11 ᠰᠠᠷ᠎ᠠ ᠶᠢᠨ 7 ᠤ ᠡᠳᠦᠷ᠂ ᠮᠠᠨ ᠤ ᠬᠤᠰᠢᠭᠤ ᠪᠦᠬᠦ ᠣᠯᠣᠰ ᠤᠨ ᠡᠷᠡᠬᠦᠯ ᠡᠩᠬᠡ ᠶᠢ ᠠᠬᠢᠭᠤᠯᠬᠤ | ᠬᠤᠰᠢᠭᠤ ᠶᠢᠨ ᠡᠬᠦᠳᠦᠨ ᠪᠠᠶᠢᠭᠤᠯᠣᠯᠲᠠ ᠶᠢ ᠦᠪᠡᠷᠳᠡᠭᠡᠨ ᠪᠠᠶᠢᠴᠠᠭᠠᠵᠦ ᠦᠨᠡᠯᠡᠬᠦ ᠠᠵᠢᠯ ᠤᠨ ᠪᠠᠶᠢᠷᠢᠯᠠᠭᠤᠯᠣᠯᠲᠠ | ᠶᠢᠨ ᠬᠤᠷᠠᠯ ᠵᠢᠴᠢ ᠨᠡᠶᠢᠬᠡᠮ ᠤᠨ ᠰᠡᠳᠬᠢᠴᠡ ᠶᠢᠨ ᠦᠢᠯᠡᠴᠢᠯᠡᠬᠡᠨ ᠤ ᠳᠣᠭᠳᠠᠯᠴᠠᠭ᠎ᠠ ᠶᠢᠨ ᠪᠦᠲᠦᠭᠡᠨ | ᠪᠠᠶᠢᠭᠤᠯᠣᠯᠲᠠ ᠶᠢᠨ ᠳᠣᠷᠰᠢᠯᠳᠠ ᠶᠢᠨ ᠴᠡᠭ ᠤᠨ ᠳᠠᠶᠢᠴᠢᠯᠠᠯᠲᠠ ᠶᠢᠨ ᠬᠤᠷᠠᠯ ᠢ ᠬᠤᠷᠠᠯᠳᠤᠭᠤᠯᠪᠠ᠃ ᠬᠤᠰᠢᠭᠤ | ᠳᠡᠳ᠋ ᠳᠠᠷᠤᠭ᠎ᠠ ᠯᠢᠦ ᠵᠧᠩ᠂ ᠬᠤᠰᠢᠭᠤ ᠡᠯ᠎ᠡ ᠰᠢᠭᠤᠳ ᠬᠠᠷᠢᠶ᠎ᠠ ᠰᠠᠯᠠᠭ᠎ᠠ ᠮᠦᠴᠢᠷ᠂ ᠡᠯ᠎ᠡ ᠠᠵᠣ ᠠᠬᠤᠢ ᠶᠢᠨ | ᠨᠡᠬᠡᠬᠡᠯᠳᠡ ᠶᠢᠨ ᠣᠷᠣᠨ ︵ᠳᠣᠭᠤᠷᠢᠭ︶᠂ ᠡᠯ᠎ᠡ ᠰᠣᠮᠣ ᠪᠠᠯᠭᠠᠰᠣ᠂ ᠡᠯ᠎ᠡ ᠬᠠᠮᠢᠶ᠎ᠠ ᠪᠦᠬᠦᠢ ᠰᠣᠷᠭᠠᠭᠤᠯᠢ᠂ ᠠᠵᠣ | ᠠᠬᠤᠶᠢᠯᠠᠯ᠂ ᠡᠷᠡᠬᠦᠯ ᠬᠠᠮᠠᠭᠠᠯᠠᠯ ᠤᠨ ᠰᠢᠰᠲ᠋ᠧᠮ ᠤᠨ ᠬᠠᠮᠢᠶ᠎ᠠ ᠪᠦᠬᠦᠢ ᠪᠠᠶᠢᠭᠤᠯᠭ᠎ᠠ ᠶᠢᠨ ᠬᠠᠷᠢᠭᠤᠴᠠᠯᠭᠠᠳᠠᠨ ᠬᠤᠷᠠᠯ | ᠳᠤ ᠣᠷᠣᠯᠴᠠᠪᠠ᠃ | | | | | | | ᠬᠤᠷᠠᠯ ᠳᠡᠭᠡᠷ᠎ᠡ᠂ ᠬᠤᠰᠢᠭᠤ ᠡᠷᠡᠬᠦᠯ ᠬᠠᠮᠠᠭᠠᠯᠠᠯ ᠡᠷᠡᠬᠦᠯ ᠮᠡᠨᠲᠤ ᠶᠢᠨ ᠵᠦᠪᠯᠡᠯ ᠶᠢᠨ ᠬᠠᠷᠢᠭᠤᠴᠠᠯᠭᠠᠲᠠᠨ | ᠪᠦᠬᠦ ᠣᠯᠣᠰ ᠤᠨ ᠡᠷᠡᠬᠦᠯ ᠡᠩᠬᠡ ᠶᠢ ᠠᠬᠢᠭᠤᠯᠬᠤ ᠬᠤᠰᠢᠭᠤ ᠶᠢᠨ ᠡᠬᠦᠳᠦᠨ ᠪᠠᠶᠢᠭᠤᠯᠣᠯᠲᠠ ᠶᠢᠨ ᠠᠵᠢᠯ ᠲᠤᠮᠳᠠ | ᠣᠷᠣᠰᠢᠵᠦ ᠪᠠᠶᠢᠭ᠎ᠠ ᠬᠠᠮᠢᠶ᠎ᠠ ᠪᠦᠬᠦᠢ ᠠᠰᠠᠭᠤᠳᠠᠯ ᠢ ᠨᠡᠶᠢᠳᠡᠯᠡᠵᠦ ᠬᠤᠶᠢᠰᠢᠳᠠ ᠶᠢᠨ ᠠᠵᠢᠯ ᠳᠤ ᠪᠠᠶᠢᠷᠢᠯᠠᠭᠤᠯᠣᠯᠲᠠ | ᠬᠢᠵᠦ ᠬᠤᠰᠢᠭᠤ ᠡᠷᠡᠬᠦᠯ ᠬᠠᠮᠠᠭᠠᠯᠠᠯ ᠡᠷᠡᠬᠦᠯ ᠮᠡᠨᠲᠣ ᠶᠢᠨ ᠵᠦᠪᠯᠡᠯ᠂ ᠣᠯᠣᠰ ᠳᠦᠷᠦ ᠬᠠᠣᠯᠢ ᠴᠠᠭᠠᠵᠠ ᠶᠢᠨ | ᠬᠤᠷᠢᠶ᠎ᠠ᠂ ᠠᠷᠠᠳ ᠤᠨ ᠶᠠᠪᠤᠳᠠᠯ ᠤᠨ ᠲᠤᠪᠴᠢᠶ᠎ᠠ᠂ ᠰᠣᠷᠭᠠᠨ ᠬᠦᠮᠦᠵᠢᠯ ᠪᠡᠶ᠎ᠡ ᠳᠠᠮᠢᠷ ᠤᠨ ᠳᠣᠪᠴᠢᠶ᠎ᠠ ᠶᠢᠨ | ᠬᠠᠷᠢᠭᠤᠴᠠᠯᠭᠠᠲᠠᠨ ᠠᠴᠠ ᠨᠡᠶᠢᠬᠡᠮ ᠤᠨ ᠰᠡᠳᠬᠢᠴᠡ ᠶᠢᠨ ᠦᠢᠯᠡᠴᠢᠯᠡᠬᠡᠨ ᠤ ᠳᠣᠭᠳᠠᠯᠴᠠᠭ᠎ᠠ ᠶᠢᠨ ᠪᠦᠲᠦᠭᠡᠨ | ᠪᠠᠶᠢᠭᠤᠯᠣᠯᠲᠠ ᠶᠢᠨ ᠳᠣᠷᠰᠢᠯᠳᠠ ᠶᠢᠨ ᠴᠡᠭ ᠤᠨ ᠠᠵᠢᠯ ᠳᠤ ᠪᠠᠶᠢᠷᠢᠯᠠᠭᠤᠯᠣᠯᠲᠠ ᠲᠤᠬᠢᠷᠠᠭᠤᠯᠤᠯᠲᠠ ᠬᠢᠪᠡ᠃ | ᠯᠢᠦ ᠵᠧᠩ ᠬᠤᠷᠠᠯ ᠳᠡᠭᠡᠷ᠎ᠡ ᠵᠢᠭᠠᠵᠤ ᠭᠠᠷᠭᠠᠭᠰᠠᠨ ᠨᠢ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ | ᠡᠭᠦᠷᠭᠡ ᠶᠢ ᠨᠠᠶᠢᠳᠠᠪᠤᠷᠢᠵᠢᠭᠤᠯᠬᠤ ᠡᠷᠴᠢᠮ ᠢᠶᠠᠨ ᠴᠢᠨᠠᠭᠰᠢᠳᠠ ᠴᠢᠩᠭᠠᠷᠠᠭᠤᠯᠤᠨ ᠪᠦᠬᠦ ᠤᠯᠤᠰ ᠤᠨ ᠡᠷᠡᠭᠦᠯ | ᠡᠩᠭᠡ ᠶᠢ ᠠᠬᠢᠭᠤᠯᠬᠤ ᠬᠤᠰᠢᠭᠤ ᠪᠣᠯᠤᠨ ᠨᠡᠶᠢᠬᠡᠮ ᠤᠨ ᠰᠡᠳᠬᠢᠴᠡ ᠶᠢᠨ ᠦᠢᠯᠡᠴᠢᠯᠡᠭᠡᠨ ᠤ ᠲᠤᠭᠲᠠᠯᠴᠠᠭ᠎ᠠ ᠶᠢᠨ | ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠤᠨ ᠠᠵᠢᠯ ᠢ ᠲᠣᠰ ᠨᠢᠭᠡᠴᠢ᠂ ᠲᠣᠰ ᠠᠵᠢᠯ ᠲᠥᠷᠥᠯ ᠤᠨ ᠢᠶᠠᠨ ᠠᠵᠢᠯ | ᠤᠨ ᠭᠤᠤᠯᠳᠠᠯᠭ᠎ᠠ ᠳᠤ ᠣᠷᠣᠭᠤᠯᠵᠤ ᠪᠦᠬᠦ ᠤᠯᠤᠰ ᠤᠨ ᠰᠢᠶᠠᠨ ᠤ ᠲᠡᠰ ᠤᠨ ᠪᠣᠯᠪᠠᠰᠤᠨ ᠬᠤᠲᠠ᠂ ᠡᠷᠡᠭᠦᠯ ᠡᠩᠭᠡ | ᠦᠤᠰᠢᠨ᠂ ᠠᠮᠤᠷ ᠲᠦᠪᠰᠢᠨ ᠦᠤᠰᠢᠨ ᠵᠡᠷᠭᠡ ᠶᠢ ᠡᠭᠦᠳᠦᠨ ᠪᠠᠶᠢᠭᠤᠯᠬᠤ ᠯᠤᠭ᠎ᠠ ᠨᠢᠭᠡᠳᠦᠯᠲᠡᠶ ᠲᠦᠪᠯᠡᠷᠡᠬᠦᠯᠦᠨ | ᠲᠥᠯᠥᠪᠵᠢᠭᠦᠯᠵᠦ ᠵᠡᠷᠭᠡᠪᠡᠷ ᠠᠬᠢᠭᠤᠯᠤᠨ ᠤᠯᠤᠰ ᠤᠨ ᠰᠢᠯᠭᠠᠨ ᠪᠠᠶᠢᠴᠠᠭᠠᠯᠲᠠ ᠶᠢ ᠤᠷᠤᠭᠰᠢᠲᠠᠶ ᠥᠩᠭᠡᠷᠡᠭᠦᠯᠬᠦ ᠶᠢ | ᠪᠠᠲᠤᠯᠠᠬᠤ ᠬᠡᠷᠡᠭᠲᠡᠶ᠃ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ ᠥᠨᠳᠥᠷ ᠪᠠᠷᠢᠮᠵᠢᠶ᠎ᠠ ᠪᠠᠷ ᠤᠯᠤᠰ ᠤᠨ | ᠰᠢᠯᠭᠠᠨ ᠪᠠᠶᠢᠴᠠᠭᠠᠯᠲᠠ ᠶᠢ ᠤᠭᠲᠤᠵᠤ ᠡᠯ᠎ᠡ ᠵᠦᠢᠯ ᠤᠨ ᠠᠵᠢᠯ ᠢᠶᠠᠨ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ | ᠬᠡᠷᠡᠭᠲᠡᠶ᠃ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠵᠤ ᠪᠦᠲᠦᠭᠡᠨ ᠪᠠᠶᠢᠭᠤᠯᠤᠯᠲᠠ ᠶᠢᠨ | ᠲᠤᠷᠰᠢᠯᠲᠠ ᠶᠢᠨ ᠠᠵᠢᠯ ᠢ ᠬᠦᠴᠦᠲᠡᠶ ᠲᠦᠯᠬᠢᠨ ᠠᠬᠢᠭᠤᠯᠵᠤ ᠲᠤᠷᠰᠢᠯᠲᠠ ᠶᠢᠨ ᠠᠵᠢᠯ ᠤᠨ ᠡᠭᠦᠷᠭᠡ ᠶᠢ ᠪᠦᠬᠦ | ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠨᠡᠶᠢᠭᠡᠮ ᠤᠨ ᠰᠡᠳᠬᠢᠴᠡ ᠶᠢᠨ ᠦᠢᠯᠡᠴᠢᠯᠡᠭᠡᠨ ᠤ ᠲᠣᠤᠷ | ᠰᠦᠯᠵᠢᠶᠡᠨ ᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ ᠰᠡᠳᠬᠢᠴᠡ ᠶᠢᠨ ᠦᠢᠯᠡᠴᠢᠯᠡᠭᠡᠨ ᠤ ᠴᠢᠳᠠᠪᠤᠷᠢᠲᠠᠨ ᠤ | ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠶ ᠭᠡᠪᠡ᠃ | ᠯᠢᠦ ᠵᠧᠩ ᠴᠢᠬᠤᠯᠠᠴᠢᠯᠠᠭᠰᠠᠨ ᠨᠢ᠂ ᠪᠥᠬᠦ ᠤᠯᠤᠰ ᠤᠨ ᠡᠷᠡᠭᠦᠯ ᠡᠩᠭᠡ ᠶᠢ ᠠᠬᠢᠭᠤᠯᠬᠤ ᠬᠤᠰᠢᠭᠤ ᠶᠢ | ᠡᠭᠦᠳᠦᠨ ᠪᠠᠶᠢᠭᠤᠯᠬᠤ ᠪᠠ ᠨᠡᠶᠢᠭᠡᠮ ᠤᠨ ᠰᠡᠳᠬᠢᠴᠡ ᠶᠢᠨ ᠦᠢᠯᠡᠴᠢᠯᠡᠭᠡᠨ ᠤ ᠲᠤᠭᠲᠠᠯᠴᠠᠭ᠎ᠠ ᠶᠢᠨ | ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠬᠦ ᠪᠣᠯ ᠨᠢᠭᠡ ᠵᠦᠢᠯ ᠤᠨ ᠰᠠᠭᠤᠷᠢ ᠲᠠᠯᠪᠢᠵᠤ | ᠠᠯᠤᠰ ᠬᠡᠲᠦ ᠳᠤ ᠠᠰᠢᠭᠲᠠᠢ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠤᠨ᠎ᠠ᠂ ᠪᠢᠳᠡ ᠵᠠᠪᠠᠯ ᠦᠵᠡᠯ ᠰᠠᠨᠠᠭ᠎ᠠ | ᠪᠠ ᠦᠢᠯᠡ ᠠᠵᠢᠯᠯᠠᠭ᠎ᠠ ᠪᠠᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠤᠷᠢᠲᠤ | ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ ᠨᠢᠭᠡᠳᠬᠡᠵᠦ ᠡᠯ᠎ᠡ ᠵᠦᠢᠯ ᠤᠨ ᠠᠵᠢᠯ ᠤᠨ ᠡᠭᠦᠷᠭᠡ ᠶᠢ ᠴᠠᠭ ᠲᠤᠬᠠᠶ ᠳᠤᠨᠢ | ᠴᠢᠨᠠᠷ ᠢ ᠪᠠᠲᠤᠯᠠᠨ ᠪᠣᠳᠠᠲᠠᠶ ᠨᠠᠶᠢᠳᠠᠪᠤᠷᠢᠵᠢᠭᠤᠯᠵᠤ᠂ ᠠᠷᠠᠳ ᠣᠯᠠᠨ ᠤ ᠪᠡᠶ᠎ᠡ ᠰᠡᠳᠬᠢᠯ ᠤᠨ ᠡᠷᠡᠭᠦᠯ ᠮᠡᠨᠳᠦ ᠶᠢ | ᠪᠠᠲᠤᠯᠠᠬᠤ᠂ ᠪᠥᠬᠦ ᠬᠤᠰᠢᠭᠤᠨ ᠤ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠡᠭᠡ ᠲᠠᠯ᠎ᠠ ᠶᠢ ᠬᠠᠮᠠᠭᠠᠯᠠᠬᠤ᠂ ᠠᠵᠤ | ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠨᠠᠩ ᠶᠡᠭᠡ ᠰᠢᠨ᠎ᠡ ᠬᠤᠪᠢ ᠨᠡᠮᠡᠷᠢ | ᠦᠵᠡᠭᠦᠯᠬᠦ ᠬᠡᠷᠡᠭᠲᠡᠶ ᠭᠡᠵᠡᠶ᠃ | |