︽ᠦᠤᠰᠢᠨ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠬᠡᠰᠢᠬᠦᠨ ᠤ ᠬᠢᠷᠢ ᠬᠡᠮ ᠢ ᠲᠤᠭᠳᠠᠭᠠᠬᠤ ᠵᠢᠯᠣᠭᠤᠳᠬᠤ ᠰᠠᠨᠠᠯ︾᠎ ᠢ ᠳᠠᠷᠤᠮᠠᠯᠯᠠᠨ ᠲᠠᠷᠬᠠᠭᠠᠬᠤ ᠲᠤᠬᠠᠢ ᠦᠤᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2019-11-01
                      ᠦᠣᠰᠢᠨ ᠵᠠᠰᠠᠭ ᠳᠠᠷᠬᠠᠭᠠᠬᠤ〔2019〕32 ᠳ᠋ᠣᠭᠠᠷ ᠳᠣᠭᠠᠳᠣ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠭᠤᠳ ᠡᠯ᠎ᠡ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠲᠤ᠄        ᠬᠤᠰᠢᠭᠤ ᠠᠷᠠᠳ ᠤᠨ ᠵᠠᠰᠠᠭ ᠤᠨ ᠣᠷᠳᠣᠨ ᠤ 2019 ᠤᠨ ᠤ 12 ᠳ᠋ᠤᠭᠠᠷ ᠣᠳᠠᠭᠠᠨ ᠤ ᠪᠠᠶᠢᠩᠭᠤ ᠶᠢᠨ ᠶᠠᠪᠤᠳᠠᠯ ᠤᠨ ᠬᠤᠷᠠᠯ ᠢᠶᠠᠷ ᠰᠤᠳᠤᠯᠤᠨ ᠵᠥᠪᠰᠢᠶᠡᠷᠡᠭᠦᠯᠦᠭᠡᠳ᠂ ᠡᠳᠦᠭᠡ ︽ᠦᠤᠰᠢᠨ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠬᠡᠰᠢᠬᠦᠨ ᠤ ᠬᠢᠷᠢ ᠬᠡᠮ ᠢ ᠲᠤᠭᠳᠠᠭᠠᠬᠤ ᠵᠢᠯᠣᠭᠤᠳᠬᠤ ᠰᠠᠨᠠᠯ︾᠎ ᠢ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠨᠠᠷᠢᠨ ᠬᠢᠨᠠᠮᠠᠭᠠᠶ ᠲᠤᠭᠤᠰᠢᠯᠠᠭᠤᠯᠤᠨ ᠬᠡᠷᠡᠭᠵᠢᠭᠦᠯᠦᠬᠡᠷᠡᠢ᠃                                                                               ᠦᠤᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ                          2019 ᠤᠨ ᠤ 10 ᠰᠠᠷ᠎ᠠ ᠶᠢᠨ 30᠎ ᠤ ᠡᠳᠦᠷ          ᠦᠤᠰᠢᠨ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ ᠠᠬᠤᠢ ᠶᠢᠨ          ᠵᠣᠬᠢᠶᠠᠨ ᠪᠠᠶᠢᠭᠤᠯᠤᠯᠲᠠ ᠶᠢᠨ ᠬᠡᠰᠢᠬᠦᠨ ᠤ ᠬᠢᠷᠢ ᠬᠡᠮ ᠢ ᠲᠤᠭᠳᠠᠭᠠᠬᠤ ᠵᠢᠯᠣᠭᠤᠳᠬᠤ ᠰᠠᠨᠠᠯ      ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠡᠳ᠋ ᠬᠦᠷᠦᠩᠭᠡ ᠶᠢᠨ ᠡᠷᠬᠡᠳᠣ ᠬᠤᠪᠢ ᠣᠷᠣᠭᠤᠯᠤᠯᠳᠠ ᠬᠤᠷᠰᠢᠯᠴᠠᠭᠠᠨ ᠤ ᠳᠦᠷᠢᠮ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠵᠢᠷᠤᠮᠵᠢᠭᠤᠯᠤᠨ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠬᠡᠰᠢᠬᠦᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠶᠢᠨ ᠲᠤᠰᠠᠳᠠ ︽ᠬᠥᠳᠡᠭᠡ ᠲᠣᠰᠬᠤᠨ ᠤ ᠬᠠᠮᠲᠤ ᠶᠢᠨ ᠡᠳ᠋ ᠬᠦᠷᠦᠩᠭᠡ ᠶᠢᠨ ᠡᠷᠬᠡ ᠶᠢᠨ ᠲᠦᠷᠢᠮ ᠤᠨ ᠦᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠲᠥᠪ ᠲᠠᠷᠬᠠᠭᠠᠭᠰᠠᠨ ﹇2016﹈ 37 ᠳ᠋ᠤᠭᠠᠷ ᠲᠣᠭᠠᠲᠤ︶ ︽ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠡᠳ᠋ ᠬᠦᠷᠦᠩᠭᠡ ᠶᠢᠨ ᠡᠷᠬᠡ ᠶᠢᠨ ᠲᠦᠷᠢᠮ ᠤᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ︵ᠥᠪᠥᠷ ᠨᠠᠮ ᠲᠠᠷᠬᠠᠭᠠᠭᠰᠠᠨ ﹇2018﹈ 8 ᠳ᠋ᠤᠭᠠᠷ ᠲᠣᠭᠠᠲᠤ︶ ︽ᠤᠷᠳᠤᠰ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠡᠳ᠋ ᠬᠦᠷᠦᠩᠭᠡ ᠶᠢᠨ ᠡᠷᠬᠡ ᠶᠢᠨ ᠲᠦᠷᠢᠮ ᠎ ᠤᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠣᠷᠳᠣᠰ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠤᠷᠳᠤᠰ ᠨᠠᠮ ᠲᠠᠷᠬᠠᠭᠠᠭᠰᠠᠨ ﹇2018﹈ 19 ᠳ᠋ᠤᠭᠡᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠪᠠ ᠬᠠᠮᠢᠶ᠎ᠠ ᠪᠦᠬᠦᠢ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ ᠦᠨᠳᠦᠰᠦᠯᠡᠨ ᠮᠠᠨ ᠤ ᠬᠤᠰᠢᠭᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ ᠡᠳᠦᠬᠡ ᠪᠥᠬᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠬᠡᠰᠢᠬᠦᠨ ᠤ ᠬᠢᠷᠢ ᠬᠡᠮ ᠢ ᠲᠤᠭᠳᠠᠭᠠᠬᠤ ᠠᠵᠢᠯ ᠳᠤ ᠳᠣᠤᠷᠠᠬᠢ ᠮᠡᠲᠦ ᠵᠢᠯᠣᠭᠤᠳᠬᠤ ᠴᠢᠨᠠᠷᠲᠠᠶ ᠰᠠᠨᠠᠯ ᠳᠤᠷᠠᠳᠤᠶ᠎ᠠ᠃      ᠨᠢᠭᠡ᠂ ᠵᠢᠯᠤᠭᠤᠳᠬᠤ ᠵᠠᠷᠴᠢᠮ      ᠮᠠᠯᠵᠢᠬᠤ ᠲᠠᠷᠢᠶᠠᠯᠠᠬᠤ ᠣᠷᠣᠨ ᠤ ᠬᠠᠮᠳᠣ ᠶᠢᠨ ᠠᠵᠦ ᠠᠬᠤᠢ ᠶᠢᠨ ᠵᠣᠬᠢᠶᠠᠨ ᠪᠠᠶᠢᠭᠤᠯᠣᠯᠳᠠ ᠶᠢᠨ ᠭᠡᠰᠢᠬᠦᠨ ᠎ ᠤ ᠬᠢᠷᠢ ᠭᠡᠮ ᠢ ᠲᠣᠭᠳᠠᠭᠠᠬᠤ ᠠᠵᠢᠯ ᠨᠢ ᠬᠤᠯᠪᠤᠭᠳᠠᠯ ᠪᠦᠬᠦᠢ ᠬᠠᠣᠯᠢ ᠴᠠᠭᠠᠵᠠ ᠬᠠᠣᠯᠢ ᠲᠦᠷᠢᠮ ᠢᠶᠠᠷ ᠦᠨᠳᠣᠰᠣᠯᠠᠯ ᠪᠤᠯᠭᠠᠵᠦ ᠲᠠᠤᠭᠡ ᠶᠢ ᠬᠦᠨᠳᠦᠳᠬᠡᠬᠦ᠂ ᠪᠣᠳᠠᠳᠣ ᠪᠠᠶᠢᠳᠠᠯ ᠲᠠᠢ ᠵᠣᠬᠢᠴᠠᠭᠤᠯᠬᠤ᠂ ᠠᠵᠢᠯᠯᠠᠭ᠎ᠠ ᠪᠠᠨ ᠲᠦᠷᠢᠮᠵᠢᠬᠦᠯᠬᠦ᠂ ᠣᠯᠠᠨ ᠲᠦᠮᠠᠨ ᠵᠦᠪᠰᠢᠶᠡᠷᠡᠬᠦ ᠵᠠᠷᠴᠢᠮ ᠢ ᠪᠠᠷᠢᠮᠳᠠᠯᠠᠨ ᠭᠠᠴᠠᠭ᠎ᠠ ᠲᠤᠰᠬᠤᠨ ᠤ ᠵᠦᠪᠯᠡᠯ ᠤᠨ ᠦᠪᠠᠷᠳᠡᠭᠡᠨ ᠵᠠᠰᠠᠬᠤ ᠳᠦᠷᠢᠮ ᠲᠤᠭᠲᠠᠭᠠᠯ ᠢ ᠵᠢᠷᠣᠮᠯᠠᠵᠦ ᠮᠠᠯᠵᠢᠬᠤ ᠲᠠᠷᠢᠶᠠᠯᠠᠬᠤ ᠤᠷᠤᠨ ᠤ ᠭᠠᠵᠠᠷ ᠰᠢᠷᠤᠢ ᠨᠣᠳᠤᠭ ᠪᠠᠯᠴᠢᠭᠡᠷ ᠤᠨ ᠲᠠᠭᠠᠭᠠᠴᠢᠯᠠᠯᠳᠠ ᠶᠢᠨ ᠬᠠᠷᠢᠴᠠᠭ᠎ᠠ᠂  ᠬᠠᠮᠳᠣ ᠨᠠᠶᠢᠳᠡ ᠳᠤ ᠦᠵᠡᠬᠦᠯᠦᠭᠰᠡᠨ ᠡᠬᠦᠷᠭᠡ ᠬᠠᠷᠢᠭᠤᠴᠠᠯᠭ᠎ᠠ᠂ ᠬᠠᠮᠳᠣ ᠨᠠᠶᠢᠳᠠ ᠳᠤ ᠦᠵᠡᠬᠦᠯᠦᠭᠰᠠᠨ ᠬᠤᠪᠢ ᠨᠠᠮᠡᠷᠢ ᠶᠢᠨ ᠪᠠᠶᠢᠳᠠᠯ ᠵᠡᠷᠭᠡ ᠶᠢᠨ ᠡᠯᠧᠮᠧᠨ᠋ᠲ ᠢ ᠨᠢᠭᠡᠳᠣᠯᠳᠠᠢ ᠲᠦᠯᠦᠪᠵᠢᠬᠦᠯᠦᠨ ᠪᠤᠳᠤᠯᠬᠢᠯᠠᠵᠤ ᠡᠯ᠎ᠠ ᠲᠠᠯ᠎ᠠ ᠶᠢᠨ ᠡᠷᠭᠡ ᠠᠰᠢᠭ ᠢ ᠵᠤᠬᠢᠴᠠᠭᠤᠯᠤᠨ ᠲᠡᠩᠴᠡᠬᠦᠯᠵᠤ ᠮᠠᠯᠵᠢᠬᠤ ᠲᠠᠷᠢᠶᠠᠯᠠᠬᠤ ᠣᠷᠣᠨ ᠤ ᠬᠠᠮᠳᠣ ᠶᠢᠨ ᠠᠵᠦ ᠠᠬᠤᠢ ᠶᠢᠨ ᠵᠣᠬᠢᠶᠠᠨ ᠪᠠᠶᠢᠭᠤᠯᠣᠯᠳᠠ ᠶᠢᠨ ᠭᠡᠰᠢᠬᠦᠨ ᠤ ᠬᠢᠷᠢ ᠭᠡᠮ ᠢ ᠲᠣᠭᠳᠠᠭᠠᠬᠤ ᠠᠵᠢᠯ ᠢ ᠰᠠᠶᠢᠲᠤᠷ ᠬᠢᠵᠦ ᠭᠡᠰᠢᠬᠦᠨ ᠤ ᠵᠠᠭᠠᠭ ᠱᠤᠭᠤᠮ ᠲᠣᠳᠣᠷᠬᠠᠢ ᠦᠭᠡᠢ ᠪᠠᠶᠢᠳᠠᠯ ᠢ ᠰᠢᠢᠳᠪᠦᠷᠢᠯᠡᠨ᠎ᠠ᠃ ᠭᠡᠰᠢᠬᠦᠨ ᠤ ᠬᠢᠷᠢ ᠭᠡᠮ ᠢ ᠲᠤᠭᠲᠠᠭᠠᠬᠤ ᠳᠤ ᠵᠠᠪᠠᠯ ᠤᠯᠠᠩᠬᠢ ᠬᠦᠮᠤᠨ ᠵᠦᠪᠰᠢᠶᠡᠷᠡᠵᠤ ᠤᠯᠠᠩᠬᠢ ᠬᠦᠮᠦᠨ ᠨᠢ ᠴᠦᠭᠡᠩᠭᠢ ᠬᠦᠮᠦᠨ ᠤ ᠡᠷᠭᠡ ᠠᠰᠢᠭ ᠲᠤ ᠬᠠᠯᠳᠠᠬᠤ ᠢ ᠰᠠᠷᠭᠡᠶᠢᠯᠠᠨ ᠬᠠᠷᠢ ᠳᠤ ᠮᠣᠷᠳᠠᠭᠰᠠᠨ ᠭᠡᠣᠭᠡᠨ ᠮᠠᠳᠣ ᠶᠢᠨ ᠣᠨᠴᠠᠭᠠᠢ ᠬᠦᠮᠦᠰ ᠤᠨ ᠬᠠᠦᠯᠢ ᠶᠤᠰᠤᠨ ᠤ ᠡᠷᠭᠡ ᠠᠰᠢᠭ ᠢ ᠬᠠᠮᠠᠭᠠᠯᠠᠨ᠎ᠠ᠃ ᠵᠦᠪᠭᠡᠨ ᠡᠷᠦᠭᠡ ᠠᠮᠠ ᠶᠢᠨ ᠬᠠᠷᠢᠴᠠᠭ᠎ᠠ ᠪᠠᠷ ᠬᠠᠮᠳᠣ ᠶᠢᠨ ᠠᠵᠦ ᠠᠬᠤᠢ ᠶᠢᠨ ᠵᠣᠬᠢᠶᠠᠨ ᠪᠠᠶᠢᠭᠤᠯᠣᠯᠳᠠ ᠶᠢᠨ ᠭᠡᠰᠢᠬᠦᠨ ᠤ ᠬᠢᠷᠢ ᠭᠡᠮ ᠎ ᠢ ᠲᠣᠭᠳᠠᠭᠠᠬᠤ ᠴᠤᠷ ᠤᠨ ᠭᠠᠭᠴᠠ ᠨᠦᠬᠦᠴᠠᠯ ᠪᠣᠯᠭᠠᠬᠤ ᠠᠴᠠ ᠰᠠᠷᠭᠡᠶᠢᠯᠡᠬᠦ ᠶᠢᠨ ᠬᠠᠮᠳᠣ ᠬᠡᠰᠢᠬᠦᠨ ᠢ ᠲᠤᠭᠲᠠᠭᠠᠬᠤ ᠦᠶ᠎ᠡ ᠳᠤ ︽ᠬᠤᠶᠠᠷ ᠲᠠᠯ᠎ᠠ ᠳᠤ ᠬᠠᠶᠠᠭᠳᠠᠬᠤ︾ ᠪᠣᠶᠣ ︽ᠬᠤᠶᠠᠷ ᠲᠠᠯ᠎ᠠ ᠳᠤ ᠡᠵᠡᠯᠡᠬᠦ︾ ᠪᠠᠶᠢᠳᠠᠯ ᠭᠠᠷᠬᠤ ᠶᠢ ᠰᠡᠷᠭᠡᠶᠢᠯᠡᠨ᠎ᠡ᠃      ᠬᠤᠶᠠᠷ᠂ ᠭᠡᠰᠢᠬᠦᠨ ᠤ ᠬᠢᠷᠢ ᠭᠡᠮ ᠢ ᠲᠤᠭᠳᠠᠭᠠᠬᠤ ᠰᠠᠭᠤᠷᠢ ᠪᠠᠷᠢᠮᠵᠢᠶ᠎ᠠ ᠡᠳᠣᠷ ᠬᠤᠭᠤᠴᠠᠭ᠎ᠠ ᠵᠢᠴᠢ ᠪᠡᠶᠡᠯᠡᠬᠦᠯᠬᠦ ᠬᠤᠭᠤᠴᠠᠭ᠎ᠠ      ᠬᠡᠰᠢᠬᠦᠨ ᠤ ᠬᠢᠷᠢ ᠬᠡᠮ ᠢ ᠲᠤᠭᠲᠠᠭᠠᠬᠤ ᠰᠠᠭᠤᠷᠢ ᠪᠠᠷᠢᠮᠵᠢᠶ᠎ᠠ ᠡᠳᠣᠷ ᠬᠤᠭᠤᠴᠠᠭ᠎ᠠ ᠶᠢ ᠭᠠᠴᠠᠭ᠎ᠠ ᠲᠤᠰᠬᠤᠨ ᠤ ᠠᠷᠠᠳ ᠤᠨ ᠵᠦᠪᠯᠡᠯ ᠠᠴᠠ ᠭᠠᠴᠠᠭ᠎ᠠ ᠳᠣᠰᠬᠤᠨ ᠤ ᠠᠷᠠᠳ ᠤᠨ ᠬᠡᠷᠡᠭ ᠤᠴᠢᠷ ᠢ ᠬᠢᠨᠠᠨ ᠵᠦᠪᠯᠡᠬᠦ ᠲᠦᠷᠢᠮ ᠢ ᠦᠨᠳᠦᠰᠦᠯᠡᠵᠤ ᠲᠤᠭᠲᠠᠭᠠᠨ᠎ᠠ᠃ ᠬᠢᠷᠢ ᠬᠡᠮ ᠢ ᠲᠤᠭᠲᠠᠭᠠᠬᠤ ᠠᠵᠢᠯ ᠢ 2019 ᠤᠨ ᠤ 12 ᠰᠠᠷ᠎ᠠ ᠶᠢᠨ 31᠎ ᠤ ᠡᠳᠦᠷ ᠠᠴᠠ ᠡᠮᠦᠨ᠎ᠡ ᠵᠠᠪᠠᠯ ᠪᠡᠶᠡᠯᠡᠬᠦᠯᠬᠦ ᠶᠢᠨ ᠬᠠᠮᠲᠤ ᠬᠤᠯᠪᠤᠭᠳᠠᠯ ᠪᠦᠬᠦᠢ ᠪᠢᠴᠢᠭ ᠮᠠᠲ᠋ᠧᠷᠢᠶᠠᠯ ᠢ ᠬᠤᠰᠢᠭᠤ᠂ ᠰᠤᠮᠤ ᠪᠠᠯᠭᠠᠰᠤᠨ ᠤ ᠬᠠᠮᠲᠤ ᠶᠢᠨ ᠡᠳ᠋ ᠬᠦᠷᠦᠩᠭᠡ ᠶᠢᠨ ᠡᠷᠬᠡ ᠶᠢᠨ ᠲᠦᠷᠢᠮ ᠤᠨ ᠦᠭᠡᠷᠡᠴᠢᠯᠡᠯᠲᠡ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠮᠡᠳᠡᠬᠦᠯᠦᠨ᠎ᠡ᠃       ᠭᠤᠷᠪᠠ᠂  ᠭᠡᠰᠢᠬᠦᠨ ᠤ ᠬᠢᠷᠢ ᠭᠡᠮ ᠢ ᠲᠤᠭᠳᠠᠭᠠᠬᠤ ᠨᠦᠬᠦᠴᠡᠯ       ︵ᠨᠢᠭᠡ︶ ᠮᠠᠯᠵᠢᠬᠤ ᠲᠠᠷᠢᠶᠠᠯᠠᠬᠤ ᠣᠷᠣᠨ ᠤ ᠬᠠᠮᠳᠣ ᠶᠢᠨ ᠠᠵᠦ ᠠᠬᠤᠢ ᠶᠢᠨ ᠵᠤᠬᠢᠶᠠᠨ ᠪᠠᠶᠢᠭᠤᠯᠣᠯᠳᠠ ᠎ ᠶᠢᠨ ᠭᠡᠰᠢᠬᠦᠨ ᠤ ᠬᠢᠷᠢ ᠬᠡᠮ ᠢ ᠬᠦᠷᠲᠡᠵᠤ ᠪᠤᠯᠬᠤ ᠨᠦᠬᠦᠴᠡᠯ  ᠄       ⒈ ᠮᠠᠯᠵᠢᠬᠤ ᠲᠠᠷᠢᠶᠠᠯᠠᠬᠤ ᠣᠷᠣᠨ ᠤ ᠬᠠᠮᠳᠣ ᠶᠢᠨ ᠡᠳ᠋ ᠬᠦᠷᠦᠩᠭᠡ ᠶᠢᠨ ᠡᠷᠬᠡ ᠶᠢᠨ ᠲᠦᠷᠢᠮ ᠤᠨ ᠦᠭᠡᠷᠠᠴᠢᠯᠠᠯᠳᠠ ᠶᠢᠨ ᠰᠠᠭᠤᠷᠢ ᠪᠠᠷᠢᠮᠵᠢᠶ᠎ᠠ ᠡᠳᠣᠷ ᠬᠤᠭᠤᠴᠠᠭ᠎ᠠ ᠠᠴᠠ ᠡᠮᠣᠨ᠎ᠠ᠂ ᠦᠶ᠎ᠡ ᠣᠯᠠᠷᠢᠨ ᠲᠣᠰ ᠬᠠᠮᠳᠣ ᠎ ᠶᠢᠨ ᠠᠵᠦ ᠠᠬᠤᠢ ᠶᠢᠨ ᠵᠣᠬᠢᠶᠠᠨ ᠪᠠᠶᠢᠭᠤᠯᠣᠯᠳᠠ ᠳᠤ ᠠᠵᠦ ᠲᠦᠷᠦᠵᠦ ᠠᠮᠢᠳᠣᠷᠠᠵᠦ ᠪᠠᠶᠢᠭᠰᠠᠨ ᠮᠦᠷᠳᠡᠭᠡᠨ ᠡᠷᠦᠭᠡ ᠠᠮᠠ ᠨᠢ ᠲᠣᠰ ᠬᠠᠮᠳᠣ ᠶᠢᠨ ᠠᠵᠦ ᠠᠬᠤᠢ ᠶᠢᠨ ᠵᠣᠬᠢᠶᠠᠨ ᠪᠠᠶᠢᠭᠤᠯᠣᠯᠳᠠ ᠳᠤ ᠪᠠᠶᠢᠭ᠎ᠠ ᠭᠡᠷ ᠪᠦᠯᠢ ᠶᠢᠨ ᠪᠦᠷᠢᠯᠳᠦᠬᠦᠨ  ᠃      ⒉ ᠬᠤᠶᠠᠳᠣᠭᠠᠷ ᠡᠭᠡᠯᠵᠢ ᠶᠢᠨ ᠭᠠᠵᠠᠷ ᠰᠢᠷᠦᠢ ᠨᠣᠳᠤᠭ ᠪᠠᠯᠴᠢᠭᠡᠷ ᠤᠨ ᠲᠠᠭᠠᠭᠠᠴᠢᠯᠠᠯᠳᠠ ᠳᠤ ᠲᠣᠰ ᠬᠠᠮᠳᠣ ᠶᠢᠨ ᠠᠵᠦ ᠠᠬᠤᠢ ᠶᠢᠨ ᠵᠣᠬᠢᠶᠠᠨ ᠪᠠᠶᠢᠭᠤᠯᠣᠯᠳᠠ ᠶᠢᠨ ᠭᠠᠵᠠᠷ ᠰᠢᠷᠦᠢ ᠨᠣᠳᠤᠭ ᠪᠠᠯᠴᠢᠭᠡᠷ ᠢ ᠲᠠᠭᠠᠭᠠᠴᠢᠯᠠᠨ ᠡᠵᠡᠩᠨᠡᠬᠦ ᠡᠷᠭᠡ ᠶᠢ ᠤᠯᠣᠭᠰᠠᠨ ᠭᠡᠷ ᠪᠦᠯᠢ ᠶᠢᠨ ᠪᠦᠷᠢᠯᠳᠦᠬᠦᠨ᠃      ⒊ᠬᠠᠣᠯᠢ ᠶᠣᠰᠣᠨ ᠤ ᠣᠷᠤᠭ ᠤᠨ ᠬᠠᠷᠢᠴᠠᠭ᠎ᠠ ᠠᠴᠠ ᠪᠤᠯᠵᠤ ᠡᠷᠦᠭᠡ ᠠᠮᠠ ᠪᠠᠨ ᠲᠣᠰ ᠬᠠᠮᠳᠣ ᠶᠢᠨ ᠠᠵᠦ ᠠᠬᠤᠢ ᠶᠢᠨ ᠵᠣᠬᠢᠶᠠᠨ ᠪᠠᠶᠢᠭᠤᠯᠣᠯᠳᠠ ᠳᠤ ᠰᠢᠯᠵᠢᠬᠦᠯᠦᠭᠰᠠᠳ᠃      ⒋ᠬᠠᠣᠯᠢ ᠶᠣᠰᠣᠭᠠᠷ ᠦᠷ᠎ᠠ ᠭᠡᠣᠭᠡᠳ ᠡᠷᠬᠦᠵᠦ ᠠᠪᠬᠤ ᠭᠠᠷ ᠬᠦᠢᠴᠡᠳᠭᠡᠯ ᠬᠢᠭᠰᠡᠨ ᠪᠦᠭᠡᠳ ᠡᠷᠬᠦᠵᠦ ᠠᠪᠣᠭᠰᠠᠨ ᠦᠷ᠎ᠠ ᠭᠡᠤᠭᠡᠳ ᠤᠨ ᠡᠷᠦᠭᠡ ᠠᠮᠠ ᠶᠢ ᠲᠣᠰ ᠬᠠᠮᠳᠣ ᠶᠢᠨ ᠠᠵᠦ ᠠᠬᠤᠢ ᠶᠢᠨ ᠵᠣᠬᠢᠶᠠᠨ ᠪᠠᠶᠢᠭᠤᠯᠣᠯᠳᠠ ᠎ ᠳᠤ ᠰᠢᠯᠵᠢᠬᠦᠯᠦᠨ ᠣᠷᠣᠭᠤᠯᠤᠭᠰᠠᠳ᠃     ⒌ ᠨᠡᠬᠦᠳᠠᠯ ᠠᠷᠠᠳ ᠤᠨ ᠳᠣᠬᠠᠢ ᠣᠯᠣᠰ ᠤᠨ ᠲᠦᠷᠤ ᠶᠢᠨ ᠪᠣᠳᠣᠯᠭ᠎ᠠ ᠠᠴᠠ ᠪᠣᠯᠵᠦ ᠡᠷᠦᠭᠡ ᠠᠮᠠ ᠪᠠᠨ ᠲᠣᠰ ᠬᠠᠮᠳᠣ ᠶᠢᠨ ᠠᠵᠦ ᠠᠬᠤᠢ ᠶᠢᠨ ᠵᠣᠬᠢᠶᠠᠨ ᠪᠠᠶᠢᠭᠤᠯᠣᠯᠳᠠ ᠳᠤ ᠰᠢᠯᠵᠢᠬᠦᠯᠦᠨ ᠣᠷᠣᠭᠤᠯᠤᠭᠰᠠᠳ᠃     ⒍ᠲᠤᠰ ᠬᠠᠮᠳᠣ ᠶᠢᠨ ᠠᠵᠦ ᠠᠬᠤᠢ ᠶᠢᠨ ᠵᠣᠬᠢᠶᠠᠨ ᠪᠠᠶᠢᠭᠤᠯᠣᠯᠳᠠ ᠶᠢᠨ ᠭᠡᠰᠢᠬᠦᠨ ᠤ ᠡᠷᠦᠭᠡ ᠠᠮᠠ ᠪᠠᠨ ᠣᠷᠣᠭᠤᠯᠣᠭᠰᠠᠨ ᠦᠭᠡᠢ ᠨᠢᠯᠬ᠎ᠠ ᠦᠷ᠎ᠠ ᠭᠡᠤᠭᠡᠳ᠃      ⒎ᠬᠠᠤᠯᠢ ᠶᠤᠰᠤᠭᠠᠷ ᠲᠤᠭᠲᠠᠭᠠᠭᠰᠠᠨ ᠬᠠᠮᠲᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠲᠠ ᠶᠢᠨ ᠬᠡᠰᠢᠬᠦᠨ᠃         ︵ᠬᠤᠶᠠᠷ︶ ᠬᠠᠮᠳᠣ ᠶᠢᠨ ᠠᠵᠦ ᠠᠬᠤᠢ ᠶᠢᠨ ᠵᠤᠬᠢᠶᠠᠨ ᠪᠠᠶᠢᠭᠤᠯᠣᠯᠳᠠ ᠶᠢᠨ ᠭᠡᠰᠢᠬᠦᠨ ᠤ ᠬᠢᠷᠢ ᠭᠡᠮ ᠢ ᠦᠯᠡᠳᠡᠭᠡᠪᠡᠯ ᠵᠣᠬᠢᠬᠤ ᠨᠦᠬᠦᠴᠠᠯ᠄      ⒈ ᠤᠤᠯ ᠳᠠᠭᠠᠨ ᠡᠷᠦᠭᠡ ᠠᠮᠠ ᠶᠢᠨ ᠬᠠᠷᠢᠴᠠᠭ᠎ᠠ ᠨᠢ ᠲᠣᠰ ᠬᠠᠮᠳᠣ ᠶᠢᠨ ᠠᠵᠦ ᠠᠬᠤᠢ ᠶᠢᠨ ᠵᠣᠬᠢᠶᠠᠨ ᠪᠠᠶᠢᠭᠤᠯᠣᠯᠳᠠ ᠳᠤ ᠪᠠᠶᠢᠭ᠎ᠠ ᠪᠦᠬᠦᠯᠢ ᠡᠳᠣᠷ ᠤᠨ ᠲᠦᠷᠢᠮᠳᠣ ᠦᠨᠳᠣᠷ ᠵᠠᠷᠭᠡ ᠶᠢᠨ ᠰᠣᠷᠭᠠᠭᠤᠯᠢ᠂  ᠲᠣᠮᠳᠠ ᠵᠠᠷᠭᠡ ᠎ ᠶᠢᠨ ᠲᠣᠰᠬᠠᠢ ᠮᠠᠷᠭᠡᠵᠢᠯ ᠤᠨ ᠰᠣᠷᠭᠠᠭᠤᠯᠢ ᠳᠤ ᠰᠣᠷᠣᠯᠴᠠᠵᠦ ᠪᠠᠶᠢᠭ᠎ᠠ ᠰᠣᠷᠣᠭᠴᠢ᠃      ⒉ᠤᠤᠯ ᠳᠠᠭᠠᠨ ᠡᠷᠦᠬᠡ ᠠᠮᠠ ᠶᠢᠨ ᠬᠠᠷᠢᠴᠠᠭ᠎ᠠ ᠨᠢ ᠲᠤᠰ ᠬᠠᠮᠲᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠲᠠ ᠳᠤ ᠪᠠᠶᠢᠭ᠎ᠠ ᠪᠦᠬᠦᠯᠢ ᠡᠳᠦᠷ ᠤᠨ ᠲᠦᠷᠢᠮᠲᠦ ᠦᠨᠳᠦᠷ ᠵᠡᠷᠭᠡ ᠶᠢᠨ ᠰᠤᠷᠭᠠᠭᠤᠯᠢ᠂ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠠᠴᠠ ᠲᠡᠭᠦᠰᠦᠭᠰᠡᠨ ᠤ ᠳᠠᠷᠠᠭ᠎ᠠ ᠲᠤᠭᠲᠠᠪᠤᠷᠢᠲᠠᠢ ᠠᠵᠢᠯ ᠤᠯᠤᠭ᠎ᠠ ᠦᠭᠡᠢ ᠬᠦᠮᠦᠨ᠃      ⒊ᠤᠤᠯ ᠳᠠᠭᠠᠨ ᠡᠷᠦᠭᠡ ᠠᠮᠠ ᠶᠢᠨ ᠬᠠᠷᠢᠴᠠᠭ᠎ᠠ ᠨᠢ ᠲᠣᠰ ᠬᠠᠮᠳᠣ ᠶᠢᠨ ᠠᠵᠦ ᠠᠬᠤᠢ ᠶᠢᠨ ᠵᠣᠬᠢᠶᠠᠨ ᠪᠠᠶᠢᠭᠤᠯᠣᠯᠳᠠ ᠳᠤ ᠪᠠᠶᠢᠵᠣ ᠤᠳᠣ ᠴᠡᠷᠢᠭ ᠤᠨ ᠠᠯᠪᠠ ᠬᠠᠭᠠᠵᠦ ᠪᠠᠶᠢᠬᠤ ᠠᠯᠪᠠᠨ ᠵᠢᠷᠦᠮ ᠤᠨ ᠴᠡᠷᠢᠭ ᠪᠠ ᠣᠯᠣᠰ ᠎ ᠤᠨ ᠬᠠᠮᠢᠶ᠎ᠠ ᠪᠦᠬᠦᠢ ᠲᠣᠭᠳᠠᠭᠠᠯ ᠳᠤ ᠨᠠᠶᠢᠴᠡᠬᠦ ᠪᠠᠭ᠎ᠠ ᠤᠹᠢᠼᠧᠷ ᠴᠡᠷᠢᠭ᠃       ⒋ᠤᠤᠯ ᠳᠠᠭᠠᠨ ᠡᠷᠦᠭᠡ ᠠᠮᠠ ᠶᠢᠨ ᠬᠠᠷᠢᠴᠠᠭ᠎ᠠ ᠨᠢ ᠲᠣᠰ ᠬᠠᠮᠳᠣ ᠶᠢᠨ ᠠᠵᠦ ᠠᠬᠤᠢ ᠶᠢᠨ ᠵᠣᠬᠢᠶᠠᠨ ᠪᠠᠶᠢᠭᠤᠯᠣᠯᠳᠠ ᠳᠤ ᠪᠠᠶᠢᠬᠤ ᠶᠢᠨ ᠬᠠᠮᠲᠤ ᠬᠤᠶᠠᠳᠤᠭᠠᠷ ᠡᠭᠡᠯᠵᠢ ᠶᠢᠨ ᠭᠠᠵᠠᠷ ᠰᠢᠷᠤᠢ ᠨᠤᠲᠤᠭ ᠪᠡᠯᠴᠢᠭᠡᠷ ᠤᠨ ᠳᠠᠭᠠᠭᠠᠴᠢᠯᠠᠯᠲᠠ ᠶᠢᠨ ᠡᠷᠬᠡ ᠶᠢ ᠬᠠᠮᠲᠤ ᠪᠠᠷ ᠬᠡᠷᠡᠭᠯᠡᠵᠤ ᠪᠠᠶᠢᠭ᠎ᠠ ᠬᠦᠮᠦᠨ ᠵᠢᠴᠢ ᠲᠡᠭᠦᠨ ᠤ ᠬᠠᠦᠯᠢ ᠶᠤᠰᠤᠨ ᠤ ᠡᠬᠡᠨᠡᠷ᠂ ᠬᠦᠷᠭᠡᠨ ᠰᠠᠭᠤᠵᠤ ᠢᠷᠡᠭᠰᠡᠨ ᠬᠦᠮᠦᠨ᠂ ᠬᠤᠷᠢᠮᠯᠠᠭᠰᠠᠨ ᠤ ᠳᠠᠷᠠᠭ᠎ᠠ ᠲᠦᠷᠦᠭᠰᠡᠨ ᠦᠷ᠎ᠡ ᠬᠡᠦᠬᠡᠳ᠃      ⒌ ᠲᠤᠰ ᠭᠠᠴᠠᠭ᠎ᠠ ᠲᠤᠰᠬᠤᠨ ᠤ ᠠᠷᠪᠠᠨ ᠨᠠᠢᠮᠠᠨ ᠪᠦᠬᠦᠯᠢ ᠠᠴᠠ ᠳᠡᠭᠡᠭᠰᠢᠬᠢ ᠨᠠᠰᠤᠨ ᠤ ᠠᠷᠠᠳ ᠬᠠᠭᠠᠰ ᠠᠴᠠ ᠳᠡᠭᠡᠭᠰᠢ ᠣᠷᠣᠯᠴᠠᠭᠰᠠᠨ ᠬᠤᠷᠠᠯ ᠪᠤᠶᠤ ᠲᠤᠰ ᠭᠠᠴᠠᠭ᠎ᠠ ᠲᠤᠰᠬᠤᠨ ᠤ ᠭᠤᠷᠪᠠᠨ ᠤ ᠬᠤᠶᠠᠷ ᠬᠤᠪᠢ ᠎ ᠠᠴᠠ ᠳᠡᠭᠡᠭᠰᠢ ᠡᠷᠦᠬᠡ ᠶᠢᠨ ᠲᠦᠯᠦᠭᠡᠯᠡᠭᠴᠢᠳ ᠤᠨ ᠬᠤᠷᠠᠯ ᠢᠶᠠᠷ ᠶᠠᠷᠢᠯᠴᠠᠭᠠᠳ ᠬᠤᠷᠠᠯ ᠳᠤ ᠣᠷᠣᠯᠴᠠᠭᠰᠠᠨ ᠬᠠᠭᠠᠰ ᠠᠴᠠ ᠳᠡᠭᠡᠭᠰᠢᠬᠢ ᠠᠷᠠᠳ ᠵᠦᠪᠰᠢᠶᠡᠷᠡᠬᠡᠳ ᠲᠣᠰ ᠬᠠᠮᠳᠣ ᠶᠢᠨ ᠠᠵᠦ ᠠᠬᠤᠢ ᠶᠢᠨ ᠵᠣᠬᠢᠶᠠᠨ ᠪᠠᠶᠢᠭᠤᠯᠣᠯᠳᠠ ᠶᠢᠨ ᠭᠡᠰᠢᠬᠦᠨ ᠤ ᠬᠢᠷᠢ ᠭᠡᠮ ᠢ ᠤᠯᠤᠭᠰᠠᠨ ᠬᠦᠮᠦᠨ᠃          ᠳᠥᠷᠪᠡ᠂ ᠲᠤᠭᠲᠠᠭᠠᠬᠤ ᠶᠠᠪᠤᠴᠠ      ᠭᠠᠴᠠᠭ᠎ᠠ ᠲᠤᠰᠬᠤᠨ ᠤ ᠭᠡᠰᠢᠭᠦᠨ ᠤ ᠬᠢᠷᠢ ᠬᠡᠮ ᠢ ᠲᠤᠭᠲᠠᠭᠠᠬᠤ ᠠᠵᠢᠯ ᠢ ᠭᠠᠴᠠᠭ᠎ᠠ ᠲᠤᠰᠬᠤᠨ ᠤ ᠬᠠᠮᠲᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠲᠠ ᠶᠢᠨ ᠭᠡᠰᠢᠭᠦᠨ ᠢ ᠲᠤᠭᠲᠠᠭᠠᠬᠤ ᠠᠵᠢᠯ ᠤᠨ ᠲᠤᠭᠤᠶᠢᠯᠠᠩ ᠪᠤᠲᠠᠲᠠᠢ ᠬᠠᠷᠢᠭᠤᠴᠠᠵᠤ ᠰᠤᠮᠤ ᠪᠠᠯᠭᠠᠰᠤᠨ ᠤ ᠬᠠᠮᠲᠤ ᠶᠢᠨ ᠡᠳ᠋ ᠬᠦᠷᠦᠩᠭᠡ ᠶᠢᠨ ᠡᠷᠬᠡ ᠶᠢᠨ ᠲᠦᠷᠢᠮ ᠤᠨ ᠦᠭᠡᠷᠡᠴᠢᠯᠡᠯᠲᠡ ᠶᠢᠨ ᠤᠳᠤᠷᠢᠳᠬᠤ ᠲᠤᠭᠤᠶᠢᠯᠠᠩ ᠤᠨ ᠵᠢᠭᠠᠨ ᠵᠢᠯᠤᠭᠤᠳᠤᠯᠭ᠎ᠠ ᠬᠢᠨᠠᠯᠲᠠ ᠲᠤᠤᠷ᠎ᠠ ᠶᠠᠪᠤᠭᠳᠠᠭᠤᠯᠤᠨ᠎ᠠ᠃ ᠪᠤᠲᠠᠲᠡᠢ ᠶᠠᠪᠤᠴᠠ ᠨᠢ ᠲᠤᠤᠷᠠᠬᠢ ᠮᠡᠲᠤ᠄     ︵ᠨᠢᠭᠡ︶ ᠤᠬᠠᠭᠤᠯᠤᠨ ᠳᠠᠶᠢᠴᠢᠯᠠᠬᠤ᠃ ᠭᠡᠰᠢᠭᠦᠨ ᠤ ᠬᠢᠷᠢ ᠬᠡᠮ ᠢ ᠲᠤᠭᠲᠠᠭᠠᠬᠤ ᠠᠵᠢᠯ ᠤᠨ ᠵᠤᠷᠢᠯᠭ᠎ᠠ ᠠᠴᠢ ᠬᠤᠯᠪᠤᠭᠲᠠᠯ ᠢ ᠦᠷᠭᠡᠨ ᠢᠶᠠᠷ ᠤᠬᠠᠭᠤᠯᠵᠤ ᠦᠷᠭᠡᠨ ᠤᠯᠠᠨ ᠮᠠᠯᠴᠢᠨ ᠲᠦᠮᠡᠨ ᠳᠤ ᠬᠠᠤᠯᠢ ᠲᠦᠷᠢᠮ᠂ ᠲᠦᠷᠢᠮ ᠲᠤᠭᠲᠠᠭᠠᠯ ᠪᠠ ᠲᠦᠷᠤ ᠶᠢᠨ ᠪᠤᠲᠤᠯᠭ᠎ᠠ ᠶᠢ ᠮᠡᠳᠡᠭᠦᠯᠵᠦ ᠭᠡᠰᠢᠭᠦᠨ ᠤ ᠬᠢᠷᠢ ᠬᠡᠮ ᠢ ᠲᠤᠭᠲᠠᠭᠠᠬᠤ ᠠᠵᠢᠯ ᠳᠤ ᠢᠳᠡᠪᠬᠢᠲᠡᠢ ᠤᠷᠤᠯᠴᠠᠭᠤᠯᠤᠨ᠎ᠠ᠃      ︵ᠬᠤᠶᠠᠷ︶ ᠭᠠᠴᠠᠭ᠎ᠠ ᠲᠤᠰᠬᠤᠨ ᠤ ᠠᠷᠠᠳ ᠤᠨ ᠬᠤᠷᠠᠯ ᠢ ᠬᠤᠷᠠᠯᠳᠤᠭᠤᠯᠬᠤ᠃ ᠭᠠᠴᠠᠭ᠎ᠠ ᠲᠤᠰᠬᠤᠨ ᠤ ᠬᠠᠮᠲᠤ ᠶᠢᠨ ᠡᠳ᠋ ᠬᠦᠷᠦᠩᠭᠡ ᠶᠢᠨ ᠡᠷᠬᠡ ᠶᠢᠨ ᠲᠦᠷᠢᠮ ᠤᠨ ᠡᠷᠬᠡ ᠶᠢᠨ ᠦᠭᠡᠷᠡᠴᠢᠯᠡᠯᠲᠡ ᠤᠨ ᠤᠳᠤᠷᠢᠳᠬᠤ ᠲᠤᠭᠤᠶᠢᠯᠠᠩ ᠠᠴᠠ ᠭᠠᠴᠠᠭ᠎ᠠ ᠲᠤᠰᠬᠤᠨ ᠤ ᠠᠷᠠᠳ ᠤᠨ ᠬᠤᠷᠠᠯ ᠢ ᠬᠤᠷᠠᠯᠳᠤᠭᠤᠯᠵᠤ ᠰᠠᠭᠤᠷᠢ ᠪᠠᠷᠢᠮᠵᠢᠶ᠎ᠠ ᠡᠳᠣᠷ ᠬᠤᠭᠤᠴᠠᠭ᠎ᠠ ᠪᠠ ᠭᠡᠰᠢᠭᠦᠨ ᠤ ᠬᠢᠷᠢ ᠬᠡᠮ ᠢ ᠲᠤᠭᠲᠠᠭᠠᠬᠤ ᠠᠷᠭ᠎ᠠ ᠶᠢ ᠰᠤᠳᠤᠯᠤᠨ ᠲᠤᠭᠲᠠᠭᠠᠬᠤ ᠶᠢᠨ ᠵᠡᠷᠭᠡᠪᠡᠷ ᠭᠠᠴᠠᠭ᠎ᠠ ᠲᠤᠰᠬᠤᠨ ᠤ ᠬᠠᠮᠲᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠲᠠ ᠶᠢᠨ ᠭᠡᠰᠢᠭᠦᠨ ᠤ ᠬᠢᠷᠢ ᠬᠡᠮ ᠢ ᠲᠤᠭᠲᠠᠭᠠᠬᠤ ᠠᠵᠢᠯ ᠤᠨ ᠲᠤᠭᠤᠶᠢᠯᠠᠩ ᠢ ᠰᠤᠩᠭᠤᠨ ᠭᠠᠷᠭᠠᠨ᠎ᠠ᠃      ︵ᠭᠤᠷᠪᠠ︶ ᠭᠡᠰᠢᠭᠦᠨ ᠤ ᠨᠠᠷᠡᠰ ᠤᠨ ᠵᠢᠭᠳᠡ ᠶᠢ ᠠᠩᠬ᠎ᠠ ᠨᠡᠶᠢᠲᠡᠯᠡᠬᠦ᠂ ᠲᠠᠬᠢᠨ ᠨᠡᠶᠢᠲᠡᠯᠡᠬᠦ᠃ ᠭᠠᠴᠠᠭ᠎ᠠ ᠲᠤᠰᠬᠤᠨ ᠤ ᠬᠠᠮᠲᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠲᠠ ᠶᠢᠨ ᠭᠡᠰᠢᠬᠦᠨ ᠤ ᠬᠢᠷᠢ ᠬᠡᠮ ᠢ ᠲᠤᠭᠲᠠᠭᠠᠬᠤ ᠠᠵᠢᠯ ᠤᠨ ᠳᠤᠭᠤᠶᠢᠯᠠᠩ ᠡᠷᠤᠬᠡ ᠳᠤ ᠬᠦᠨᠵᠡᠬᠡᠶᠢᠷᠡᠨ ᠪᠠᠶᠢᠴᠠᠭᠠᠯᠲᠠ ᠬᠢᠵᠤ ᠪᠠᠶᠢᠳᠠᠯ ᠢ ᠤᠶᠢᠯᠠᠭᠠᠬᠤ ᠬᠦᠰᠦᠨᠦᠭᠲᠦ ᠪᠠ ᠬᠤᠷᠢᠶᠠᠩᠭᠤᠶᠢᠯᠠᠭᠰᠠᠨ ᠬᠦᠰᠦᠨᠦᠭᠲᠦ ᠶᠢ ᠲᠠᠭᠯᠠᠵᠤ ᠭᠠᠴᠠᠭ᠎ᠠ ᠲᠤᠰᠬᠤᠨ ᠤ ᠡᠳ᠋ ᠬᠦᠷᠦᠩᠭᠡ ᠶᠢᠨ ᠡᠷᠬᠡ ᠶᠢᠨ ᠲᠦᠷᠢᠮ ᠤᠨ ᠦᠭᠡᠷᠡᠴᠢᠯᠡᠯᠲᠡ ᠶᠢᠨ ᠠᠵᠢᠯ ᠤᠨ ᠲᠤᠭᠤᠶᠢᠯᠠᠩ ᠬᠢᠨᠠᠨ ᠵᠦᠪᠯᠡᠭᠰᠡᠨ ᠤ ᠲᠠᠷᠠᠭ᠎ᠠ ᠭᠡᠰᠢᠭᠦᠨ ᠤ ᠨᠠᠷᠠᠰ ᠤᠨ ᠵᠢᠭᠳᠡ ᠶᠢ ᠪᠦᠬᠦ ᠭᠠᠴᠠᠭᠠᠨ ᠤ ᠠᠷᠠᠳ ᠲᠤ ᠠᠩᠬ᠎ᠠ ᠵᠠᠷᠯᠠᠨ ᠨᠡᠶᠢᠲᠡᠯᠡᠨ᠎ᠡ ︵ᠬᠤᠭᠤᠴᠠᠭ᠎ᠠ ᠎ ᠨᠢ 7 ᠡᠳᠤᠷ ᠠᠴᠠ ᠲᠤᠲᠠᠭᠤ ᠪᠠᠶᠢᠵᠤ ᠪᠣᠯᠬᠤ ᠦᠭᠡᠢ︶᠃ ᠬᠡᠷᠪᠡ ᠭᠡᠰᠢᠭᠦᠨ ᠤ ᠨᠠᠷᠠᠰ ᠤᠨ ᠵᠢᠭᠳᠡ ᠳᠤ ᠰᠠᠨᠠᠯ ᠲᠠᠢ ᠪᠤᠯ ᠭᠠᠴᠠᠭ᠎ᠠ ᠲᠤᠰᠬᠤᠨ ᠤ ᠡᠳ᠋ ᠬᠦᠷᠦᠩᠭᠡ ᠶᠢᠨ ᠡᠷᠬᠡ ᠶᠢᠨ ᠲᠦᠷᠢᠮ ᠤᠨ ᠦᠭᠡᠷᠡᠴᠢᠯᠡᠯᠲᠡ ᠶᠢᠨ ᠤᠳᠤᠷᠢᠳᠬᠤ ᠲᠤᠭᠤᠶᠢᠯᠠᠩ ᠲᠠᠬᠢᠨ ᠬᠤᠷᠠᠯᠳᠤᠭᠤᠯᠵᠤ ᠬᠢᠨᠠᠨ ᠵᠦᠪᠯᠡᠭᠰᠡᠨ ᠤ ᠲᠠᠷᠠᠭ᠎ᠠ ᠪᠦᠬᠦ ᠭᠠᠴᠠᠭᠠᠨ ᠤ ᠠᠷᠠᠳ ᠲᠤ ᠳᠠᠬᠢᠨ ᠵᠠᠷᠯᠠᠨ ᠨᠡᠶᠢᠲᠡᠯᠡᠨ᠎ᠡ ︵ᠬᠤᠭᠤᠴᠠᠭ᠎ᠠ ᠨᠢ 7 ᠡᠳᠤᠷ ᠠᠴᠠ ᠲᠤᠲᠠᠭᠤ ᠪᠠᠶᠢᠵᠤ ᠪᠣᠯᠬᠤ ᠦᠭᠡᠢ︶᠃       ︵ᠲᠦᠷᠪᠡ︶ ᠭᠡᠰᠢᠭᠦᠨ ᠤ ᠨᠠᠷᠠᠰ ᠤᠨ ᠵᠢᠭᠳᠡ ᠳᠤ ᠭᠠᠷ ᠤᠨ ᠦᠰᠦᠭ ᠵᠢᠷᠤᠵᠤ ᠲᠤᠭᠲᠠᠭᠠᠬᠤ᠃ ᠭᠡᠰᠢᠭᠦᠨ ᠤ ᠨᠠᠷᠠᠰ ᠤᠨ ᠵᠢᠭᠳᠡ ᠶᠢ ᠵᠠᠷᠯᠠᠨ ᠨᠡᠶᠢᠳᠡᠯᠡᠭᠰᠡᠨ ᠤ ᠳᠠᠷᠠᠭ᠎ᠠ ᠰᠤᠮᠤ ᠪᠠᠯᠭᠠᠰᠤᠨ ᠤ ᠬᠠᠮᠲᠤ ᠶᠢᠨ ᠡᠳ᠋ ᠬᠦᠷᠦᠩᠭᠡ ᠶᠢᠨ ᠡᠷᠬᠡ ᠶᠢᠨ ᠲᠦᠷᠢᠮ ᠤᠨ ᠥᠭᠡᠷᠡᠴᠢᠯᠡᠯᠳᠡ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠬᠢᠨᠠᠯᠳᠠ ᠳᠤᠤᠷ᠎ᠠ ᠭᠡᠰᠢᠭᠦᠨ ᠤ ᠨᠠᠷᠠᠰ ᠤᠨ ᠵᠢᠭᠳᠡ ᠪᠠᠨ ᠭᠠᠴᠠᠭ᠎ᠠ ᠳᠤᠰᠬᠤᠨ ᠤ ᠠᠷᠠᠳ ᠤᠨ ᠬᠤᠷᠠᠯ ᠳᠤ ᠳᠤᠰᠢᠶᠠᠵᠦ ᠲᠤᠰ ᠭᠠᠴᠠᠭ᠎ᠠ ᠳᠤᠰᠬᠤᠨ ᠤ ᠠᠷᠪᠠᠨ ᠨᠠᠢᠮᠠᠨ ᠪᠦᠬᠦᠯᠢ ᠠᠴᠠ ᠳᠡᠭᠡᠭᠰᠢᠬᠢ ᠨᠠᠰᠤᠨ ᠤ ᠠᠷᠠᠳ ᠬᠠᠭᠠᠰ ᠠᠴᠠ ᠳᠡᠭᠡᠭᠰᠢ ᠣᠷᠣᠯᠴᠠᠭᠰᠠᠨ ᠬᠤᠷᠠᠯ ᠪᠤᠶᠤ ᠲᠤᠰ ᠭᠠᠴᠠᠭ᠎ᠠ ᠲᠤᠰᠬᠤᠨ ᠤ ᠭᠤᠷᠪᠠᠨ ᠤ ᠬᠤᠶᠠᠷ ᠬᠤᠪᠢ ᠎ ᠠᠴᠠ ᠳᠡᠭᠡᠭᠰᠢ ᠡᠷᠦᠬᠡ ᠶᠢᠨ ᠲᠥᠯᠥᠬᠡᠯᠡᠭᠴᠢᠳ ᠤᠨ ᠬᠤᠷᠠᠯ ᠢᠶᠠᠷ ᠶᠠᠷᠢᠯᠴᠠᠭᠠᠳ ᠭᠠᠴᠠᠭ᠎ᠠ ᠳᠤᠰᠬᠤᠨ ᠤ ᠬᠠᠭᠠᠰ ᠠᠴᠠ ᠳᠡᠭᠡᠭᠰᠢᠬᠢ ᠠᠷᠠᠳ ᠵᠦᠪᠰᠢᠶᠡᠷᠡᠬᠦ ᠶᠢᠨ ᠬᠠᠮᠲᠤ ᠭᠠᠷ ᠤᠨ ᠦᠰᠦᠭ ᠵᠢᠷᠦᠵᠦ ᠨᠤᠲᠠᠯᠠᠨ ᠲᠤᠭᠲᠠᠭᠠᠨ᠎ᠠ       ︵ᠲᠠᠪᠤ︶ ᠭᠡᠰᠢᠭᠦᠳ ᠤᠨ ᠨᠠᠷᠠᠰ ᠤᠨ ᠵᠢᠭᠳᠡ ᠶᠢᠨ ᠡᠴᠦᠰ ᠤᠨ ᠵᠠᠷᠯᠠᠨ ᠨᠡᠶᠢᠲᠡᠯᠡᠯᠳᠡ᠃ ᠭᠠᠷ ᠤᠨ ᠦᠰᠦᠭ ᠵᠢᠷᠦᠵᠦ ᠲᠤᠭᠲᠠᠭᠠᠭᠰᠠᠨ ᠭᠡᠰᠢᠭᠦᠨ ᠤ ᠨᠠᠷᠠᠰ ᠤᠨ ᠵᠢᠭᠳᠡ ᠶᠢ ᠰᠤᠮᠤ ᠪᠠᠯᠭᠠᠰᠤᠨ ᠤ ᠬᠠᠮᠲᠤ ᠶᠢᠨ ᠡᠳ᠋ ᠬᠦᠷᠦᠩᠭᠡ ᠶᠢᠨ ᠡᠷᠬᠡ ᠶᠢᠨ ᠲᠦᠷᠢᠮ ᠤᠨ ᠥᠭᠡᠷᠡᠴᠢᠯᠡᠯᠳᠡ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠮᠡᠳᠡᠭᠦᠯᠵᠦ ᠬᠢᠨᠠᠨ ᠬᠠᠷᠭᠤᠭᠤᠯᠤᠭᠤᠯᠤᠭᠰᠠᠨ ᠤ ᠳᠠᠷᠠᠭ᠎ᠠ ᠡᠴᠦᠰ ᠤᠨ ᠵᠠᠷᠯᠠᠨ ᠨᠡᠶᠢᠳᠡᠯᠡᠯᠳᠡ ᠶᠢ ᠬᠢᠨ᠎ᠡ ︵ᠬᠤᠭᠤᠴᠠᠭ᠎ᠠ ᠨᠢ 7 ᠡᠳᠦᠷ ᠠᠴᠠ ᠳᠤᠲᠠᠭᠤ ᠪᠠᠶᠢᠵᠦ ᠪᠤᠯᠬᠤ ᠦᠭᠡᠢ︶᠃ ᠡᠴᠦᠰ ᠤᠨ ᠵᠠᠷᠯᠠᠨ ᠨᠡᠶᠢᠲᠡᠯᠡᠯᠲᠡ ᠳᠠᠭᠤᠰᠤᠭᠰᠠᠨ ᠤ ᠳᠠᠷᠠᠭ᠎ᠠ ᠵᠠᠷᠢᠮ ᠭᠠᠴᠠᠭ᠎ᠠ ᠲᠤᠰᠬᠤᠨ ᠬᠡᠷᠪᠡ ᠮᠠᠷᠭᠤᠭᠠᠨ ᠶᠡᠭᠡ ᠪᠠᠶᠢᠪᠠᠯ ᠭᠠᠴᠠᠭ᠎ᠠ ᠲᠤᠰᠬᠤᠨ ᠤ ᠠᠷᠠᠳ ᠤᠨ ᠬᠤᠷᠠᠯ ᠢ ᠳᠠᠬᠢᠨ ᠬᠤᠷᠠᠯᠳᠤᠭᠤᠯᠵᠦ ᠰᠤᠳᠤᠯᠵᠦ ᠪᠤᠯᠤᠨ᠎ᠠ᠃      ︵ᠵᠢᠷᠭᠤᠭ᠎ᠠ︶ ᠳᠠᠩᠰᠠ ᠡᠪᠬᠡᠮᠡᠯ ᠳᠤ ᠲᠡᠮᠳᠡᠭᠯᠡᠨ ᠣᠷᠤᠭᠤᠯᠬᠤ᠃ ᠡᠯ᠎ᠡ ᠭᠠᠴᠠᠭ᠎ᠠ ᠳᠤᠰᠬᠤᠨ ᠤ ᠭᠡᠰᠢᠭᠦᠨ ᠤ ᠬᠢᠷᠢ ᠭᠡᠮ ᠢ ᠲᠤᠬᠳᠠᠭᠠᠬᠤ ᠶᠠᠪᠤᠴᠠ ᠳᠤ ᠪᠤᠢ ᠪᠣᠯᠣᠬᠰᠠᠨ ᠬᠤᠷᠠᠯ ᠤᠨ ᠲᠡᠮᠳᠡᠭᠯᠡᠯ᠂ ᠭᠡᠰᠢᠭᠦᠨ ᠤ ᠨᠠᠷᠠᠰ ᠎ ᠤᠨ ᠵᠢᠭᠳᠡ᠂ ᠵᠠᠷᠯᠠᠨ ᠨᠡᠶᠢᠲᠡᠯᠡᠭᠰᠡᠨ ᠠᠭᠤᠯᠭ᠎ᠠ ᠪᠦᠬᠦᠢ ᠳᠦᠷᠰᠦ ᠰᠢᠩᠭᠡᠭᠡᠯᠳᠡ ᠶᠢᠨ ᠮᠠᠲ᠋ᠧᠷᠢᠶᠠᠯ ︵ᠳᠠᠩᠰᠠ ᠡᠪᠬᠡᠮᠡᠯ ᠳᠤ ᠣᠷᠣᠭᠤᠯᠬᠤ ᠳᠠᠩᠰᠠᠯᠠᠯᠳᠠ ᠶᠢᠨ ᠮᠠᠲ᠋ᠧᠷᠢᠶᠠᠯ ᠳᠤ ᠭᠡᠰᠢᠭᠦᠨ ᠤ ᠪᠡᠶ᠎ᠡ ᠶᠢᠨ ᠦᠨᠡᠮᠯᠡᠯ᠂ ᠡᠷᠦᠬᠡ ᠠᠮᠠ ᠶᠢᠨ ᠳᠡᠪᠲᠡᠷ᠂ ᠰᠢᠨ᠎ᠡ ᠲᠥᠷᠦᠭᠰᠡᠨ ᠦᠷ᠎ᠡ ᠬᠡᠦᠬᠡᠳ ᠤᠨ ᠲᠥᠷᠦᠭᠰᠡᠨ ᠤ ᠦᠨᠡᠮᠯᠡᠯ᠂ ᠬᠦᠩᠭᠡᠵᠢᠭᠦ ᠶᠢ ᠵᠦᠪᠰᠢᠶᠡᠷᠡᠭᠰᠡᠨ ᠦᠨᠡᠮᠯᠡᠯ᠂ ᠬᠠᠷᠢ ᠳᠤ ᠮᠣᠷᠳᠠᠬᠰᠠᠨ ᠭᠡᠰᠢᠭᠦᠨ ᠤ ᠤᠷᠤᠭ ᠤᠨ ᠪᠠᠳᠤᠯᠠᠪᠦᠷᠢ᠂ ᠬᠠᠤᠯᠢ ᠶᠤᠰᠤ ᠪᠠᠷ ᠡᠷᠭᠦᠨ ᠲᠡᠵᠢᠭᠡᠭᠰᠡᠨ ᠦᠷ᠎ᠡ ᠬᠡᠦᠬᠡᠳ ᠤᠨ ᠡᠷᠭᠦᠨ ᠲᠡᠵᠢᠭᠡᠭᠰᠡᠨ ᠦᠨᠡᠮᠯᠡᠯ᠂ ᠪᠣᠰᠣᠳ ᠬᠠᠮᠲᠦ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠶᠢᠨ ᠭᠡᠰᠢᠭᠦᠨ ᠤ ᠬᠢᠷᠢ ᠭᠡᠮ ᠢ ᠥᠯᠥ ᠣᠯᠣᠬᠰᠠᠨ ᠭᠡᠷᠡᠴᠢ ᠮᠠᠲ᠋ᠧᠷᠢᠶᠠᠯ ᠵᠡᠷᠭᠡ ᠮᠠᠲ᠋ᠧᠷᠢᠶᠠᠯ ᠤᠨ ᠬᠠᠭᠤᠯᠪᠦᠷᠢ ᠪᠠᠭᠳᠠᠨ᠎ᠠ︶ ᠵᠡᠷᠭᠡ ᠮᠠᠲ᠋ᠧᠷᠢᠶᠠᠯ ᠢ ᠨᠢᠭᠡ ᠬᠡᠯᠪᠡᠷᠢ ᠶᠢᠨ ᠭᠤᠷᠪᠠᠨ ᠬᠤᠪᠢ ᠪᠡᠯᠡᠳᠬᠡᠵᠤ ᠬᠠᠮᠲᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠶᠢᠨ ᠬᠠᠷᠢᠭᠤᠴᠠᠯᠭᠠᠲᠠᠨ ᠢᠶᠠᠷ ᠭᠠᠷ ᠤᠨ ᠦᠰᠦᠭ ᠵᠢᠷᠤᠭᠤᠯᠵᠤ ᠲᠠᠮᠠᠭ᠎ᠠ ᠳᠠᠷᠤᠬᠰᠠᠨ ᠤ ᠳᠠᠷᠠᠭ᠎ᠠ ᠪᠦᠬᠦᠨ ᠢ ᠳᠠᠩᠰᠠ ᠡᠪᠬᠡᠮᠡᠯ ᠳᠤ ᠤᠷᠤᠭᠤᠯᠤᠨ᠎ᠠ᠃ ᠳᠠᠷᠠᠭ᠎ᠠ ᠨᠢ ᠬᠤᠰᠢᠭᠤ᠂ ᠰᠤᠮᠤ ᠪᠠᠯᠭᠠᠰᠤᠨ ᠤ ᠬᠠᠮᠲᠤ ᠶᠢᠨ ᠡᠳ᠋ ᠬᠦᠷᠦᠩᠭᠡ ᠶᠢᠨ ᠡᠷᠭᠡ ᠶᠢᠨ ᠳᠦᠷᠢᠮ ᠤᠨ ᠥᠭᠡᠷᠡᠴᠢᠯᠡᠯᠳᠡ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠮᠡᠳᠡᠭᠦᠯᠵᠦ ᠳᠠᠩᠰᠠᠯᠠᠭᠤᠯᠤᠨ᠎ᠠ᠃      ᠡᠯ᠎ᠡ ᠰᠤᠮᠤ ᠪᠠᠯᠭᠠᠰᠤᠨ ᠤ ᠬᠠᠮᠲᠤ ᠶᠢᠨ ᠡᠳ᠋ ᠬᠦᠷᠦᠩᠭᠡ ᠶᠢᠨ ᠡᠷᠭᠡ ᠶᠢᠨ ᠳᠦᠷᠢᠮ ᠤᠨ ᠥᠭᠡᠷᠡᠴᠢᠯᠡᠯᠳᠡ ᠶᠢᠨ ᠥᠭᠡᠷᠡᠴᠢᠯᠡᠯᠳᠡ ᠶᠢᠨ ᠤᠳᠤᠷᠢᠳᠬᠤ ᠳᠤᠭᠤᠶᠢᠯᠠᠩ ᠨᠢ ᠲᠤᠰ ᠵᠢᠯᠣᠭᠤᠳᠬᠤ ᠰᠠᠨᠠᠯ ᠢᠶᠠᠷ ᠯᠠᠪᠯᠠᠯᠳᠡ ᠪᠤᠯᠭᠠᠵᠦ ᠪᠤᠳᠠᠳᠤ ᠪᠠᠶᠢᠳᠠᠯ ᠲᠠᠢ ᠤᠶᠠᠯᠳᠤᠭᠤᠯᠤᠨ ᠮᠠᠯᠵᠢᠬᠤ ᠲᠠᠷᠢᠶᠠᠯᠠᠬᠤ ᠣᠷᠤᠨ ᠤ ᠬᠠᠮᠲᠦ ᠶᠢᠨ ᠠᠵᠦ ᠠᠬᠤᠢ ᠶᠢᠨ ᠵᠤᠬᠢᠶᠠᠨ ᠪᠠᠶᠢᠭᠤᠯᠤᠯᠳᠠ ᠶᠢᠨ ᠭᠡᠰᠢᠭᠦᠨ ᠤ ᠬᠢᠷᠢ ᠭᠡᠮ ᠢ ᠲᠤᠭᠲᠠᠭᠠᠬᠤ ᠲᠦᠷᠢᠮ ᠢ ᠲᠤᠭᠲᠠᠭᠠᠵᠤ ᠡᠯ᠎ᠡ ᠭᠠᠴᠠᠭ᠎ᠠ ᠲᠤᠰᠬᠤᠨ ᠨᠢ ᠨᠠᠷᠢᠨ ᠲᠦᠷᠢᠮ ᠢ ᠦᠨᠳᠦᠰᠦᠯᠡᠨ ᠭᠡᠰᠢᠭᠦᠨ ᠤ ᠬᠢᠷᠢ ᠭᠡᠮ ᠢ ᠲᠤᠭᠲᠠᠭᠠᠬᠤ ᠠᠷᠭ᠎ᠠ ᠶᠢ ᠲᠤᠬᠳᠠᠭᠠᠬᠤ ᠶᠢᠨ ᠬᠠᠮᠲᠦ ᠵᠤᠬᠢᠶᠠᠨ ᠪᠠᠶᠢᠭᠤᠯᠤᠨ  ᠬᠡᠷᠡᠭᠵᠢᠬᠦᠯᠦᠨ᠎ᠡ᠃       ᠲᠤᠰ ᠰᠠᠨᠠᠯ ᠢ ᠬᠤᠰᠢᠭᠤ ᠮᠠᠯᠵᠢᠬᠤ ᠲᠠᠷᠢᠶᠠᠯᠠᠬᠤ ᠤᠷᠤᠨ ᠤ ᠬᠠᠮᠲᠤ ᠶᠢᠨ ᠡᠳ᠋ ᠬᠦᠷᠦᠩᠭᠡ ᠶᠢᠨ ᠡᠷᠬᠡ ᠶᠢᠨ ᠲᠦᠷᠢᠮ ᠤᠨ ᠦᠭᠡᠷᠡᠴᠢᠯᠡᠯᠲᠡ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠬᠠᠷᠢᠭᠤᠴᠠᠵᠤ ᠲᠠᠶᠢᠯᠪᠤᠷᠢᠯᠠᠨ᠎ᠠ᠃
 
ᠢᠷᠡᠯᠲᠡ᠄ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠡᠨ ᠬᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号