᠠ ᠶᠢᠨ ᠶᠠᠪᠤᠯᠴᠠᠭ᠎ᠠ ᠨᠢᠬᠳᠠ ᠪᠤᠯᠵᠤ᠂ ᠡᠯ᠎ᠠ ᠬᠦᠷᠢᠶ᠎ᠠ ᠴᠠᠷᠠᠭ᠎ᠠ ᠳᠠᠬᠢ ᠬᠠᠷᠢᠯᠴᠠᠨ ᠠᠰᠢᠬᠳᠠᠢ | ᠬᠠᠮᠳᠤᠷᠠᠯᠴᠠᠭ᠎ᠠ ᠡᠯᠪᠡᠭ ᠠᠮᠵᠢᠯᠳᠠ ᠤᠯᠵᠤ᠂ ᠰᠤᠶᠤᠯ ᠢᠷᠬᠡᠨᠰᠢᠯ ᠤᠨ ᠰᠤᠯᠢᠯᠴᠠᠭ᠎ᠠ ᠪᠠᠶᠠᠯᠢᠬ ᠠᠭᠤᠯᠭ᠎ᠠ ᠲᠠᠢ | ᠪᠤᠯᠵᠠᠢ᠃ ᠰᠢᠨ᠎ᠠ ᠴᠠᠬ ᠦᠶ᠎ᠠ ᠳᠤ᠂ ᠳᠤᠮᠳᠠᠳᠤ ᠤᠯᠤᠰ ᠪᠤᠯᠤᠨ ᠵᠢᠷᠭᠤᠭᠠᠨ ᠤᠯᠤᠰ ᠯᠤᠭ᠎ᠠ ᠶᠢᠨ ᠬᠠᠷᠢᠯᠴᠠᠭᠠᠨ ᠤ | ᠰᠠᠷᠠᠭᠤᠯ ᠢᠷᠡᠬᠡᠳᠤᠢ ᠤᠯᠠᠮ ᠦᠷᠬᠡᠨ ᠲᠡᠯᠬᠡᠷ ᠪᠤᠯᠬᠤ ᠶᠤᠮ᠃ ᠪᠢ ᠵᠢᠷᠭᠤᠭᠠᠨ ᠤᠯᠤᠰ ᠯᠤᠭ᠎ᠠ ᠶᠢᠨ | ᠬᠠᠷᠢᠯᠴᠠᠭ᠎ᠠ ᠶᠢᠨ ᠬᠦᠭᠵᠢᠯᠳᠠ ᠶᠢ ᠲᠡᠭᠡᠳᠤ ᠬᠡᠮᠵᠢᠶ᠎ᠠ ᠪᠠᠷ ᠴᠢᠬᠤᠯᠠᠴᠢᠯᠠᠵᠤ᠂ ᠲᠤᠷᠠᠳᠠᠶ᠎ᠠ ᠵᠢᠷᠭᠤᠭᠠᠨ ᠤᠯᠤᠰ ᠤᠨ | ᠤᠯᠤᠰ ᠤᠨ ᠲᠡᠷᠢᠬᠦᠨ ᠲᠠᠢ ᠬᠠᠮᠳᠤ ᠪᠠᠷ ᠴᠢᠷᠮᠠᠶᠢᠵᠤ ᠪᠠᠶᠢᠭᠠᠳ᠂ ᠬᠠᠷᠢᠯᠴᠠᠭ᠎ᠠ ᠪᠠᠶᠢᠭᠤᠯᠤᠬᠳᠠᠬᠰᠠᠨ 70 ᠵᠢᠯ ᠤᠨ | ᠤᠢ ᠪᠠᠷ ᠰᠢᠨ᠎ᠠ ᠭᠠᠷᠤᠭ᠎ᠠ ᠪᠤᠯᠭᠠᠵᠤ᠂ ︽ᠨᠢᠬᠡ ᠪᠦᠰᠠ ᠨᠢᠬᠡ ᠵᠠᠮ︾ ᠢ ᠬᠠᠮᠳᠤ ᠪᠠᠷ ᠪᠦᠳᠤᠬᠡᠨ ᠪᠠᠶᠢᠭᠤᠯᠬᠤ ᠪᠠ | ᠳᠤᠮᠳᠠᠳᠤ ᠤᠯᠤᠰ — ᠳᠤᠮᠳᠠ ᠵᠡᠬᠦᠨ ᠡᠸᠦ᠋ᠷᠤᠫᠠ ᠶᠢᠨ ᠤᠯᠤᠰ ᠤᠳ ᠯᠤᠭ᠎ᠠ ᠶᠢᠨ ᠬᠠᠮᠳᠤᠷᠠᠯᠴᠠᠭ᠎ᠠ ᠶᠢᠨ ᠠᠵᠠ | ᠲᠤᠬᠢᠶᠠᠯ ᠢ ᠠᠰᠢᠬᠯᠠᠨ᠂ ᠤᠯᠠᠮᠵᠢᠯᠠᠯᠳᠤ ᠨᠦᠬᠦᠷᠰᠡᠭ ᠬᠠᠮᠳᠤᠷᠠᠯᠴᠠᠭᠠᠨ ᠤ ᠬᠠᠷᠢᠯᠴᠠᠭ᠎ᠠ ᠰᠢᠨ᠎ᠠ ᠲᠡᠭᠳᠡᠷ ᠲᠤ | ᠭᠠᠷᠬᠤ ᠶᠢ ᠠᠬᠢᠭᠤᠯᠤᠨ᠎ᠠ ᠬᠡᠵᠤ ᠵᠢᠭᠠᠵᠤ ᠭᠠᠷᠭᠠᠪᠠ᠃ | ᠵᠢᠷᠭᠤᠭᠠᠨ ᠤᠯᠤᠰ ᠤᠨ ᠤᠯᠤᠰ ᠤᠨ ᠲᠡᠷᠢᠭᠦᠨ᠂ 70 ᠵᠢᠯ ᠤᠨ ᠲᠤᠷᠰᠢ ᠮᠠᠨ ᠤ ᠤᠯᠤᠰ ᠪᠤᠯᠤᠨ ᠳᠤᠮᠳᠠᠳᠤ | ᠤᠯᠤᠰ ᠤᠨ ᠬᠤᠶᠠᠷ ᠲᠠᠯ᠎ᠠ ᠶᠢᠨ ᠬᠠᠷᠢᠯᠴᠠᠭ᠎ᠠ ᠴᠠᠭ ᠬᠤᠭᠤᠴᠠᠭ᠎ᠠ ᠪᠠ ᠤᠯᠠᠨ ᠤᠯᠤᠰ ᠤᠨ ᠤᠷᠪᠠᠭᠠᠨ ᠬᠦᠷᠪᠡᠭᠡᠨ ᠤ | ᠰᠢᠯᠭᠠᠯᠳᠠ ᠶᠢ ᠦᠩᠭᠡᠷᠡᠭᠦᠯᠵᠤ᠂ ᠮᠠᠰᠢ ᠰᠠᠶᠢᠨ ᠬᠦᠭᠵᠢᠯᠲᠡ ᠲᠠᠢ ᠪᠤᠯᠵᠤ ᠡᠯᠪᠡᠭ ᠪᠠᠶᠠᠯᠢᠭ ᠦᠷ᠎ᠠ ᠪᠦᠲᠦᠭᠡᠯ | ᠤᠯᠵᠠᠢ᠃ ᠮᠠᠨ ᠤ ᠤᠯᠤᠰ ᠳᠤᠮᠳᠠᠳᠤ ᠤᠯᠤᠰ ᠤᠨ ᠤᠳᠤᠬᠢᠴᠢᠯᠠᠯᠳᠠ ᠶᠢᠨ ᠪᠦᠲᠦᠭᠡᠨ ᠪᠠᠶᠢᠭᠤᠯᠤᠯᠳᠠ ᠪᠤᠯᠤᠨ | ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠶᠠᠪᠤᠴᠠ ᠳᠤᠮᠳᠠ ᠤᠯᠤᠭᠰᠠᠨ ᠭᠡᠷᠡᠯ ᠰᠠᠴᠤᠷᠠᠩᠭᠤᠢ ᠠᠮᠵᠢᠯᠳᠠ ᠶᠢ | ᠳᠡᠭᠡᠳᠦ ᠬᠡᠮᠵᠢᠶ᠎ᠠ ᠪᠠᠷ ᠮᠠᠭᠳᠠᠨ ᠰᠠᠶᠢᠰᠢᠶᠠᠵᠤ᠂ ᠳᠤᠮᠳᠠᠳᠤ ᠤᠯᠤᠰ ᠯᠤᠭ᠎ᠠ ᠶᠢᠨ ᠬᠠᠷᠢᠯᠴᠠᠭ᠎ᠠ ᠶᠢ ᠳᠡᠭᠡᠳᠦ | ᠬᠡᠮᠵᠢᠶ᠎ᠠ ᠪᠠᠷ ᠴᠢᠬᠤᠯᠠᠴᠢᠯᠠᠵᠤ᠂ ᠤᠯᠠᠮᠵᠢᠯᠠᠯᠳᠤ ᠨᠦᠬᠦᠷᠯᠡᠯ ᠢ ᠨᠠᠨᠳᠢᠩᠨᠠᠵᠤ᠂ ᠳᠤᠷᠠᠳᠠᠶ᠎ᠠ ᠳᠤᠮᠳᠠᠳᠤ | ᠤᠯᠤᠰ ᠯᠤᠭ᠎ᠠ ᠶᠢᠨ ᠬᠤᠶᠠᠷ ᠲᠠᠯ᠎ᠠ ᠶᠢᠨ ᠰᠤᠯᠢᠯᠴᠠᠭ᠎ᠠ ᠪᠠ ᠬᠠᠮᠳᠤᠷᠠᠯᠴᠠᠭ᠎ᠠ ᠶᠢ ᠴᠢᠩᠭᠠᠳᠬᠠᠵᠤ᠂ ︽ᠨᠢᠭᠡ ᠪᠦᠰᠡ | ᠨᠢᠭᠡ ᠵᠠᠮ︾ ᠢ ᠬᠠᠮᠳᠦ ᠪᠠᠷ ᠪᠦᠲᠦᠭᠡᠨ ᠪᠠᠶᠢᠭᠤᠯᠬᠤ ᠪᠤᠯᠤᠨ ᠳᠤᠮᠳᠠᠳᠤ ᠤᠯᠤᠰ — ᠳᠤᠮᠳᠠ ᠵᠡᠭᠦᠨ | ᠡᠸᠦ᠋ᠷᠦᠫᠠ ᠶᠢᠨ ᠤᠯᠤᠰ ᠤᠳ ᠤᠨ ᠬᠠᠮᠳᠤᠷᠠᠯᠴᠠᠭ᠎ᠠ ᠶᠢ ᠲᠠᠰᠤᠷᠠᠯᠳᠠ ᠦᠭᠡᠢ ᠬᠦᠭᠵᠢᠭᠦᠯᠬᠦ ᠶᠢ ᠠᠬᠢᠭᠤᠯᠤᠨ᠎ᠠ ᠭᠡᠵᠤ | ᠢᠯᠡᠳᠭᠡᠵᠡᠭᠡᠵᠠᠢ᠃ | ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ ᠪᠠᠰᠠ ᠵᠢᠷᠭᠤᠭᠠᠨ ᠤᠯᠤᠰ ᠤᠨ | ᠶᠡᠷᠦᠩᠬᠡᠢ ᠰᠠᠶᠢᠳ ᠲᠠᠢ ᠲᠤᠰ ᠲᠤᠰ ᠬᠠᠷᠢᠯᠴᠠᠨ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠪᠠ᠃ ᠯᠢ ᠺᠧ ᠴᠢᠶᠠᠩ᠂ | ᠳᠤᠮᠳᠠᠳᠤ ᠶᠢᠨ ᠲᠠᠯ᠎ᠠ ᠳᠤᠷᠠᠳᠠᠶ᠎ᠠ ᠵᠢᠷᠭᠤᠭᠠᠨ ᠤᠯᠤᠰ ᠲᠠᠢ ᠬᠠᠷᠢᠯᠴᠠᠭ᠎ᠠ ᠪᠠᠶᠢᠭᠤᠯᠤᠭᠰᠠᠨ 70 ᠵᠢᠯ ᠤᠨ ᠤᠢ ᠪᠠᠷ | ᠠᠵᠠ ᠳᠤᠬᠢᠶᠠᠯ ᠪᠤᠯᠭᠠᠵᠤ᠂ ᠤᠯᠤᠰ ᠲᠦᠷᠦ ᠶᠢᠨ ᠢᠳᠡᠭᠡᠯᠴᠡᠭᠡ ᠪᠠᠨ ᠭᠦᠨᠵᠡᠭᠡᠶᠢᠷᠡᠭᠦᠯᠵᠤ᠂ ᠬᠤᠶᠠᠷ ᠲᠠᠯ᠎ᠠ ᠶᠢᠨ | ᠡᠯ᠎ᠠ ᠬᠦᠷᠢᠶᠡᠨ ᠤ ᠪᠤᠳᠠᠳᠠᠢ ᠶᠢ ᠡᠷᠬᠢᠮᠯᠡᠭᠰᠡᠡ ᠬᠠᠮᠳᠤᠷᠠᠯᠴᠠᠭ᠎ᠠ ᠶᠢ ᠠᠬᠢᠭᠤᠯᠵᠤ᠂ ︽ᠨᠢᠭᠡ ᠪᠦᠰᠡ ᠨᠢᠭᠡ ᠵᠠᠮ︾ ᠢ | ᠬᠠᠮᠳᠦ ᠪᠠᠷ ᠪᠦᠲᠦᠭᠡᠨ ᠪᠠᠶᠢᠭᠤᠯᠬᠤ᠂ ᠳᠤᠮᠳᠠᠳᠤ ᠤᠯᠤᠰ — ᠳᠤᠮᠳᠠ ᠵᠡᠭᠦᠨ ᠡᠸᠦ᠋ᠷᠦᠫᠠ ᠶᠢᠨ | ᠤᠯᠤᠰ ᠤᠳ ᠯᠤᠭ᠎ᠠ ᠶᠢᠨ ᠬᠠᠮᠳᠤᠷᠠᠯᠴᠠᠭ᠎ᠠ᠂ ᠳᠤᠮᠳᠠᠳᠤ ᠤᠯᠤᠰ — ᠡᠸᠦ᠋ᠷᠥᠫᠠ ᠲᠢᠪ ᠤᠨ ᠤᠯᠤᠰ ᠤᠳ ᠤᠨ | ᠬᠤᠯᠪᠤᠭ᠎ᠠ ᠶᠢᠨ ᠬᠠᠮᠳᠤᠷᠠᠯᠴᠠᠭ᠎ᠠ ᠶᠢᠨ ᠨᠡᠩ ᠶᠡᠭᠡ ᠠᠬᠢᠴᠠ ᠲᠠᠢ ᠪᠤᠯᠬᠤ ᠶᠢ ᠠᠬᠢᠭᠤᠯᠵᠤ᠂ ᠬᠠᠷᠢᠯᠴᠠᠨ ᠠᠰᠢᠭᠳᠠᠢ | ᠪᠠᠶᠢᠵᠤ ᠤᠯᠠᠨ ᠢᠶᠠᠷ ᠢᠶᠠᠨ ᠠᠰᠢᠭ ᠬᠦᠷᠳᠡᠬᠦ ᠶᠢ ᠨᠡᠩ ᠰᠠᠶᠢᠨ ᠪᠡᠶᠡᠯᠡᠭᠦᠯᠦᠨ᠎ᠠ ᠭᠡᠵᠤ ᠢᠯᠡᠳᠭᠡᠪᠡ᠃ ᠵᠢᠷᠭᠤᠭᠠᠨ | ᠤᠯᠤᠰ ᠤᠨ ᠶᠡᠷᠦᠩᠬᠡᠢ ᠰᠠᠶᠢᠳ᠂ ᠳᠤᠷᠠᠳᠠᠶ᠎ᠠ ᠳᠤᠮᠳᠠᠳᠤ ᠤᠯᠤᠰ ᠯᠤᠭ᠎ᠠ ᠶᠢᠨ ᠪᠤᠳᠠᠳᠠᠢ ᠶᠢ ᠡᠷᠬᠢᠮᠯᠡᠭᠰᠡᠡ | ᠬᠠᠮᠳᠤᠷᠠᠯᠴᠠᠭᠠᠨ ᠤ ᠲᠦᠪᠰᠢᠨ ᠢ ᠳᠡᠭᠡᠭᠰᠢᠯᠡᠭᠦᠯᠵᠤ᠂ ᠬᠤᠶᠠᠷ ᠲᠠᠯ᠎ᠠ ᠶᠢᠨ ᠬᠠᠷᠢᠯᠴᠠᠭ᠎ᠠ ᠪᠤᠯᠤᠨ ᠳᠤᠮᠳᠠᠳᠤ ᠤᠯᠤᠰ | — ᠳᠤᠮᠳᠠ ᠵᠡᠭᠦᠨ ᠡᠸᠦ᠋ᠷᠦᠫᠠ ᠶᠢᠨ ᠤᠯᠤᠰ ᠤᠳ ᠤᠨ ᠬᠠᠮᠳᠤᠷᠠᠯᠴᠠᠭᠠᠨ ᠤ ᠰᠠᠶᠢᠨ ᠰᠠᠶᠢᠬᠠᠨ ᠢᠷᠡᠭᠡᠳᠦᠢ ᠶᠢ | ᠬᠠᠮᠳᠦ ᠪᠠᠷ ᠡᠭᠦᠳᠦᠨ᠎ᠠ ᠭᠡᠵᠤ ᠢᠯᠡᠳᠭᠡᠪᠡ᠃ | |