10 ᠰᠠᠷ᠎ᠠ ᠶᠢᠨ 28 ᠤ ᠡᠳᠦᠷ ᠰᠦᠯᠳᠡ ᠰᠣᠮᠣ ︽ᠣᠭ ᠰᠠᠨᠠᠭ᠎ᠠ ᠪᠠᠨ ᠦᠯᠦ ᠮᠠᠷᠳᠠᠵᠤ ᠡᠬᠦᠷᠭᠡ ᠬᠠᠷᠢᠭᠤᠴᠠᠯᠭ᠎ᠠ ᠪᠠᠨ ᠪᠠᠳᠣ ᠴᠡᠬᠡᠵᠢᠯᠡᠬᠦ︾ ᠭᠤᠣᠯ | ᠰᠡᠳᠣᠪᠲᠣ ᠬᠦᠮᠦᠵᠢᠯ ᠤᠨ ᠰᠤᠷᠤᠯᠴᠠᠨ ᠰᠣᠳᠣᠯᠬᠤ ᠠᠵᠢᠯᠯᠠᠭ᠎ᠠ ᠦᠷᠨᠢᠬᠦᠯᠪᠡ᠃ ᠰᠦᠯᠳᠡ ᠰᠣᠮᠣᠨ ᠤ ᠣᠳᠣᠷᠢᠳᠬᠤ ᠪᠠᠭ᠂ ᠡᠯ᠎ᠡ ᠠᠯᠪᠠᠨ ᠬᠡᠷ᠂ ᠬᠡᠯᠳᠡᠰ | ᠤᠨ ᠬᠠᠷᠢᠭᠤᠴᠠᠯᠭᠠᠳᠠᠳ᠂ ᠣᠬᠠᠭᠤᠯᠭ᠎ᠠ᠂ ᠨᠠᠮ ᠤᠨ ᠪᠠᠶᠢᠭᠤᠯᠣᠯᠲᠠ ᠶᠢᠨ ᠠᠵᠢᠯᠳᠠᠳ ᠠᠵᠢᠯᠯᠠᠭᠠᠨ ᠳᠤ ᠣᠷᠣᠯᠴᠠᠪᠠ᠃ | ᠠᠵᠢᠯᠯᠠᠭ᠎ᠠ ᠳᠤ ᠪᠠᠶᠢᠴᠠᠭᠠᠨ ᠰᠤᠳᠤᠯᠤᠯᠲᠠ ᠶᠢᠨ ᠲᠤᠭᠤᠶᠢᠯᠠᠩ ᠤᠨ ᠬᠢᠨ ᠬᠤᠰᠢᠭᠤ ᠠᠷᠠᠳ ᠤᠨ ᠠᠮᠢᠳᠣᠷᠠᠯ ᠤᠨ ᠦᠵᠡᠰᠬᠦᠯᠡᠩ ᠤᠨ ᠣᠷᠳᠣᠨ ᠳᠤ | ᠬᠦᠷᠴᠦ ᠪᠦᠬᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ ᠪᠠᠶᠢᠭᠤᠯᠣᠭᠳᠠᠭᠰᠠᠨ 70 ᠵᠢᠯ ᠤᠨ ᠳᠣᠷᠰᠢᠬᠢ ᠮᠠᠨ ᠤ ᠬᠤᠰᠢᠭᠤᠨ ᠤ ᠣᠯᠣᠰ ᠳᠦᠷᠦ᠂ ᠠᠵᠣ | ᠠᠬᠤᠢ᠂ ᠠᠷᠠᠳ ᠤᠨ ᠠᠮᠢᠳᠣᠷᠠᠯ᠂ ᠠᠮᠢ ᠠᠬᠤᠢ ᠶᠢᠨ ᠬᠦᠭᠵᠢᠯᠳᠡ ᠬᠤᠪᠢᠷᠠᠯᠳᠠ ᠶᠢ ᠤᠶᠢᠯᠠᠭᠠᠵᠤ ᠣᠯᠠᠭᠠᠨᠳᠣᠯᠣᠭᠠᠢ ᠪᠠᠯᠭᠠᠰᠣᠨ ᠤ ︽ᠠᠬᠠᠮᠠᠳ ᠳᠣᠰᠬᠤᠨ | ᠳᠠᠷᠤᠭ᠎ᠠ ᠶᠢᠨ ᠦᠯᠢᠬᠡᠷ ᠤᠨ ᠰᠠᠩ︾ ᠤᠨ ᠬᠢᠴᠢᠶᠡᠯ ᠤᠨ ᠳᠢᠩᠬᠢᠮ ᠳᠤ ᠠᠬᠠᠮᠠᠳ ᠳᠣᠰᠬᠤᠨ ᠳᠠᠷᠤᠭ᠎ᠠ ᠸᠠᠩ ᠸᠧᠨ ᠰᠢᠦ ᠶᠢᠨ ᠵᠢᠷᠠᠨ ᠵᠢᠯ ᠤᠨ ᠳᠣᠷᠰᠢᠬᠢ | ᠦᠨᠳᠦᠰᠦᠨ ᠱᠠᠳᠣᠨ ᠳᠤ ᠰᠢᠷᠭᠠᠭᠤ ᠬᠠᠳᠠᠭᠤᠵᠢᠯᠳᠠᠢ ᠠᠵᠢᠯᠯᠠᠭᠰᠠᠨ ᠦᠩᠬᠡᠷᠡᠯᠳᠡ ᠶᠢ ᠰᠣᠨᠣᠰᠴᠦ ᠣᠭ ᠰᠠᠨᠠᠭ᠎ᠠ ᠪᠠᠨ ᠦᠯᠦ ᠮᠠᠷᠳᠠᠵᠤ ᠡᠬᠦᠷᠭᠡ | ᠬᠠᠷᠢᠭᠤᠴᠠᠯᠭ᠎ᠠ ᠪᠠᠨ ᠪᠠᠳᠣ ᠴᠡᠬᠡᠵᠢᠯᠡᠵᠦ ᠶᠠᠪᠣᠭᠰᠠᠨ ᠠᠬᠠᠮᠠᠳ ᠨᠠᠮ ᠤᠨ ᠬᠡᠰᠢᠬᠦᠨ ᠤ ᠵᠣᠷᠢᠭ ᠰᠠᠨᠠᠭ᠎ᠠ ᠶᠢ ᠰᠣᠷᠣᠯᠴᠠᠭᠰᠠᠨ ᠪᠠᠶᠢᠨ᠎ᠠ᠃ ᠪᠠᠶᠠᠨᠭᠤᠣᠯ | ᠭᠠᠴᠠᠭᠠᠨ ᠳᠤ ᠬᠦᠷᠴᠣ ᠪᠠᠶᠠᠨᠭᠤᠣᠯ ᠭᠠᠴᠠᠭᠠᠨ ᠤ ᠪᠣᠯᠠᠭ ᠤᠨ ᠣᠰᠣ ᠶᠢ ᠲᠠᠸᠠᠷᠴᠢᠯᠠᠵᠦ ᠪᠣᠷᠣᠯᠠᠭᠤᠯᠵᠦ ᠪᠠᠶᠢᠭ᠎ᠠ ᠡᠵᠡᠩᠨᠡᠯᠳᠡ ᠶᠢᠨ ᠪᠠᠶᠢᠳᠠᠯ ᠢ ᠣᠶᠢᠯᠠᠭᠠᠵᠦ | ᠬᠦᠳᠡᠭᠡ ᠳᠣᠰᠬᠤᠨ ᠢ ᠬᠦᠭᠵᠢᠬᠦᠯᠦᠨ ᠮᠠᠨᠳᠣᠭᠤᠯᠬᠤ ᠪᠠ ᠬᠠᠮᠲᠣ ᠶᠢᠨ ᠠᠵᠣ ᠠᠬᠤᠢ ᠶᠢᠨ ᠬᠦᠭᠵᠢᠯᠳᠡ ᠶᠢᠨ ᠨᠡᠶᠢᠳᠡᠯᠢᠭ ᠵᠢᠱᠢᠶ᠎ᠡ ᠶᠢ ᠰᠣᠷᠣᠯᠴᠠᠭᠰᠠᠨ | ᠪᠠᠶᠢᠨ᠎ᠠ᠃ ᠦᠦᠰᠢᠨᠵᠣᠣ ᠪᠠᠯᠭᠠᠰᠣᠨ ᠤ ︽ᠮᠠᠯᠵᠢᠬᠤ ᠳ᠋ᠠᠵᠠᠢ︾ ᠶᠢᠨ ᠮᠦᠽᠸᠢ᠂ ᠦᠦᠰᠢᠨᠵᠦᠦ ᠭᠠᠴᠠᠭᠠᠨ ᠤ ᠠᠮᠢ ᠠᠬᠤᠢ ᠶᠢᠨ ᠪᠣᠯᠪᠠᠰᠣᠨ ᠤ ᠳᠠᠯᠠᠪᠠᠢ ᠶᠢ | ᠳᠣᠭᠤᠷᠢᠨ ᠦᠵᠡᠬᠦ ᠪᠠᠷ ᠳᠠᠮᠵᠢᠨ ᠦᠦᠰᠢᠨᠵᠣᠣ ᠪᠠᠯᠭᠠᠰᠣ ︽ᠮᠠᠯᠵᠢᠬᠤ ᠳ᠋ᠠᠵᠠᠢ︾ ᠶᠢᠨ ᠵᠣᠷᠢᠭ ᠰᠠᠨᠠᠭ᠎ᠠ ᠪᠠᠷ ᠬᠦᠳᠡᠭᠡ ᠳᠣᠰᠬᠤᠨ ᠢ ᠬᠦᠭᠵᠢᠬᠦᠯᠦᠨ | ᠮᠠᠨᠳᠣᠭᠤᠯᠬᠤ ᠪᠠᠶᠢᠯᠳᠣᠬᠤ ᠪᠣᠳᠣᠯᠭ᠎ᠠ ᠪᠠ ᠠᠮᠢ ᠠᠬᠤᠢ ᠶᠢᠨ ᠪᠣᠯᠪᠠᠰᠣᠨ ᠤ ᠪᠠᠶᠢᠭᠤᠯᠣᠯᠲᠠ ᠶᠢ ᠬᠡᠷᠬᠢᠨ ᠠᠬᠢᠭᠤᠯᠵᠦ ᠪᠠᠶᠢᠭ᠎ᠠ ᠶᠢ ᠣᠶᠢᠯᠠᠭᠠᠭᠰᠠᠨ ᠪᠠᠶᠢᠨ᠎ᠠ᠃ | ᠳᠣᠰ ᠣᠳᠠᠭᠠᠨ ᠤ ᠠᠵᠢᠯᠯᠠᠭ᠎ᠠ ᠪᠠᠷ ᠳᠠᠮᠵᠢᠨ ᠰᠦᠯᠳᠡ ᠰᠣᠮᠣᠨ ᠤ ᠺᠠᠳ᠋ᠷ ᠠᠵᠢᠯᠳᠠᠳ ᠦᠨᠳᠦᠰᠦᠨ ᠱᠠᠳᠣᠨ ᠤ ᠨᠠᠮ ᠤᠨ ᠪᠠᠶᠢᠭᠤᠯᠣᠯᠲᠠ᠂ ᠠᠮᠢ | ᠠᠬᠤᠢ ᠶᠢᠨ ᠪᠣᠯᠪᠠᠰᠣᠨ᠂ ᠶᠠᠳᠠᠭᠤ ᠠᠴᠠ ᠠᠩᠬᠢᠵᠢᠷᠠᠭᠤᠯᠤᠨ ᠪᠤᠭᠤᠮᠳᠠ ᠰᠢᠪᠳᠣᠯᠬᠤ ᠲᠠᠶᠢᠯᠠᠯᠳᠤᠭᠠᠨ ᠢ ᠰᠠᠶᠢᠳᠣᠷ ᠬᠢᠬᠦ᠂ ᠬᠦᠳᠡᠭᠡ ᠳᠣᠰᠬᠤᠨ ᠢ | ᠬᠦᠭᠵᠢᠬᠦᠯᠦᠨ ᠮᠠᠨᠳᠣᠭᠤᠯᠬᠤ ᠠᠷᠭ᠎ᠠ ᠪᠣᠳᠣᠯᠭ᠎ᠠ ᠶᠢᠨ ᠳᠠᠯ᠎ᠠ ᠪᠠᠷ ᠬᠢ ᠳᠡᠷᠢᠬᠦᠨ ᠤ ᠠᠷᠭ᠎ᠠ ᠪᠠᠷᠢᠯ ᠢ ᠰᠣᠷᠣᠯᠴᠠᠵᠦ ᠣᠬᠢ ᠰᠠᠶᠢᠨ ᠳᠣᠷᠰᠢᠯᠭ᠎ᠠ | ᠬᠤᠷᠠᠮᠳᠣᠭᠤᠯᠣᠭᠰᠠᠨ ᠪᠠᠶᠢᠨ᠎ᠠ᠃ |