ᠰᠦᠯᠳᠡ ᠰᠣᠮᠣ ︽ᠣᠭ ᠰᠠᠨᠠᠭ᠎ᠠ ᠪᠠᠨ ᠦᠯᠦ ᠮᠠᠷᠳᠠᠵᠤ ᠡᠬᠦᠷᠭᠡ ᠬᠠᠷᠢᠭᠤᠴᠠᠯᠭ᠎ᠠ ᠪᠠᠨ ᠪᠠᠳᠣ ᠴᠡᠬᠡᠵᠢᠯᠡᠬᠦ︾ ᠭᠤᠣᠯ ᠰᠡᠳᠣᠪᠲᠣ ᠬᠦᠮᠦᠵᠢᠯ ᠤᠨ ᠰᠤᠷᠤᠯᠴᠠᠨ ᠰᠣᠳᠣᠯᠬᠤ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2019-11-01
     10 ᠰᠠᠷ᠎ᠠ ᠶᠢᠨ 28 ᠤ ᠡᠳᠦᠷ ᠰᠦᠯᠳᠡ ᠰᠣᠮᠣ ︽ᠣᠭ ᠰᠠᠨᠠᠭ᠎ᠠ ᠪᠠᠨ ᠦᠯᠦ ᠮᠠᠷᠳᠠᠵᠤ ᠡᠬᠦᠷᠭᠡ ᠬᠠᠷᠢᠭᠤᠴᠠᠯᠭ᠎ᠠ ᠪᠠᠨ ᠪᠠᠳᠣ ᠴᠡᠬᠡᠵᠢᠯᠡᠬᠦ︾ ᠭᠤᠣᠯ ᠰᠡᠳᠣᠪᠲᠣ ᠬᠦᠮᠦᠵᠢᠯ ᠤᠨ ᠰᠤᠷᠤᠯᠴᠠᠨ ᠰᠣᠳᠣᠯᠬᠤ ᠠᠵᠢᠯᠯᠠᠭ᠎ᠠ ᠦᠷᠨᠢᠬᠦᠯᠪᠡ᠃ ᠰᠦᠯᠳᠡ ᠰᠣᠮᠣᠨ ᠤ ᠣᠳᠣᠷᠢᠳᠬᠤ ᠪᠠᠭ᠂ ᠡᠯ᠎ᠡ ᠠᠯᠪᠠᠨ ᠬᠡᠷ᠂ ᠬᠡᠯᠳᠡᠰ ᠤᠨ ᠬᠠᠷᠢᠭᠤᠴᠠᠯᠭᠠᠳᠠᠳ᠂ ᠣᠬᠠᠭᠤᠯᠭ᠎ᠠ᠂ ᠨᠠᠮ ᠤᠨ ᠪᠠᠶᠢᠭᠤᠯᠣᠯᠲᠠ ᠶᠢᠨ ᠠᠵᠢᠯᠳᠠᠳ ᠠᠵᠢᠯᠯᠠᠭᠠᠨ ᠳᠤ ᠣᠷᠣᠯᠴᠠᠪᠠ᠃      ᠠᠵᠢᠯᠯᠠᠭ᠎ᠠ ᠳᠤ ᠪᠠᠶᠢᠴᠠᠭᠠᠨ ᠰᠤᠳᠤᠯᠤᠯᠲᠠ ᠶᠢᠨ ᠲᠤᠭᠤᠶᠢᠯᠠᠩ ᠤᠨ ᠬᠢᠨ ᠬᠤᠰᠢᠭᠤ ᠠᠷᠠᠳ ᠤᠨ ᠠᠮᠢᠳᠣᠷᠠᠯ  ᠤᠨ ᠦᠵᠡᠰᠬᠦᠯᠡᠩ ᠤᠨ ᠣᠷᠳᠣᠨ ᠳᠤ ᠬᠦᠷᠴᠦ ᠪᠦᠬᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ ᠪᠠᠶᠢᠭᠤᠯᠣᠭᠳᠠᠭᠰᠠᠨ 70 ᠵᠢᠯ ᠤᠨ ᠳᠣᠷᠰᠢᠬᠢ ᠮᠠᠨ ᠤ ᠬᠤᠰᠢᠭᠤᠨ ᠤ ᠣᠯᠣᠰ ᠳᠦᠷᠦ᠂ ᠠᠵᠣ ᠠᠬᠤᠢ᠂ ᠠᠷᠠᠳ  ᠤᠨ ᠠᠮᠢᠳᠣᠷᠠᠯ᠂ ᠠᠮᠢ ᠠᠬᠤᠢ ᠶᠢᠨ ᠬᠦᠭᠵᠢᠯᠳᠡ ᠬᠤᠪᠢᠷᠠᠯᠳᠠ ᠶᠢ ᠤᠶᠢᠯᠠᠭᠠᠵᠤ ᠣᠯᠠᠭᠠᠨᠳᠣᠯᠣᠭᠠᠢ ᠪᠠᠯᠭᠠᠰᠣᠨ ᠤ ︽ᠠᠬᠠᠮᠠᠳ ᠳᠣᠰᠬᠤᠨ ᠳᠠᠷᠤᠭ᠎ᠠ ᠶᠢᠨ ᠦᠯᠢᠬᠡᠷ ᠤᠨ ᠰᠠᠩ︾ ᠤᠨ ᠬᠢᠴᠢᠶᠡᠯ ᠤᠨ ᠳᠢᠩᠬᠢᠮ ᠳᠤ ᠠᠬᠠᠮᠠᠳ ᠳᠣᠰᠬᠤᠨ ᠳᠠᠷᠤᠭ᠎ᠠ ᠸᠠᠩ ᠸᠧᠨ ᠰᠢᠦ ᠶᠢᠨ ᠵᠢᠷᠠᠨ ᠵᠢᠯ ᠤᠨ ᠳᠣᠷᠰᠢ ᠦᠨᠳᠦᠰᠦᠨ ᠱᠠᠳᠣᠨ ᠳᠤ ᠰᠢᠷᠭᠠᠭᠤ ᠬᠠᠳᠠᠭᠤᠵᠢᠯᠳᠠᠢ ᠠᠵᠢᠯᠯᠠᠭᠰᠠᠨ ᠦᠩᠬᠡᠷᠡᠯᠳᠡ ᠶᠢ ᠰᠣᠨᠣᠰᠴᠦ ᠣᠭ ᠰᠠᠨᠠᠭ᠎ᠠ ᠪᠠᠨ ᠦᠯᠦ ᠮᠠᠷᠳᠠᠵᠤ ᠡᠬᠦᠷᠭᠡ ᠬᠠᠷᠢᠭᠤᠴᠠᠯᠭ᠎ᠠ ᠪᠠᠨ ᠪᠠᠳᠣ ᠴᠡᠬᠡᠵᠢᠯᠡᠵᠦ ᠶᠠᠪᠣᠭᠰᠠᠨ ᠠᠬᠠᠮᠠᠳ ᠨᠠᠮ ᠤᠨ ᠬᠡᠰᠢᠬᠦᠨ ᠤ ᠵᠣᠷᠢᠭ ᠰᠠᠨᠠᠭ᠎ᠠ ᠶᠢ ᠰᠣᠷᠣᠯᠴᠠᠭᠰᠠᠨ ᠪᠠᠶᠢᠨ᠎ᠠ᠃ ᠪᠠᠶᠠᠨᠭᠤᠣᠯ ᠭᠠᠴᠠᠭᠠᠨ ᠳᠤ ᠳᠡᠳᠡ ᠪᠠᠶᠠᠨᠭᠤᠣᠯ ᠭᠠᠴᠠᠭᠠᠨ ᠤ ᠪᠣᠯᠠᠭ ᠤᠨ ᠣᠰᠣ ᠶᠢ ᠲᠠᠸᠠᠷᠴᠢᠯᠠᠵᠦ  ᠪᠣᠷᠣᠯᠠᠭᠤᠯᠵᠦ ᠪᠠᠶᠢᠭ᠎ᠠ ᠡᠵᠡᠩᠨᠡᠯᠳᠡ ᠶᠢᠨ ᠪᠠᠶᠢᠳᠠᠯ ᠢ ᠣᠶᠢᠯᠠᠭᠠᠵᠦ ᠬᠦᠳᠡᠭᠡ ᠳᠣᠰᠬᠤᠨ ᠢ ᠬᠦᠭᠵᠢᠬᠦᠯᠦᠨ ᠮᠠᠨᠳᠣᠭᠤᠯᠬᠤ ᠪᠠ ᠬᠠᠮᠲᠣ ᠶᠢᠨ ᠠᠵᠣ ᠠᠬᠤᠢ ᠶᠢᠨ ᠬᠦᠭᠵᠢᠯᠳᠡ ᠶᠢᠨ ᠨᠡᠶᠢᠳᠡᠯᠢᠭ ᠵᠢᠱᠢᠶ᠎ᠡ ᠶᠢ ᠰᠣᠷᠣᠯᠴᠠᠭᠰᠠᠨ ᠪᠠᠶᠢᠨ᠎ᠠ᠃ ᠦᠦᠰᠢᠨᠵᠣᠣ ᠪᠠᠯᠭᠠᠰᠣᠨ ᠤ ︽ᠮᠠᠯᠵᠢᠬᠤ ᠳ᠋ᠠᠵᠠᠢ︾ ᠶᠢᠨ ᠮᠦᠽᠸᠢ᠂ ᠦᠦᠰᠢᠨᠵᠦᠦ ᠭᠠᠴᠠᠭᠠᠨ ᠤ ᠠᠮᠢ ᠠᠬᠤᠢ ᠪᠣᠯᠪᠠᠰᠣᠨ ᠤ ᠳᠠᠯᠠᠪᠠᠢ ᠶᠢ ᠳᠣᠭᠤᠷᠢᠨ ᠦᠵᠡᠬᠦ ᠪᠠᠷ ᠳᠠᠮᠵᠢᠨ ᠦᠦᠰᠢᠨᠵᠣᠣ  ᠪᠠᠯᠭᠠᠰᠣ ︽ᠮᠠᠯᠵᠢᠬᠤ ᠳ᠋ᠠᠵᠠᠢ︾ ᠶᠢᠨ ᠵᠣᠷᠢᠭ ᠰᠠᠨᠠᠭ᠎ᠠ ᠪᠠᠷ ᠬᠦᠳᠡᠭᠡ ᠳᠣᠰᠬᠤᠨ ᠢ ᠬᠦᠭᠵᠢᠬᠦᠯᠦᠨ ᠮᠠᠨᠳᠣᠭᠤᠯᠬᠤ ᠪᠠᠶᠢᠯᠳᠣᠬᠤ ᠪᠣᠳᠣᠯᠭ᠎ᠠ ᠪᠠ  ᠠᠮᠢ ᠠᠬᠤᠢ ᠶᠢᠨ ᠪᠣᠯᠪᠠᠰᠣᠨ ᠤ ᠪᠠᠶᠢᠭᠤᠯᠣᠯᠲᠠ ᠶᠢ ᠬᠡᠷᠬᠢᠨ ᠠᠬᠢᠭᠤᠯᠵᠦ ᠪᠠᠶᠢᠭ᠎ᠠ ᠶᠢ ᠣᠶᠢᠯᠠᠭᠠᠭᠰᠠᠨ ᠪᠠᠶᠢᠨ᠎ᠠ᠃      ᠳᠣᠰ ᠣᠳᠠᠭᠠᠨ ᠤ ᠠᠵᠢᠯᠯᠠᠭ᠎ᠠ ᠪᠠᠷ ᠳᠠᠮᠵᠢᠨ ᠰᠦᠯᠳᠡ ᠰᠣᠮᠣᠨ ᠤ ᠺᠠᠳ᠋ᠷ ᠠᠵᠢᠯᠳᠠᠳ ᠦᠨᠳᠦᠰᠦᠨ ᠱᠠᠳᠣᠨ  ᠤ ᠨᠠᠮ ᠤᠨ ᠪᠠᠶᠢᠭᠤᠯᠣᠯᠲᠠ᠂ ᠠᠮᠢ ᠠᠬᠤᠢ ᠶᠢᠨ ᠪᠣᠯᠪᠠᠰᠣᠨ᠂ ᠶᠠᠳᠠᠭᠤ ᠠᠴᠠ ᠠᠩᠬᠢᠵᠢᠷᠠᠭᠤᠯᠤᠨ ᠪᠤᠭᠤᠮᠳᠠ ᠰᠢᠪᠳᠣᠯᠬᠤ ᠲᠠᠶᠢᠯᠠᠯᠳᠤᠭᠠᠨ ᠢ ᠰᠠᠶᠢᠳᠣᠷ ᠬᠢᠬᠦ᠂ ᠬᠦᠳᠡᠭᠡ ᠳᠣᠰᠬᠤᠨ ᠢ ᠬᠦᠭᠵᠢᠬᠦᠯᠦᠨ ᠮᠠᠨᠳᠣᠭᠤᠯᠬᠤ ᠠᠷᠭ᠎ᠠ ᠪᠣᠳᠣᠯᠭ᠎ᠠ ᠶᠢᠨ ᠳᠠᠯ᠎ᠠ ᠪᠠᠷ ᠬᠢ ᠳᠡᠷᠢᠬᠦᠨ ᠤ ᠠᠷᠭ᠎ᠠ ᠪᠠᠷᠢᠯ ᠢ ᠰᠣᠷᠣᠯᠴᠠᠵᠦ ᠣᠬᠢ ᠰᠠᠶᠢᠨ ᠳᠣᠷᠰᠢᠯᠭ᠎ᠠ ᠬᠤᠷᠠᠮᠳᠣᠭᠤᠯᠣᠭᠰᠠᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号