ᠣᠶᠢᠷ᠎ᠠ ᠶᠢᠨ ᠡᠳᠦᠷ᠂ ᠲᠤᠭ ᠪᠠᠯᠭᠠᠰᠤᠨ ᠳᠤ ︽ᠣᠭ ᠰᠠᠨᠠᠭ᠎ᠠ ᠪᠠᠨ ᠦᠯᠣ ᠮᠡᠷᠳᠡᠵᠤ ᠡᠬᠦᠷᠭᠡ | ᠬᠠᠷᠢᠭᠤᠴᠠᠯᠭ᠎ᠠ ᠪᠠᠨ ᠪᠡᠳᠣ ᠴᠡᠭᠡᠵᠢᠯᠡᠬᠦ︾ ᠭᠤᠣᠯ ᠰᠡᠲᠦᠪᠲᠦ ᠬᠦᠮᠦᠵᠢᠯ ᠤᠨ ᠠᠵᠢᠯᠯᠠᠭᠠᠨ ᠤ ᠰᠤᠳᠤᠯᠤᠨ | ᠰᠤᠷᠤᠯᠴᠠᠬᠤ ᠭᠤᠷᠪᠠᠳᠤᠭᠠᠷ ᠬᠤᠭᠤᠴᠠᠭᠠᠨ ᠤ ᠬᠢᠴᠢᠶᠡᠯ ᠵᠢᠩᠬᠢᠨᠢ ᠪᠠᠷ ᠡᠬᠢᠯᠠᠵᠣ ᠣᠯᠠᠨ ᠳᠦᠮᠡᠨ ᠤ ᠰᠠᠳᠬᠢᠯ | ᠰᠠᠨᠠᠭᠠᠨ ᠳᠤ ᠣᠨᠣᠭᠳᠠᠭᠰᠠᠨ ᠪᠣᠳᠡᠳᠡᠢ ᠠᠵᠢᠯᠯᠠᠭ᠎ᠠ ᠪᠣᠯᠣᠯ᠎ᠠ᠃ | | | | | | | | | | ᠠᠵᠢᠯᠯᠠᠭᠠᠨ ᠳᠤ᠂ ᠳᠤᠭ ᠪᠠᠯᠭᠠᠰᠣᠨ ᠳᠤ ᠰᠠᠭᠤᠷᠢᠰᠢᠵᠣ ᠪᠠᠶᠢᠭ᠎ᠠ ᠵᠦᠩ ᠲᠢᠶᠠᠨ ᠾᠧ ᠴᠤᠸᠠᠩ ᠺᠤᠮᠫᠠᠨᠢ᠂ | ᠵᠦᠩ ᠮᠸᠢ ᠪᠦᠯᠣᠭ᠍ᠯᠡᠯ ᠤᠨ ᠬᠢᠮᠢ ᠶᠢᠨ ᠪᠤᠷᠳᠤᠭᠤᠷ ᠤᠨ ᠲᠦᠷᠦᠯ ᠵᠦᠢᠯ᠂ ᠬᠤᠯᠤᠰᠤ ᠨᠡᠭᠦᠷᠡᠰᠦᠨ ᠠᠭᠤᠷᠬᠠᠢ ᠵᠡᠷᠭᠡ | ᠲᠣᠮᠣ ᠬᠡᠯᠪᠡᠷᠢ ᠶᠢᠨ ᠠᠵᠤ ᠠᠬᠤᠶᠢᠯᠠᠯ ᠤᠨ ᠬᠠᠷᠢᠭᠤᠴᠠᠯᠭᠠᠲᠠᠨ᠂ ᠲᠤᠭ ᠪᠠᠯᠭᠠᠰᠤᠨ ᠤ ᠪᠦᠬᠦ ᠳᠡᠳ᠋ ᠰᠠᠯᠠᠭᠠᠨ | ᠳᠡᠰ ᠠᠴᠠ ᠳᠡᠭᠡᠭᠰᠢᠬᠢ ᠺᠠᠳ᠋ᠷ᠂ ᠬᠤᠯᠤᠰᠤ ᠳᠣᠰᠬᠤᠨ ᠤ ︽ᠭᠤᠷᠪᠠᠨ ᠵᠥᠪᠯᠡᠯ︾ ᠤᠨ ᠪᠦᠷᠢᠯᠳᠦᠭᠦᠨ᠂ ᠬᠡᠰᠡᠭ | ᠨᠠᠮ ᠤᠨ ᠬᠡᠰᠢᠭᠦᠨ ᠤ ᠲᠥᠯᠥᠭᠡᠯᠡᠭᠴᠢ ᠣᠷᠣᠯᠴᠠᠵᠣ ᠵᠦᠩ ᠮᠸᠢ ᠪᠦᠯᠣᠭ᠍ᠯᠡᠯ ᠤᠨ ᠣᠷᠳᠣᠰ ᠡᠨᠧᠷᠬᠢ ᠬᠢᠮᠢ ᠶᠢᠨ ᠠᠵᠤ | ᠦᠢᠯᠡᠳᠪᠦᠷᠢ ᠶᠢᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠵᠠᠬᠢᠷᠤᠯ ᠵᠠᠩ ᠪᠤᠣ ᠲᠠᠢ ᠠᠴᠠ ︽ᠣᠨᠣᠯ ᠪᠠ | ᠦᠢᠯᠡᠳᠦᠯᠭᠡ ᠶᠢ ᠨᠢᠭᠡᠳᠦᠭᠦᠯᠬᠦ︾ ᠭᠤᠣᠯ ᠰᠡᠲᠦᠪ ᠤᠨ ᠲᠤᠭᠤᠷᠢᠨ ᠳᠤ ᠨᠠᠮ ᠤᠨ ᠬᠢᠴᠢᠶᠡᠯ ᠶᠠᠷᠢᠨ | ᠳᠠᠶᠢᠯᠪᠣᠷᠢᠯᠠᠭᠰᠠᠨ ᠤ ᠬᠠᠮᠳᠣ ᠣᠯᠠᠨ ᠳᠦᠮᠡᠨ ᠤ ᠰᠡᠳᠬᠢᠯ ᠰᠠᠨᠠᠭᠠᠨ ᠳᠤ ᠳᠣᠬᠢᠷᠠᠭᠰᠠᠨ ᠣᠨᠣᠪᠴᠢᠳᠡᠢ ᠲᠤᠰᠬᠠᠢ | ᠰᠡᠲᠦᠪᠲᠦ ᠰᠤᠳᠤᠯᠤᠨ ᠰᠣᠷᠣᠯᠴᠠᠬᠤ ᠠᠵᠢᠯᠯᠠᠭ᠎ᠠ ᠦᠷᠨᠢᠬᠦᠯᠣᠭ᠍ᠰᠠᠨ ᠪᠠᠶᠢᠨ᠎ᠠ᠃ ᠲᠤᠰᠬᠠᠢ ᠰᠡᠲᠦᠪᠲᠦ ᠰᠤᠳᠤᠯᠤᠨ | ᠰᠣᠷᠣᠯᠴᠠᠬᠤ ᠠᠵᠢᠯᠯᠠᠭ᠎ᠠ ᠳᠤ ᠲᠤᠭ ᠪᠠᠯᠭᠠᠰᠤᠨ ᠤ ᠪᠣᠳᠡᠲᠤ ᠪᠠᠶᠢᠳᠡᠯ ᠳᠤ ᠳᠣᠬᠢᠷᠠᠭᠰᠠᠨ ᠬᠦᠭᠵᠢᠬᠦᠯᠣᠯᠳᠡ ᠶᠢᠨ | ᠠᠷᠭ᠎ᠠ ᠪᠣᠳᠣᠯᠭ᠎ᠠ ᠶᠢ ᠬᠠᠮᠳᠣᠪᠡᠷ ᠰᠣᠳᠣᠯᠣᠨ ᠶᠠᠷᠢᠯᠴᠠᠵᠣ ᠭᠤᠣᠯ ᠰᠡᠲᠦᠪᠲᠦ ᠬᠦᠮᠦᠵᠢᠯ ᠢ ᠥᠷᠨᠢᠭᠦᠯᠬᠦ ᠳᠤ ᠪᠠᠨ | ᠶᠠᠳᠠᠭᠤ ᠠᠴᠠ ᠠᠩᠭᠢᠵᠢᠷᠠᠭᠤᠯᠵᠤ ᠪᠣᠭᠤᠮᠲᠠ ᠰᠢᠪᠲᠤᠯᠬᠤ ᠪᠠ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ | ᠵᠡᠷᠭᠡ ᠶᠢ ᠲᠤᠬᠠᠢ ᠶᠢᠨ ᠭᠠᠵᠠᠷ ᠤᠨ ᠥᠭᠡᠷᠡᠴᠢᠯᠡᠯᠲᠡ ᠬᠥᠭᠵᠢᠯᠲᠡ ᠤᠨ ᠡᠯ᠎ᠡ ᠵᠦᠢᠯ ᠤᠨ ᠡᠭᠦᠷᠭᠡ ᠲᠠᠢ | ᠤᠶᠠᠯᠳᠤᠭᠤᠯᠵᠤ ᠦᠨᠳᠦᠰᠦᠨ ᠱᠠᠲᠤᠨ ᠤ ᠨᠠᠮ ᠤᠨ ᠬᠡᠰᠢᠭᠦᠨ᠂ ᠣᠯᠠᠨ ᠲᠥᠮᠡᠨ ᠤ ᠰᠠᠨᠠᠯ ᠰᠠᠨᠠᠭᠤᠯᠤᠮᠵᠢ ᠶᠢ | ᠰᠣᠨᠣᠰᠤᠨ ᠠᠰᠠᠭᠤᠳᠠᠯ ᠢ ᠢᠯᠡ ᠪᠠᠷ ᠰᠢᠢᠳᠪᠦᠷᠢᠯᠡᠨ ᠦᠬᠡᠷᠡᠴᠢᠯᠡᠨ ᠴᠡᠭᠴᠡᠯᠡᠵᠣ ᠣᠯᠠᠨ ᠲᠥᠮᠡᠨ ᠤ ᠰᠠᠨᠠᠭᠠᠰᠢᠷᠠᠵᠤ | ᠪᠠᠶᠢᠭ᠎ᠠ ᠠᠰᠠᠭᠤᠳᠠᠯ ᠢ ᠪᠤᠲᠠᠲᠠᠢ ᠪᠠᠷ ᠰᠢᠢᠳᠪᠦᠷᠢᠯᠡᠬᠦ ᠶᠢ ᠪᠠᠷᠢᠮᠳᠡᠯᠠᠵᠣ ᠣᠯᠠᠨ ᠲᠥᠮᠡᠨ ᠳᠤ ᠭᠤᠣᠯ ᠰᠡᠲᠦᠪᠲᠦ | ᠬᠦᠮᠦᠵᠢᠯ ᠤᠨ ᠠᠵᠢᠯᠯᠠᠭᠠᠨ ᠤ ᠪᠣᠳᠡᠳᠣ ᠬᠤᠪᠢᠷᠠᠯᠳᠠ ᠪᠣᠳᠡᠳᠣ ᠠᠰᠢᠭ ᠢ ᠬᠦᠷᠳᠡᠭᠡᠬᠦ ᠶᠢ ᠱᠠᠭᠠᠷᠳᠡᠭ᠌ᠰᠠᠨ ᠪᠠᠶᠢᠨ᠎ᠠ᠃ | | | | | | | | | | | ᠠᠵᠢᠯᠯᠠᠭ᠎ᠠ ᠳᠡᠭᠡᠷ᠎ᠡ ᠪᠠᠰᠠ ᠳᠤᠭ ᠪᠠᠯᠭᠠᠰᠣᠨ ᠤ ᠭᠤᠤᠯᠳᠠᠯᠭᠠᠲᠤ ᠠᠵᠣ ᠠᠬᠤᠶᠢᠯᠡᠯ ᠰᠠᠭᠤᠷᠢᠰᠢᠵᠣ ᠪᠠᠶᠢᠭ᠎ᠠ | ᠬᠤᠯᠣᠰᠣ ᠳᠣᠰᠬᠤᠨ ᠤ ᠵᠦᠪᠯᠡᠯ ᠠᠴᠠ S313 ᠱᠤᠭᠤᠮ ᠬᠦᠷᠬᠦ ᠵᠠᠮ ᠳᠠᠭᠠᠣ ᠳᠤ ᠵᠠᠮ ᠤᠨ ᠳ᠋ᠧᠩ ᠣᠭᠰᠠᠷᠠᠬᠤ | ᠵᠡᠷᠭᠡ ᠣᠯᠠᠨ ᠲᠥᠮᠡᠨ ᠤ ᠲᠤᠰᠬᠠᠭᠰᠠᠨ ᠪᠤᠳᠡᠳᠣ ᠠᠰᠠᠭᠤᠳᠠᠯ ᠳᠤ ᠬᠠᠨᠳᠤᠭᠤᠯᠤᠨ ᠲᠤᠬᠠᠢ ᠶᠢᠨ ᠲᠠᠯᠠᠪᠠᠢ ᠳᠤ | ᠬᠦᠷᠴᠦ ᠵᠠᠮ ᠤᠨ ᠳ᠋ᠧᠩ ᠢ ᠤᠭᠰᠠᠷᠠᠵᠤ ᠦᠭᠭᠦᠭᠰᠡᠨ ᠪᠠᠶᠢᠨ᠎ᠠ᠃ | | | |