10 ᠰᠠᠷ᠎ᠠ ᠶᠢᠨ 25 ᠤ ᠡᠳᠦᠷ᠂ ᠬᠢᠶ᠎ᠠ ᠪᠠᠭᠰᠢ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ | ᠪᠠᠶᠢᠴᠠᠭᠠᠨ ᠰᠤᠳᠤᠯᠤᠯᠲᠠ ᠶᠢᠨ ᠳᠤᠭᠤᠶᠢᠯᠠᠩ ᠤᠨ ᠬᠢᠨ ᠮᠠᠨ ᠤ ᠬᠤᠰᠢᠭᠤᠨ ᠳᠤ ᠢᠷᠡᠵᠤ ᠪᠠᠶᠢᠴᠠᠭᠠᠨ | ᠰᠤᠳᠤᠯᠤᠯᠲᠠ ᠬᠢᠵᠦ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢ᠊ ᠵᠢᠷᠤᠮᠲᠤ ᠵᠢᠴᠢ | ᠬᠤᠯᠪᠣᠭᠳᠠᠯ ᠪᠦᠬᠦᠢ ᠬᠠᠷᠢᠭᠤᠴᠠᠯᠭᠠᠲᠠᠨ ᠪᠠᠷᠠᠳᠠᠪᠠ᠃ | ᠬᠢᠶ᠎ᠠ ᠪᠠᠭᠰᠢ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠪᠠᠶᠢᠴᠠᠭᠠᠨ ᠰᠤᠳᠤᠯᠤᠯᠲᠠ ᠶᠢᠨ | ᠳᠤᠭᠤᠶᠢᠯᠠᠩ ᠤᠨ ᠬᠢᠨ ᠤᠷᠢᠳ ᠬᠤᠵᠢᠳ ᠲᠣᠭᠤᠷᠢᠮ ᠭᠠᠴᠠᠭ᠎ᠠ᠂ ᠥᠪᠥᠷ ᠮᠣᠩᠭᠤᠯ ᠤᠨ ᠾᠧᠩ ᠱᠧᠩ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ᠂ ᠣᠶᠤᠲᠠᠳ ᠤᠨ ᠦᠢᠯᠡᠰ | ᠪᠣᠰᠬᠠᠬᠤ ᠬᠦᠷᠢᠶᠡᠯᠡᠩ ᠵᠡᠷᠭᠡ ᠭᠠᠵᠠᠷ ᠢᠶᠠᠷ ᠬᠦᠷᠴᠦ ᠲᠤᠬᠠᠢ ᠶᠢᠨ ᠭᠠᠵᠠᠷ ᠢᠶᠠᠷ ᠲᠣᠭᠤᠷᠢᠨ ᠦᠵᠡᠬᠦ᠂ ᠬᠤᠯᠪᠣᠭᠳᠠᠯ | ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠭ᠎ᠠ ᠲᠠᠶᠢᠯᠪᠤᠷᠢᠯᠠᠯᠲᠠ ᠶᠢ ᠰᠣᠨᠣᠰᠬᠤ᠂ ᠤᠬᠠᠭᠤᠯᠭ᠎ᠠ ᠶᠢᠨ ᠹᠢᠯᠢᠮ | ᠦᠵᠡᠬᠦ ᠵᠡᠷᠭᠡ ᠬᠡᠯᠪᠡᠷᠢ ᠪᠠᠷ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠭᠦ᠂ ᠠᠷᠠᠳ ᠠᠴᠠ | ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ | ᠠᠷᠭ᠎ᠠ ᠮᠠᠶ᠋ᠢᠭ ᠤᠨ ᠰᠢᠨ᠎ᠡ ᠶᠢ ᠡᠭᠦᠳᠭᠦ᠂ ᠬᠤᠲᠠ ᠶᠢᠨ ᠠᠵᠤ ᠠᠬᠤᠢ ᠶᠢᠨ ᠶᠡᠷᠦᠩᠬᠡᠶ ᠬᠡᠮᠵᠢᠶ᠎ᠡ ᠶᠢ ᠨᠡᠮᠡᠭᠳᠡᠭᠦᠯᠬᠦ᠂ | ᠦᠨᠳᠦᠰᠦᠲᠡᠨ ᠤ ᠰᠣᠶᠣᠯ ᠤᠨ ᠠᠵᠤ ᠦᠢᠯᠡᠰ ᠢ ᠶᠡᠬᠡᠪᠡᠷ ᠬᠥᠭᠵᠢᠭᠦᠯᠬᠦ ᠵᠡᠷᠭᠡ ᠲᠠᠯ᠎ᠠ ᠪᠠᠷ ᠲᠤᠰᠬᠠᠢ ᠰᠡᠳᠦᠪᠲᠦ | ᠪᠠᠶᠢᠴᠠᠭᠠᠠ ᠰᠤᠳᠤᠯᠤᠯᠲᠠ ᠬᠢᠭᠰᠡᠨ ᠪᠠᠶᠢᠨ᠎ᠠ᠃ | ᠪᠠᠶᠢᠴᠠᠭᠠᠨ ᠰᠤᠳᠤᠯᠤᠯᠲᠠ ᠶᠢᠨ ᠳᠤᠭᠤᠶᠢᠯᠠᠩ ᠤᠨ ᠬᠢᠨ ᠮᠠᠨ ᠤ ᠬᠤᠰᠢᠭᠤᠨ ᠤ ᠠᠷᠠᠳ ᠠᠴᠠ ᠡᠵᠡᠩᠨᠡᠭᠰᠡᠨ | ᠠᠵᠤ ᠠᠬᠤᠢ ᠶᠢᠨ ᠬᠥᠭᠵᠢᠯᠲᠡ᠂ ᠬᠤᠳᠠᠯᠳᠤᠭᠠᠴᠢᠨ ᠤᠷᠢᠵᠤ ᠪᠡᠯᠡ ᠤᠷᠤᠭᠤᠯᠬᠤ᠂ ᠦᠨᠳᠦᠰᠦᠲᠡᠨ ᠤ ᠰᠣᠶᠣᠯ ᠤᠨ | ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠳᠤ ᠨᠤᠲᠠᠯᠠᠯᠲᠠ ᠥᠭᠭᠦᠭᠰᠡᠨ ᠤ ᠬᠠᠮᠲᠤ ᠢᠯᠡᠷᠬᠡᠶᠢᠯᠡᠬᠦ ᠳᠡᠭᠡᠨ᠂ | ᠠᠷᠠᠳ ᠠᠴᠠ ᠡᠵᠡᠩᠨᠡᠭᠰᠡᠨ ᠠᠵᠤ ᠠᠬᠤᠢ ᠪᠣᠯᠣᠨ ᠦᠨᠳᠦᠰᠦᠲᠡᠨ ᠤ ᠰᠣᠶᠣᠯ ᠤᠨ ᠠᠵᠤ ᠠᠬᠤᠢ ᠶᠢᠨ | ᠬᠥᠭᠵᠢᠯᠲᠡ ᠶᠢ ᠤᠯᠠᠮ ᠨᠢᠭᠡ ᠠᠯᠬᠤᠮ ᠴᠢᠬᠤᠯᠠᠴᠢᠯᠠᠨ ᠠᠳᠬᠤᠵᠤ ᠬᠤᠯᠪᠣᠭᠳᠠᠯ ᠪᠦᠬᠦᠢ ᠲᠥᠷᠥ ᠶᠢᠨ | ᠪᠣᠳᠣᠯᠭ᠎ᠠ ᠶᠢᠨ ᠬᠠᠷᠠᠭᠠᠯᠵᠠᠯ ᠪᠣᠯᠣᠨ ᠪᠡᠯᠡ ᠮᠥᠩᠭᠦᠨ ᠤ ᠳᠡᠮᠵᠢᠯᠭᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ | ᠵᠠᠰᠠᠭ ᠤᠨ ᠣᠷᠳᠣᠨ ᠤ ᠵᠢᠯᠣᠭᠤᠳᠤᠯᠭ᠎ᠠ ᠶᠢᠨ ᠦᠢᠯᠡᠳᠦᠯ ᠢᠶᠠᠨ ᠪᠠᠳᠠᠷᠠᠭᠤᠯᠤᠨ ᠪᠡᠯᠡ ᠣᠷᠣᠭᠤᠯᠤᠯᠲᠠ ᠶᠢᠨ ᠠᠷᠭ᠎ᠠ | ᠮᠠᠶ᠋ᠢᠭ ᠤᠨ ᠰᠢᠨ᠎ᠡ ᠶᠢ ᠡᠭᠦᠳᠴᠦ ᠬᠤᠳᠠᠯᠳᠤᠭᠠᠨ ᠤ ᠣᠷᠴᠢᠨ ᠨᠦᠬᠦᠴᠡᠯ ᠢ ᠰᠢᠯᠢᠳᠡᠭᠵᠢᠭᠦᠯᠬᠦ ᠬᠦᠴᠦᠯᠡᠴᠡ ᠪᠠᠨ | ᠨᠡᠮᠡᠭᠳᠡᠭᠦᠯᠦᠨ ᠨᠡᠩ ᠣᠯᠠᠨ ᠭᠠᠳᠠᠨᠠᠬᠢ ᠶᠢᠨ ᠠᠷᠠᠯᠵᠢᠶᠠᠴᠢᠨ ᠢ ᠤᠷᠢᠨ ᠣᠷᠣᠭᠤᠯᠬᠤ ᠪᠠᠷ ᠪᠠᠷᠠᠬᠤ ᠦᠭᠡᠢ | ᠨᠤᠲᠤᠭ ᠤᠨ ᠠᠵᠤ ᠠᠬᠤᠶᠢᠯᠠᠯᠲᠠᠨ ᠤ ᠦᠢᠯᠡᠰ ᠪᠣᠰᠬᠠᠬᠤ ᠢᠳᠡᠪᠬᠢᠵᠢᠯ ᠢ ᠳᠠᠶᠢᠴᠢᠯᠠᠬᠤ ᠬᠡᠷᠡᠭᠲᠡᠢ ᠭᠡᠵᠡᠢ᠃ |