ᠠᠵᠤ ᠠᠬᠤᠢ ᠨᠡᠶᠢᠬᠡᠮ ᠤᠨ ᠲᠦᠷᠬᠡᠨ ᠬᠦᠭᠵᠢᠯᠳᠡ ᠶᠢ ᠳᠠᠭᠠᠯᠳᠤᠨ ᠮᠠᠯᠵᠢᠬᠤ ᠲᠠᠷᠢᠶᠠᠯᠠᠬᠤ ᠤᠷᠤᠨ ᠤ | ᠨᠠᠰᠤᠲᠠᠶᠢᠴᠤᠳ ᠤᠨ ᠡᠮᠴᠢᠯᠡᠭᠡ᠂ ᠠᠰᠠᠷᠠᠮᠵᠢ᠂ ᠰᠤᠪᠢᠯᠠᠯ ᠤᠨ ᠱᠠᠭᠠᠷᠳᠠᠯᠭ᠎ᠠ ᠡᠳᠦᠷ ᠠᠴᠠ ᠡᠳᠦᠷ ᠨᠡᠮᠡᠭᠳᠡᠵᠤ ᠬᠡᠷ | ᠤᠨ ᠬᠢᠨᠢ ᠤᠶᠢᠷᠠᠯᠴᠠᠭ᠎ᠠ ᠪᠦᠷᠢᠨ ᠲᠡᠬᠦᠯᠳᠡᠷ ᠦᠢᠯᠡᠴᠢᠯᠡᠭᠡ ᠬᠦᠷᠳᠡᠬᠡᠬᠦ ᠨᠢ ᠨᠢᠬᠡᠨ ᠲᠤᠯᠭᠠᠮ᠎ᠠ ᠶᠠᠪᠤᠳᠠᠯ ᠪᠤᠯᠵᠠᠢ᠃ | ᠮᠠᠨ ᠤ ᠬᠤᠰᠢᠭᠤ ᠡᠨᠡᠬᠦ ᠪᠠᠶᠢᠳᠠᠯ ᠳᠤ ᠵᠤᠬᠢᠴᠠᠭᠤᠯᠤᠨ ᠦᠨᠳᠦᠰᠦᠨ ᠱᠠᠳᠤᠨ ᠳᠠᠬᠢ ᠠᠰᠠᠷᠠᠮᠵᠢ᠂ ᠰᠤᠪᠢᠯᠠᠯ ᠢ | ᠠᠯᠬᠤᠮ ᠠᠯᠬᠤᠮ ᠢᠶᠠᠷ ᠲᠡᠬᠦᠯᠳᠡᠷᠵᠢᠬᠦᠯᠵᠤ ᠮᠠᠯᠵᠢᠬᠤ ᠲᠠᠷᠢᠶᠠᠯᠠᠬᠤ ᠤᠷᠤᠨ ᠤ ᠨᠠᠰᠤᠲᠠᠶᠢᠴᠤᠳ ᠲᠤ ᠲᠦᠬᠦᠮ | ᠲᠦᠳᠡ ᠦᠢᠯᠡᠴᠢᠯᠡᠭᠡ ᠬᠦᠷᠳᠡᠬᠡᠵᠤ ᠪᠤᠢ᠃ | ᠡᠨᠡ ᠵᠢᠯ ᠤᠨ ᠲᠦᠷᠪᠡᠳᠦᠬᠡᠷ ᠰᠠᠷ᠎ᠠ ᠳᠤ ᠠᠰᠢᠭᠯᠠᠯᠳᠠ ᠳᠤ ᠤᠷᠤᠭᠰᠠᠨ ︽ᠭᠠᠯᠠᠭᠤᠳᠤ ᠬᠠᠷᠢᠯᠴᠠᠨ | ᠲᠤᠰᠠᠯᠠᠯᠴᠠᠬᠤ ᠵᠢᠷᠭᠠᠯᠳᠤ ᠬᠦᠷᠢᠶᠠᠯᠠᠩ︾ ᠪᠤᠯ ᠬᠤᠰᠢᠭᠤ ᠠᠷᠠᠳ ᠤᠨ ᠶᠠᠪᠤᠳᠠᠯ ᠤᠨ ᠲᠤᠪᠴᠢᠶ᠎ᠠ ᠪᠤᠯᠤᠨ | ᠭᠠᠯᠠᠭᠤᠳᠤ ᠪᠠᠯᠭᠠᠰᠤᠨ ᠠᠴᠠ ᠪᠡᠯᠡ ᠤᠷᠤᠭᠤᠯᠵᠤ ᠪᠠᠶᠢᠭᠤᠯᠤᠭᠰᠠᠨ ᠳᠤᠯᠠᠭᠠᠯᠠᠯᠭ᠎ᠠ᠂ ᠰᠢᠳᠠᠮᠠᠬᠠᠢ ᠬᠡᠢ᠂ ᠲᠦᠬᠡᠬᠡᠯ | ᠤᠰᠤ ᠵᠡᠷᠬᠡ ᠶᠢ ᠢᠵᠢ ᠪᠦᠷᠢᠳᠦᠬᠦᠯᠦᠭᠰᠡᠨ ᠬᠦᠷᠢᠶᠠᠯᠠᠩ ᠪᠤᠯᠤᠨ᠎ᠠ᠃ ᠲᠤᠰ ᠬᠦᠷᠢᠶᠠᠯᠠᠩ ᠳᠤ ᠬᠤᠷᠢᠨ ᠲᠠᠰᠤᠯᠭ᠎ᠠ | ᠬᠡᠷ ᠲᠠᠢ ᠪᠠᠶᠢᠵᠤ ᠤᠳᠤ ᠬᠤᠷᠢᠨ ᠬᠤᠶᠠᠷ ᠨᠠᠰᠤᠳᠠᠨ ᠰᠠᠭᠤᠵᠤ᠂ ᠦᠷ᠎ᠡ ᠬᠡᠥᠬᠡᠳ ᠨᠢ ᠠᠰᠠᠷᠠᠨ ᠬᠠᠷᠠᠭᠠᠯᠵᠠᠵᠤ | ᠠᠮᠵᠢᠬᠤ ᠦᠬᠡᠢ ᠨᠠᠰᠤᠳᠠᠶᠢᠴᠤᠳ ᠲᠤ ᠲᠤᠩ ᠲᠦᠬᠦᠮ ᠦᠵᠡᠬᠦᠯᠦᠭᠰᠡᠨ ᠪᠠᠶᠢᠨ᠎ᠠ᠃ | 2018 ᠤᠨ ᠳᠤ ᠤᠯᠠᠭᠠᠨᠲᠤᠯᠤᠭᠠᠢ ᠪᠠᠯᠭᠠᠰᠤᠨ ᠤ ᠪᠠᠶ᠋ᠬᠠᠤᠪᠤᠭ᠎ᠠ ᠭᠠᠴᠠᠭᠠᠨ ᠤ ᠮᠠᠯᠴᠢᠨ ᠰᠤᠪᠤᠳᠭᠤᠸ᠎ᠠ | ᠬᠤᠩ ᠹᠦ᠋ ᠶᠦᠨ ᠪᠡᠶ᠎ᠡ ᠰᠤᠪᠢᠯᠠᠬᠤ ᠬᠦᠷᠢᠶᠡᠯᠡᠩ ᠢ ᠡᠷᠬᠢᠯᠡᠨ ᠪᠠᠶᠢᠭᠤᠯᠵᠠᠢ᠃ ᠲᠤᠰ ᠬᠦᠷᠢᠶᠠᠯᠠᠩ ᠪᠡᠶ᠎ᠠ ᠪᠠᠨ | ᠲᠠᠭᠠᠭᠠᠬᠤ ᠴᠢᠳᠠᠪᠤᠷᠢ ᠪᠠᠷ ᠪᠠᠭᠤᠷᠠᠢ ᠨᠠᠰᠤᠲᠠᠨ᠂ ᠠᠰᠠᠷᠠᠨ ᠰᠤᠪᠢᠯᠠᠬᠤ ᠴᠢᠬᠤᠯᠠᠳᠠᠢ ᠮᠠᠯᠴᠢᠨ ᠲᠠᠷᠢᠶᠠᠴᠢᠳ ᠲᠤ | ᠦᠢᠯᠡᠴᠢᠯᠡᠭᠡ ᠬᠠᠩᠭᠠᠵᠤ ᠪᠠᠶᠢᠳᠠᠭ ᠠᠴᠠ ᠮᠠᠯᠴᠢᠨ ᠲᠠᠷᠢᠶᠠᠴᠢᠳ ᠭᠡᠷ ᠤᠨ ᠢᠶᠠᠨ ᠡᠭᠦᠳᠡᠨ ᠳᠡᠭᠡᠷ᠎ᠡ ᠡᠮ ᠡᠮᠨᠡᠯᠭᠡ᠂ | ᠠᠰᠠᠷᠠᠮᠵᠢ ᠰᠤᠪᠢᠯᠠᠯ ᠤᠨ ᠦᠢᠯᠡᠴᠢᠯᠡᠭᠡ ᠬᠦᠷᠳᠡᠵᠤ ᠴᠢᠳᠠᠬᠤ ᠪᠤᠯᠵᠠᠢ᠃ ᠬᠤᠩ ᠹᠦ᠋ ᠶᠦᠨ ᠪᠡᠶ᠎ᠡ ᠰᠤᠪᠢᠯᠠᠬᠤ | ᠬᠦᠷᠢᠶᠡᠯᠡᠩ ᠤᠨ ᠬᠢᠨ ᠤᠷᠢᠳ ᠬᠤᠵᠢᠳ ᠥᠪᠥᠷ ᠮᠣᠩᠭᠤᠯ ᠤᠨ ᠡᠮᠨᠡᠯᠭᠡ ᠶᠢᠨ ᠶᠡᠭᠡ ᠰᠤᠷᠭᠠᠭᠤᠯᠢ ᠶᠢᠨ ᠬᠠᠷᠢᠶᠠᠲᠤ | ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ ᠤᠨ ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ ᠤᠨ ᠡᠬᠡ ᠨᠢᠯᠬᠠᠰ ᠤᠨ | ᠡᠷᠡᠭᠦᠯᠵᠢᠯ ᠤᠨ ᠲᠦᠪ ᠵᠡᠷᠭᠡ ᠭᠠᠵᠠᠷ ᠠᠴᠠ ᠠᠷᠪᠠ ᠭᠠᠷᠤᠢ ᠮᠡᠷᠭᠡᠵᠢᠯᠲᠡᠨ ᠢ ᠤᠷᠢᠨ ᠠᠪᠴᠢᠷᠠᠵᠤ ᠮᠠᠯᠴᠢᠨ | ᠲᠠᠷᠢᠶᠠᠴᠢᠳ ᠲᠤ ᠦᠨ᠎ᠡ ᠲᠥᠯᠥᠪᠦᠷᠢ ᠦᠭᠡᠢ ᠡᠮᠴᠢᠯᠡᠭᠡ ᠬᠦᠷᠲᠡᠭᠡᠵᠤ ᠶᠡᠭᠡ ᠳᠦᠬᠦᠮ ᠦᠵᠡᠬᠦᠯᠦᠭᠰᠡᠨ ᠪᠠᠶᠢᠨ᠎ᠠ᠃ | ᠤᠳᠤ ᠮᠠᠨ ᠤ ᠬᠤᠰᠢᠭᠤᠨ ᠳᠤ ᠮᠠᠯᠴᠢᠨ ᠲᠠᠷᠢᠶᠠᠴᠢᠳ ᠤᠨ ᠪᠡᠶ᠎ᠡ ᠰᠤᠪᠢᠯᠠᠯ ᠤᠨ ᠬᠦᠷᠢᠶᠠᠯᠠᠩ᠂ ᠮᠠᠯᠴᠢᠨ | ᠲᠠᠷᠢᠶᠠᠴᠢᠳ ᠤᠨ ᠬᠠᠷᠢᠯᠴᠠᠨ ᠲᠤᠰᠠᠯᠠᠯᠴᠠᠬᠤ ᠵᠢᠷᠭᠠᠯᠳᠤ ᠬᠦᠷᠢᠶᠠᠯᠠᠩ ᠵᠡᠷᠭᠡ ᠨᠠᠶᠢᠳᠠ 13 ᠪᠠᠶᠢᠵᠣ ᠡᠨᠡ ᠨᠢ | ᠠᠰᠠᠷᠠᠮᠵᠢ ᠰᠤᠪᠢᠯᠠᠯ᠂ ᠡᠮᠴᠢᠯᠡᠭᠡ ᠴᠢᠬᠤᠯᠠᠳᠠᠢ ᠦᠨᠳᠦᠰᠦᠨ ᠱᠠᠳᠤᠨ ᠤ ᠮᠠᠯᠴᠢᠨ ᠲᠠᠷᠢᠶᠠᠴᠢᠳ ᠲᠤ ᠡᠮᠴᠢᠯᠡᠬᠦᠯᠬᠦ | ᠠᠴᠠ ᠡᠮᠨᠡᠯᠬᠡ ᠲᠠᠢ᠂ ᠠᠰᠠᠷᠠᠬᠤ ᠠᠴᠠ ᠠᠰᠠᠷᠠᠮᠵᠢ ᠲᠠᠢ ᠮᠦᠷᠳᠡᠬᠡᠨ ᠬᠡᠷ ᠠᠴᠠ ᠪᠠᠨ ᠤᠶᠢᠷᠠᠯᠴᠠᠭ᠎ᠠ ᠡᠳᠡᠬᠡᠷ | ᠦᠢᠯᠡᠴᠢᠯᠡᠭᠡ ᠶᠢ ᠬᠦᠷᠳᠡᠵᠤ ᠴᠢᠳᠠᠬᠤ ᠪᠤᠯᠭᠠᠵᠠᠢ᠃ ᠮᠠᠨ ᠤ ᠬᠤᠰᠢᠭᠤ ᠡᠶᠢᠨᠬᠦ ᠨᠡᠶᠢᠬᠡᠮ ᠤᠨ ᠬᠦᠭᠵᠢᠯᠳᠡ ᠪᠠ | ᠠᠷᠠᠳ ᠤᠯᠠᠨ ᠤ ᠬᠡᠷᠡᠭᠴᠡᠭᠡ ᠱᠠᠭᠠᠷᠳᠠᠯᠭ᠎ᠠ ᠳᠤ ᠵᠤᠬᠢᠴᠠᠭᠰᠠᠨ ᠦᠨᠳᠦᠰᠦᠨ ᠱᠠᠳᠤᠨ ᠳᠠᠬᠢ ᠰᠤᠪᠢᠯᠠᠯ᠂ ᠠᠰᠠᠷᠠᠮᠵᠢ | ᠶᠢᠨ ᠦᠢᠯᠡᠴᠢᠯᠡᠭᠡ ᠶᠢ ᠠᠯᠬᠤᠮ ᠠᠯᠬᠤᠮ ᠢᠶᠠᠷ ᠨᠡᠩ ᠢᠯᠡᠬᠦᠦ ᠳᠡᠭᠦᠯᠳᠡᠷᠵᠢᠬᠦᠯᠬᠦ ᠪᠠᠷ ᠴᠢᠷᠮᠠᠶᠢᠵᠤ ᠪᠤᠢ᠃ | | | | | | | | | | | | | | | | | | | | |