ᠬᠤᠰᠢᠭᠤ ᠠᠷᠠᠳ ᠤᠨ ᠵᠠᠰᠠᠭ ᠤᠨ ᠣᠷᠳᠣᠨ ᠤ 2019 ᠣᠨ ᠤ 12 ᠳ᠋ᠤᠭᠠᠷ ᠤᠳᠠᠭ᠎ᠠ ᠶᠢᠨ ᠪᠠᠶᠢᠩᠭᠤ ᠶᠢᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2019-11-01
     10 ᠰᠠᠷ᠎ᠠ ᠶᠢᠨ 29 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠤᠤ ᠹᠧᠶ ᠯᠦ ᠬᠤᠰᠢᠭᠤ ᠠᠷᠠᠳ ᠤᠨ ᠵᠠᠰᠠᠭ ᠤᠨ ᠣᠷᠳᠣᠨ ᠤ 2019 ᠣᠨ ᠤ 12 ᠳ᠋ᠤᠭᠠᠷ ᠤᠳᠠᠭᠠᠨ ᠤ ᠪᠠᠶᠢᠩᠭᠤ ᠶᠢᠨ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠳᠡᠳ᠋ ᠳᠠᠷᠤᠭ᠎ᠠ ᠵᠠᠩ ᡁᠢ ᠰᠢᠦ᠋ᠩ᠂ ᠯᠢ ᠵᠥᠩ ᠯᠢᠨ᠂ ᠬᠤᠰᠢᠭᠤ ᠲᠡᠳ᠋ ᠲᠠᠷᠤᠭ᠎ᠠ ᠭᠤᠤ ᠬᠤ᠋᠂ ᠵᠸᠤ ᠱᠤᠸᠠᠢ᠂ ᠪᠠᠶᠠᠨᠴᠡᠩᠭᠡᠯ᠂ ᠯᠢᠦ ᠵᠧᠩ ᠬᠤᠷᠠᠯ ᠳᠤ ᠤᠷᠤᠯᠴᠠᠨ᠂ ᠯᠧᠢ ᠊ ᠬᠠᠰ ᠬᠤᠷᠠᠯ  ᠳᠤ ᠰᠤᠯᠠ ᠤᠷᠤᠯᠴᠠᠵᠤ᠂ ᠡᠯ᠎ᠡ ᠠᠵᠤ ᠠᠬᠤᠢ ᠶᠢᠨ ᠨᠡᠭᠡᠭᠡᠯᠲᠡ ᠶᠢᠨ  ᠤᠷᠤᠨ ︵ᠬᠦᠷᠢᠶᠡᠯᠡᠩ ᠲᠣᠭᠤᠷᠢᠭ︶᠂ ᠰᠤᠮᠤ ᠪᠠᠯᠭᠠᠰᠤ ᠪᠠ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
     ᠬᠤᠷᠠᠯ ᠠᠴᠠ᠂ ︽ᠥᠥᠰᠢᠨ ᠬᠤᠰᠢᠭᠤᠨ ᠤ ᠡᠳ᠋ ᠤᠨ ᠵᠠᠰᠠᠭ ᠤᠨ ᠴᠢᠨᠠᠷᠲᠠᠶ ᠪᠠᠯᠠ ᠮᠦᠩᠭᠦᠨ ᠤ ᠬᠡᠷᠡᠭᠯᠡᠯᠲᠡ ᠪᠠ ᠬᠠᠮᠢᠶᠠᠷᠤᠯᠲᠠ ᠶᠢᠨ ᠠᠷᠭ᠎ᠠ︾᠂ ︽ᠥᠥᠰᠢᠨ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠬᠡᠰᠢᠬᠦᠨ ᠤ ᠬᠢᠷᠢ ᠬᠡᠮ ᠢ ᠲᠣᠭᠲᠠᠭᠠᠬᠤ ᠵᠢᠯᠣᠭᠤᠳᠬᠤ ᠰᠠᠨᠠᠯ ︵ᠬᠢᠨᠠᠨ ᠵᠦᠪᠯᠡᠬᠦ ᠨᠤᠤᠷᠠᠭ︶︾᠂ ︽︿ᠡᠷᠡᠭᠦᠯ ᠡᠩᠬᠡ ᠥᠥᠰᠢᠨ 2030﹀  ᠶᠢᠨ ᠬᠡᠷᠡᠭᠵᠢᠭᠦᠯᠬᠦ ᠲᠥᠰᠦᠯ︾  ᠢ ᠬᠢᠨᠠᠨ ᠵᠥᠪᠯᠡᠵᠦ᠂  ᠭᠤᠤᠯᠳᠠᠯᠭ᠎ᠠ ᠲᠠᠢ ᠲᠥᠷᠥᠯ  ᠵᠥᠢᠯ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠵᠡᠷᠭᠡ ᠵᠥᠢᠯᠡᠰ ᠢ ᠰᠤᠳᠤᠯᠪᠠ᠃      ᠬᠤᠷᠠᠯ ᠠᠴᠠ ᠵᠢᠭᠠᠬᠤ ᠳᠤ ᠪᠠᠨ᠂ ᠡᠳ᠋ ᠤᠨ ᠵᠠᠰᠠᠭ ᠤᠨ ᠰᠢᠨᠵᠢᠯᠡᠬᠦ ᠤᠬᠠᠭᠠᠨᠴᠢᠯᠠᠯᠲᠠ᠂ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠬᠤ ᠪᠣᠯ ᠡᠳ᠋ ᠤᠨ ᠵᠠᠰᠠᠭ ᠤᠨ ᠪᠡᠯᠡ ᠮᠦᠩᠭᠦᠨ ᠤ ᠬᠠᠮᠢᠶᠠᠷᠤᠯᠲᠠ ᠶᠢᠨ ᠶᠠᠰᠤ ᠴᠢᠨᠠᠷ ᠪᠣᠯᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠴᠢᠬᠤᠯᠠ ᠠᠷᠭ᠎ᠠ ᠪᠠᠷᠢᠯ ᠪᠠᠶᠢᠵᠤ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠡᠳ᠋ ᠤᠨ ᠵᠠᠰᠠᠭ  ᠤᠨ ᠪᠡᠯᠡ ᠮᠦᠩᠭᠦᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠨ ᠡᠳ᠋ ᠤᠨ ᠵᠠᠰᠠᠭ ᠤᠨ ᠲᠥᠰᠦᠪ ᠤᠨ ᠲᠣᠬᠢᠷᠠᠭᠤᠯᠤᠯᠲᠠ ᠶᠢ ᠰᠢᠨᠵᠢᠯᠡᠬᠦ ᠤᠬᠠᠭᠠᠨᠴᠢ ᠪᠥᠭᠡᠳ ᠵᠦᠶ ᠵᠣᠬᠢᠰᠲᠠᠶ ᠲᠣᠬᠢᠷᠠᠭᠤᠯᠵᠤ ᠡᠯ᠎ᠡ ᠲᠥᠷᠥᠯ ᠤᠨ ᠡᠳ᠋ ᠤᠨ ᠵᠠᠰᠠᠭ ᠤᠨ ᠴᠢᠨᠠᠷᠲᠠᠶ ᠪᠡᠯᠡ ᠮᠥᠩᠭᠦ ᠶᠢ ᠨᠢᠭᠡᠳᠦᠯᠲᠡᠶ ᠲᠥᠯᠥᠪᠯᠡᠬᠦ᠂ ᠡᠮᠬᠢᠯᠡᠨ ᠨᠡᠶᠢᠯᠡᠭᠦᠯᠬᠦ᠂ ᠬᠢᠨᠠᠨ ᠵᠥᠪᠰᠢᠶᠡᠷᠡᠬᠦ᠂ ᠰᠢᠯᠵᠢᠭᠦᠯᠦᠨ ᠥᠭᠬᠦ᠂ ᠬᠡᠷᠡᠭᠯᠡᠬᠦ᠂ ᠬᠢᠨᠠᠨ ᠬᠠᠮᠢᠶᠠᠷᠬᠤ ᠶᠠᠪᠤᠴᠠ ᠶᠢ ᠦᠨᠡᠨ ᠬᠦ ᠲᠡᠭᠦᠯᠳᠡᠷᠵᠢᠭᠦᠯᠵᠦ ᠡᠳ᠋ ᠤᠨ ᠵᠠᠰᠠᠭ ᠤᠨ ᠡᠬᠢ ᠪᠠᠶᠠᠯᠢᠭ ᠢ ᠲᠣᠬᠢᠷᠠᠭᠤᠯᠬᠤ ᠦᠷ᠎ᠡ ᠪᠦᠲᠦᠮᠵᠢ ᠪᠠ ᠬᠡᠷᠡᠭᠯᠡᠬᠦ ᠦᠷ᠎ᠡ ᠠᠰᠢᠭ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ ᠭᠡᠵᠡᠢ᠃      ᠬᠤᠷᠠᠯ ᠠᠴᠠ ᠴᠢᠬᠤᠯᠠᠴᠢᠯᠠᠬᠤ ᠳᠤ ᠪᠠᠨ᠂ ᠬᠠᠳᠠᠭᠤᠴᠠᠶᠢᠳᠠᠮ ᠤᠰᠤᠨ ᠰᠤᠷᠪᠤᠯᠵᠢ ᠶᠢᠨ ᠤᠷᠤᠨ ᠪᠣᠯ ᠣᠷᠳᠣᠰ ᠬᠤᠲᠠ ᠶᠢᠨ ᠭᠤᠤᠯ ᠬᠤᠲᠠ ᠶᠢᠨ ᠲᠣᠭᠤᠷᠢᠭ ᠤᠨ ᠰᠠᠭᠤᠭᠠᠯᠢ ᠠᠷᠠᠳ ᠤᠨ ᠤᠤᠭᠤᠬᠤ ᠤᠰᠤᠨ ᠤ ᠴᠢᠬᠤᠯᠠ ᠤᠰᠤᠨ ᠰᠤᠷᠪᠤᠯᠵᠢ ᠶᠢᠨ ᠭᠠᠵᠠᠷ ᠪᠠᠶᠢᠵᠤ ᠣᠷᠳᠣᠰ ᠬᠤᠲᠠ ᠶᠢᠨ ᠠᠵᠤ ᠠᠬᠤᠶ ᠨᠡᠶᠢᠭᠡᠮ ᠤᠨ ᠡᠷᠡᠭᠦᠯ ᠢᠶᠠᠷ ᠬᠥᠭᠵᠢᠬᠦ ᠳᠤ ᠣᠷᠣᠯᠠᠭᠤᠯᠵᠤ ᠪᠣᠯᠤᠰᠢ ᠥᠬᠡᠶ ᠦᠢᠯᠡᠳᠦᠯ ᠦᠵᠡᠭᠦᠯᠵᠦ ᠪᠠᠶᠢᠨ᠎ᠠ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠪᠦᠬᠦ ᠲᠠᠯ᠎ᠠ ᠪᠠᠷ ᠴᠢᠩᠭᠠᠳᠬᠠᠨ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ ᠰᠢᠨᠵᠢᠯᠡᠬᠦ ᠤᠬᠠᠭᠠᠨᠴᠢ ᠪᠠᠷ  ᠲᠥᠯᠥᠪᠵᠢᠭᠦᠯᠤᠨ ᠤᠰᠤᠨ ᠰᠤᠷᠪᠤᠯᠵᠢ ᠶᠢᠨ ᠭᠤᠤᠯ ᠤᠷᠤᠨ ᠤ ᠠᠷᠠᠳ ᠢ ᠨᠡᠭᠦᠯᠭᠡᠨ ᠲᠥᠪᠬᠢᠨᠡᠭᠦᠯᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ ᠣᠯᠠᠨ ᠲᠦᠮᠡᠨ ᠤ ᠥᠢᠯᠡᠳᠪᠤᠷᠢᠯᠠᠯ ᠠᠮᠢᠳᠤᠷᠠᠯ ᠪᠣᠯᠤᠨ ᠣᠷᠣᠨ ᠰᠠᠭᠤᠴᠠ ᠶᠢᠨ ᠨᠥᠬᠦᠴᠡᠯ ᠢ ᠦᠨᠡᠨᠬᠦ ᠰᠠᠶᠢᠵᠢᠷᠠᠭᠤᠯᠬᠤ ᠬᠡᠷᠡᠭᠲᠡᠶ᠃ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ ᠤᠰᠤᠨ ᠰᠤᠷᠪᠤᠯᠵᠢ ᠶᠢᠨ ᠤᠷᠤᠨ ᠤ ᠣᠷᠴᠢᠨ ᠲᠣᠭᠤᠷᠢᠨ  ᠢ ᠬᠠᠮᠠᠭᠠᠯᠠᠨ ᠰᠠᠶᠢᠵᠢᠷᠠᠭᠤᠯᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ ᠤᠰᠤᠨ  ᠰᠤᠷᠪᠤᠯᠵᠢ ᠶᠢᠨ ᠤᠷᠤᠨ ᠤ ᠤᠰᠤᠨ ᠤ ᠴᠢᠨᠠᠷ ᠢ ᠦᠷᠭᠦᠯᠵᠢᠯᠡᠨ ᠪᠠᠷᠢᠮᠵᠢᠶ᠎ᠠ ᠳᠤ ᠬᠦᠷᠭᠡᠨ ᠠᠮᠤᠷ ᠲᠦᠪᠰᠢᠨ ᠪᠠᠶᠢᠯᠭᠠᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠡᠢ᠃      ᠬᠤᠷᠠᠯ ᠠᠴᠠ ᠴᠢᠬᠤᠯᠠᠴᠢᠯᠠᠬᠤ ᠳᠤ ᠪᠠᠨ᠂ ︽ᠡᠷᠡᠭᠦᠯ ᠡᠩᠬᠡ ᠥᠥᠰᠢᠨ ᠤ 2030︾ ᠶᠢ ᠬᠡᠷᠡᠭᠵᠢᠭᠦᠯᠬᠦ ᠪᠣᠯ ᠡᠷᠡᠭᠦᠯ ᠡᠩᠬᠡ ᠳᠤᠮᠳᠠᠳᠤ ᠤᠯᠤᠰ ᠤᠨ ᠪᠠᠶᠢᠯᠳᠤᠬᠤ ᠪᠣᠳᠣᠯᠭ᠎ᠠ ᠶᠢ ᠪᠦᠬᠦ ᠲᠠᠯ᠎ᠠ ᠪᠠᠷ ᠭᠦᠨᠵᠡᠭᠡᠶ ᠠᠭᠢᠭᠤᠯᠤᠨ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠬᠡᠪ ᠴᠢᠨᠠᠷ ᠢ ᠦᠷᠭᠦᠯᠵᠢᠯᠡᠨ ᠳᠡᠭᠡᠭᠰᠢᠯᠡᠭᠦᠯᠵᠦ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ  ᠪᠠᠶᠢᠭ᠎ᠠ ᠡᠷᠡᠭᠦᠯ ᠮᠡᠨᠳᠦ ᠶᠢᠨ ᠥᠢᠯᠡᠴᠢᠯᠠᠭᠡᠨ ᠤ ᠬᠡᠷᠡᠭᠴᠡᠭᠡ ᠶᠢ ᠬᠠᠩᠭᠠᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠲᠡᠭᠡᠳᠤ ᠬᠡᠮᠵᠢᠶ᠎ᠡ ᠪᠠᠷ ᠴᠢᠬᠤᠯᠠᠴᠢᠯᠠᠵᠤ ᠡᠷᠡᠭᠦᠯ ᠮᠡᠨᠳᠦ ᠠᠮᠢᠳᠤᠷᠠᠯ ᠢ ᠲᠦᠭᠡᠮᠡᠯᠵᠢᠭᠦᠯᠬᠦ᠂ ᠡᠷᠡᠭᠦᠯ ᠮᠡᠨᠳᠦ ᠶᠢᠨ ᠣᠷᠴᠢᠨ ᠲᠣᠭᠤᠷᠢᠨ ᠢ ᠪᠦᠲᠦᠭᠡᠨ ᠪᠠᠶᠢᠭᠤᠯᠬᠤ᠂ ᠡᠷᠡᠭᠦᠯ ᠮᠡᠨᠳᠦ ᠶᠢᠨ ᠥᠢᠯᠡᠴᠢᠯᠡᠭᠡ ᠶᠢ ᠰᠢᠯᠢᠳᠡᠭᠵᠢᠭᠦᠯᠬᠦ᠂ ᠡᠷᠡᠭᠦᠯ ᠮᠡᠨᠳᠦ ᠶᠢᠨ ᠪᠠᠲᠤᠯᠠᠭ᠎ᠠ ᠶᠢ ᠲᠡᠭᠦᠯᠳᠡᠷᠵᠢᠭᠦᠯᠬᠦ᠂ ᠡᠷᠡᠭᠦᠯ ᠮᠡᠨᠳᠦ ᠶᠢᠨ ᠠᠵᠤ ᠦᠢᠯᠡᠰ ᠢ ᠬᠥᠭᠵᠢᠭᠦᠯᠬᠦ ᠵᠡᠷᠭᠡ ᠭᠤᠤᠯᠳᠠᠯᠭ᠎ᠠ ᠲᠠᠢ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ ᠥᠥᠰᠢᠨ ᠬᠤᠰᠢᠭᠤᠨ ᠤ ᠡᠷᠡᠭᠦᠯ ᠮᠡᠨᠳᠦ ᠶᠢᠨ ᠥᠢᠯᠡᠰ ᠪᠣᠯᠤᠨ ᠠᠵᠤ ᠠᠬᠤᠶ ᠨᠡᠶᠢᠬᠡᠮ ᠤᠨ ᠵᠡᠷᠭᠡᠪᠡᠷ ᠵᠣᠬᠢᠴᠠᠩᠭᠤᠶ ᠬᠥᠭᠵᠢᠬᠦ ᠶᠢ ᠠᠬᠢᠭᠤᠯᠬᠤ ᠬᠡᠷᠡᠭᠲᠡᠶ ᠭᠡᠵᠡᠢ᠃      ᠬᠤᠷᠠᠯ ᠠᠴᠠ ᠪᠠᠰᠠ ᠪᠤᠰᠤᠳ ᠤᠴᠢᠷ ᠶᠠᠪᠤᠳᠠᠯ ᠢ ᠰᠤᠳᠤᠯᠪᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号