11 ᠰᠠᠷ᠎ᠠ ᠶᠢᠨ 7 ᠤ ᠡᠳᠦᠷ ᠠᠴᠠ 8 ᠤ ᠡᠳᠦᠷ ᠪᠤᠯᠳᠠᠯ᠎ᠠ᠂ ᠬᠤᠲᠠ ᠶᠢᠨ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ ᠤᠬᠠᠭᠤᠯᠬᠤ ᠭᠡᠯᠳᠡᠰ ᠤᠨ ᠳᠠᠷᠤᠭ᠎ᠠ ᠰᠤ᠋ ᠼᠦᠢ ᠹᠠᠩ ᠨᠠᠷ ᠮᠠᠨ ᠤ ᠬᠤᠰᠢᠭᠤᠨ ᠤ | ᠤᠯᠠᠭᠠᠨᠲᠤᠯᠤᠭᠠᠢ ᠪᠠᠯᠭᠠᠰᠤ᠂ ᠭᠠᠯᠠᠭᠤᠲᠤ ᠪᠠᠯᠭᠠᠰᠤᠨ ᠳᠤ ᠬᠦᠷᠴᠤ ︽ᠤᠭ ᠰᠠᠨᠠᠭ᠎ᠠ ᠪᠠᠨ ᠥᠯᠦ ᠮᠠᠷᠲᠠᠵᠤ᠂ | ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠠᠭᠦ︾ ᠭᠤᠣᠯ ᠰᠡᠳᠦᠪᠲᠤ ᠬᠦᠮᠦᠵᠢᠯ ᠳᠤ ᠪᠠᠶᠢᠴᠠᠭᠠᠨ ᠰᠤᠳᠤᠯᠤᠯᠲᠠ | ᠬᠢᠬᠦ ᠶᠢᠨ ᠬᠠᠮᠲᠤ ᠪᠤᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠳᠤ ᠬᠢᠨᠠᠨ ᠵᠢᠯᠤᠭᠤᠳᠤᠯᠭ᠎ᠠ ᠬᠢᠪᠡ᠃ | ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ ᠤᠬᠠᠭᠤᠯᠬᠤ ᠭᠡᠯᠳᠡᠰ ᠤᠨ ᠳᠠᠷᠤᠭ᠎ᠠ ᠹᠧᠩ ᡁᠢ ᠮᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠵᠣᠣ ᠶᠦᠩ ᠹᠧᠩ᠂ ᠬᠤᠰᠢᠭᠤ ᠳᠡᠳ᠋ ᠳᠠᠷᠤᠭ᠎ᠠ | ᠯᠢᠤ ᠵᠧᠩ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠪᠠᠷᠠᠳᠠᠨ ᠪᠠᠶᠢᠴᠠᠭᠠᠭᠰᠠᠨ ᠪᠠᠶᠢᠨ᠎ᠠ᠃ | | | | | | | ᠪᠠᠶᠢᠴᠠᠭᠠᠨ ᠰᠤᠳᠤᠯᠤᠯᠲᠠ ᠶᠢᠨ ᠳᠤᠮᠳᠠ᠂ ᠰᠤ᠋ ᠼᠦᠢ ᠹᠠᠩ ᠤᠷᠢᠳ ᠬᠤᠵᠢᠳ ᠤᠯᠠᠭᠠᠨᠲᠣᠯᠤᠭᠠᠢ | ᠪᠠᠯᠭᠠᠰᠤᠨ ᠤ ︽ᠠᠬᠠᠮᠠᠳ ᠲᠤᠰᠬᠤᠨ ᠳᠠᠷᠤᠭ᠎ᠠ ᠶᠢᠨ ᠦᠯᠢᠭᠡᠷ︾᠂ ᠪᠠᠶᠠᠨᠭᠤᠣᠯ ᠭᠠᠴᠠᠭᠠᠨ ᠤ ᠰᠢᠨ᠎ᠡ ᠴᠠᠭ | ᠦᠶ᠎ᠡ ᠶᠢᠨ ᠪᠣᠯᠪᠠᠰᠤᠨ ᠢ ᠦᠢᠯᠡᠳᠦᠯᠭᠡᠵᠢᠬᠦᠯᠬᠦ ᠥᠷᠲᠡᠭᠡ ᠪᠠ ᠦᠢᠯᠡᠳᠦᠯᠭᠡ ᠶᠢᠨ ᠠᠶᠢᠯ ᠡᠷᠦᠬᠡ᠂ ᠭᠠᠯᠠᠭᠤᠲᠤ | ᠪᠠᠯᠭᠠᠰᠤᠨ ᠤ ᠮᠠᠰᠢᠨ ᠲᠡᠷᠭᠡᠨ ᠤ ᠥᠷᠲᠡᠭᠡ᠂ ᠨᠠᠪᠴᠢ ᠨᠣᠭᠤᠭᠠᠨ ᠤ ᠵᠠᠬ᠎ᠠ ᠳᠡᠯᠭᠡᠭᠦᠷ᠂ ᠰᠤᠪᠤᠷᠭ᠎ᠠ ᠨᠡᠶᠢᠬᠡᠮ | ᠲᠣᠭᠤᠷᠢᠭ᠂ ᠭᠤᠣᠯ ᠵᠠᠮ᠂ ᠠᠷᠤ ᠵᠡᠭᠡᠯᠢ ᠶᠢᠨ ᠵᠢᠵᠢᠭ ᠭᠤᠳᠤᠮᠵᠢ ᠵᠢᠴᠢ ᠬᠠᠮ ᠵᠠᠭᠤᠴᠢᠯᠠᠭᠤᠷ ᠤᠨ ᠲᠥᠪ᠂ | ᠬᠤᠰᠢᠭᠤᠨ ᠤ ᠮᠦᠽᠧᠶ · ᠠᠷᠠᠳ ᠤᠨ ᠠᠮᠢᠳᠤᠷᠠᠯ ᠤᠨ ᠦᠵᠡᠬᠦᠯᠦᠯᠭᠡ ᠶᠢᠨ ᠣᠷᠳᠣᠨ ᠵᠡᠷᠭᠡ ᠭᠠᠵᠠᠷ ᠢᠶᠠᠷ ᠬᠦᠷᠴᠤ | ᠦᠨᠳᠤᠰᠦᠨ ᠱᠠᠲᠤᠨ ᠤ ᠤᠬᠠᠭᠤᠯᠭ᠎ᠠ ᠰᠤᠶᠤᠯ ᠤᠨ ᠰᠠᠭᠤᠷᠢᠨ ᠭᠠᠵᠠᠷ ᠤᠨ ᠭᠡᠷᠡᠭᠯᠠᠯᠳᠠ᠂ ᠠᠵᠢᠯᠯᠠᠭᠠᠨ ᠤ | ᠥᠷᠨᠢᠭᠦᠯᠥᠯᠳᠠ᠂ ᠠᠷᠠᠳ ᠲᠥᠮᠡᠨ ᠳᠤ ᠦᠢᠯᠡᠴᠢᠯᠡᠬᠦ ᠵᠡᠷᠭᠡ ᠪᠠᠶᠢᠳᠠᠯ ᠵᠢᠴᠢ ᠮᠠᠨ ᠤ ᠬᠤᠰᠢᠭᠤᠨ ᠤ ᠪᠦᠬᠦ | ᠤᠯᠤᠰ ᠤᠨ ᠰᠢᠶᠠᠨ ᠤ ᠲᠡᠰ ᠤᠨ ᠪᠣᠯᠪᠠᠰᠤᠨ ᠬᠤᠲᠠ ᠶᠢᠨ ᠡᠭᠦᠳᠤᠨ ᠪᠠᠶᠢᠭᠤᠯᠤᠯᠳᠠ ᠶᠢᠨ ᠠᠵᠢᠯ ᠢ ᠦᠷᠨᠢᠬᠦᠯᠵᠤ | ᠪᠠᠶᠢᠭ᠎ᠠ ᠪᠠᠶᠢᠳᠠᠯ ᠢ ᠪᠠᠶᠢᠴᠠᠭᠠᠨ ᠤᠶᠢᠯᠠᠭᠠᠬᠤ ᠶᠢᠨ ᠬᠠᠮᠳᠤ ᠦᠨᠳᠦᠰᠦᠨ ᠱᠠᠲᠤᠨ ᠤ ᠤᠬᠠᠭᠤᠯᠭ᠎ᠠ ᠰᠤᠶᠤᠯ ᠤᠨ | ᠰᠠᠭᠤᠷᠢᠨ ᠭᠠᠵᠠᠷ ᠤᠨ ᠪᠠᠶᠢᠭᠤᠯᠤᠯᠳᠠ ᠶᠢᠨ ᠲᠤᠬᠠᠢ ᠰᠠᠨᠠᠯ ᠬᠤᠷᠢᠶᠠᠭᠰᠠᠨ ᠪᠠᠶᠢᠨ᠎ᠠ᠃ | | | | | | | ᠰᠤ᠋ ᠼᠦᠢ ᠹᠠᠩ ᠵᠢᠭᠠᠵᠤ ᠭᠠᠷᠭᠠᠭᠰᠠᠨ ᠨᠢ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠶᠢ ᠪᠠᠷᠢᠮᠲᠠᠯᠠᠵᠤ ︽ | ᠬᠤᠶᠠᠷ ᠲᠦᠪ︾ ᠤᠨ ᠪᠦᠲᠦᠭᠡᠨ ᠪᠠᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ ᠰᠦᠯᠵᠢᠶᠡᠨ ᠭᠠᠳᠠᠨᠠᠬᠢ | ᠪᠠ ᠰᠦᠯᠵᠢᠶᠡᠨ ᠳᠡᠭᠡᠷᠡᠬᠢ ᠶᠢ ᠬᠠᠷᠢᠯᠴᠠᠨ ᠤᠶᠠᠯᠳᠤᠭᠤᠯᠤᠨ ᠬᠠᠷᠢᠯᠴᠠᠨ ᠬᠠᠪᠰᠤᠷᠤᠯᠴᠠᠵᠤ ᠬᠠᠷᠢᠯᠴᠠᠨ | ᠳᠣᠪᠤᠶᠢᠯᠭᠠᠬᠤ ᠶᠢ ᠪᠡᠶᠡᠯᠡᠭᠦᠯᠵᠦ ᠠᠷᠠᠳ ᠣᠯᠠᠨ ᠤ ᠣᠶᠤᠨ ᠰᠠᠨᠠᠭ᠎ᠠ ᠰᠣᠶᠣᠯ ᠤᠨ ᠬᠡᠷᠡᠭᠴᠡᠭᠡ ᠶᠢ ᠲᠠᠰᠤᠷᠠᠯᠲᠠ | ᠥᠬᠡᠶ ᠬᠠᠩᠭᠠᠬᠤ ᠬᠡᠷᠡᠭᠲᠡᠶ ᠭᠡᠵᠡᠶ᠃ ᠰᠢᠶᠠᠩ ︵ᠪᠠᠯᠭᠠᠰᠤ︶ ᠲᠣᠰᠬᠤᠨ ᠤ ᠰᠠᠭᠤᠷᠢᠨ ᠭᠠᠵᠠᠷ ᠤᠨ ᠪᠠᠭᠤᠷᠠᠶ | ᠭᠤᠭᠴᠤᠭ᠎ᠠ ᠪᠠᠷ ᠭᠤᠤᠯᠳᠠᠯᠭ᠎ᠠ ᠪᠣᠯᠭᠠᠵᠤ ᠰᠢᠨ᠎ᠡ ᠴᠠᠭ ᠦᠶ᠎ᠡ ᠶᠢᠨ ᠪᠣᠯᠪᠠᠰᠤᠨ ᠢ ᠦᠢᠯᠡᠳᠦᠯᠬᠡᠵᠢᠬᠦᠯᠬᠦ ᠲᠥᠪ ︵ | ᠰᠠᠯᠪᠤᠷᠢ᠂ ᠥᠷᠲᠡᠭᠡ︶ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠤᠨ ᠠᠵᠢᠯ ᠤᠨ | ᠬᠦᠴᠦᠨ ᠢᠶᠠᠨ ᠬᠦᠢᠴᠡᠳ ᠲᠤᠬᠢᠷᠠᠭᠤᠯᠵᠤ ᠡᠯ᠎ᠡ ᠲᠥᠷᠥᠯ ᠤᠨ ᠡᠬᠢ ᠪᠠᠶᠠᠯᠢᠭ ᠢ ᠨᠡᠶᠢᠳᠬᠡᠵᠦ ᠬᠠᠩᠭᠠᠯᠭ᠎ᠠ | ᠬᠡᠷᠡᠭᠴᠡᠭᠡ ᠶᠢ ᠵᠣᠯᠭᠠᠭᠤᠯᠬᠤ ᠠᠵᠢᠯ ᠢ ᠰᠠᠶᠢᠲᠤᠷ ᠬᠢᠵᠦ ᠣᠨᠴᠠᠯᠢᠭᠲᠤ ᠰᠠᠶᠢᠨ ᠳᠤᠷ᠎ᠠ ᠶᠢᠨ ᠦᠢᠯᠡᠴᠢᠯᠡᠭᠡ ᠶᠢ ᠣᠯᠠᠨ | ᠲᠦᠮᠡᠨ ᠤ ᠬᠡᠷᠡᠭᠴᠡᠭᠡ ᠲᠠᠢ ᠣᠷᠭᠠᠨᠢᠭ ᠢᠶᠠᠷ ᠤᠶᠠᠯᠳᠤᠭᠤᠯᠤᠨ ᠬᠡᠪᠰᠢᠭᠰᠡᠨ ᠦᠢᠯᠡᠴᠢᠯᠡᠭᠡ ᠶᠢ ᠰᠠᠶᠢᠲᠤᠷ ᠬᠠᠩᠭᠠᠬᠤ | ᠬᠡᠷᠡᠭᠲᠡᠶ᠃ ᠵᠠᠭᠤᠴᠢᠯᠠᠭᠤᠷ ᠢ ᠠᠭᠤᠰᠤᠯᠴᠠᠭᠤᠯᠤᠨ ᠬᠦᠭᠵᠢᠬᠦᠯᠵᠤ ᠶᠠᠪᠤᠴᠠ ᠶᠢ ᠳᠠᠬᠢᠨ ᠡᠭᠦᠳᠬᠦ᠂ ᠠᠭᠤᠯᠭ᠎ᠠ ᠶᠢᠨ | ᠲᠠᠯ᠎ᠠ ᠪᠠᠷ ᠦᠷᠭᠦᠯᠵᠢᠯᠡᠨ ᠬᠦᠴᠦᠯᠡᠵᠦ ᠲᠦᠷᠭᠡᠨ᠂ ᠰᠢᠨ᠎ᠡ᠂ ᠣᠨᠣᠪᠴᠢᠲᠠᠶ᠂ ᠪᠣᠳᠠᠲᠠᠶ ᠲᠠᠯ᠎ᠠ ᠪᠠᠷ ᠦᠷᠭᠦᠯᠵᠢᠯᠡᠨ | ᠬᠦᠴᠦᠯᠡᠵᠦ ᠠᠭᠤᠰᠤᠯᠴᠠᠵᠤ ᠪᠣᠯᠬᠤ ᠶᠢ ᠨᠢ ᠬᠦᠢᠴᠡᠳ ᠠᠭᠤᠰᠤᠯᠴᠠᠭᠤᠯᠤᠨ ᠣᠯᠠᠨ ᠲᠦᠮᠡᠨ ᠳᠤ ᠦᠢᠯᠡᠴᠢᠯᠡᠬᠦ | ᠳᠤᠮᠳᠠ ᠣᠯᠠᠨ ᠲᠦᠮᠡᠨ ᠢ ᠨᠢᠭᠲᠠᠷᠠᠭᠤᠯᠵᠤ ᠣᠯᠠᠨ ᠲᠦᠮᠡᠨ ᠢ ᠬᠥᠮᠦᠵᠢᠭᠦᠯᠬᠦ ᠶᠢ ᠪᠡᠶᠡᠯᠡᠭᠦᠯᠵᠦ ᠦᠨᠳᠦᠰᠦᠨ | ᠱᠠᠲᠤᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠰᠠᠭᠤᠷᠢᠨ ᠭᠠᠵᠠᠷ ᠢ ᠬᠦᠴᠦᠷᠬᠡᠭᠵᠢᠭᠦᠯᠬᠦ ᠬᠡᠷᠡᠭᠲᠡᠶ | ᠭᠡᠪᠡ᠃ | | | | | | | ᠰᠤ᠋ ᠼᠦᠢ ᠹᠠᠩ ᠴᠢᠬᠤᠯᠠᠴᠢᠯᠠᠬᠤ ᠳᠠᠭᠠᠨ᠂ ᠤᠳᠤᠬᠠᠨ ᠳᠤ ᠪᠤᠯᠪᠠᠰᠤᠨ ᠬᠤᠲᠠ ᠶᠢᠨ ᠡᠭᠦᠳᠦᠨ | ᠪᠠᠶᠢᠭᠤᠯᠤᠯᠲᠠ ᠶᠢᠨ ᠠᠵᠢᠯ ᠨᠢᠭᠡᠨᠲᠡ ᠬᠢᠨᠠᠨ ᠪᠠᠶᠢᠴᠠᠭᠠᠵᠤ ᠦᠨᠡᠯᠡᠨ ᠳᠣᠭᠲᠠᠭᠠᠬᠤ ᠶᠢ ᠤᠭᠲᠤᠬᠤ ᠵᠠᠩᠭᠢᠯᠠᠭ᠎ᠠ ᠶᠢᠨ | ᠬᠤᠭᠤᠴᠠᠭᠠᠨ ᠳᠤ ᠣᠷᠣᠵᠤ ᠬᠤᠰᠢᠭᠤ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ | ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ ᠬᠢᠨᠠᠨ ᠪᠠᠶᠢᠴᠠᠭᠠᠯᠲᠠ ᠶᠢᠨ ᠪᠠᠷᠢᠮᠵᠢᠶ᠎ᠠ ᠶᠤᠰᠤᠭᠠᠷ | ᠳᠤᠲᠠᠭᠳᠠᠯ ᠲᠠᠢ ᠲᠠᠯ᠎ᠠ ᠪᠠ ᠵᠥᠷᠢᠶ᠎ᠡ ᠲᠠᠢ ᠲᠠᠯ᠎ᠠ ᠪᠠᠨ ᠬᠠᠷᠭᠤᠭᠤᠯᠤᠨ ᠢᠯᠠᠩᠭᠤᠶ᠎ᠠ ᠣᠷᠴᠢᠨ ᠲᠣᠭᠤᠷᠢᠨ ᠤ | ᠠᠷᠢᠭᠤᠨ ᠴᠡᠪᠡᠷ᠂ ᠣᠷᠴᠢᠨ ᠠᠬᠤᠢ ᠶᠢᠨ ᠡᠭᠦᠳᠦᠯᠲᠡ᠂ ᠰᠠᠶᠢᠨ ᠳᠤᠷ᠎ᠠ ᠶᠢᠨ ᠦᠢᠯᠡᠴᠢᠯᠡᠭᠡ ᠵᠡᠷᠭᠡ | ᠠᠰᠠᠭᠤᠳᠠᠯ ᠠᠴᠠ ᠭᠠᠷᠳᠠᠵᠤ ᠬᠠᠷᠢᠭᠤᠴᠠᠯᠭ᠎ᠠ ᠪᠠᠨ ᠴᠢᠩᠭ᠎ᠠ ᠲᠤᠭᠤᠰᠢᠯᠠᠭᠤᠯᠵᠤ ᠶᠡᠷᠦᠩᠬᠡᠶᠢᠯᠡᠨ ᠵᠠᠰᠠᠨ ᠴᠡᠭᠴᠡᠯᠡᠬᠦ | ᠡᠷᠴᠢᠮ ᠢᠶᠠᠨ ᠴᠢᠩᠭᠠᠳᠬᠠᠵᠤ ᠡᠭᠦᠳᠦᠨ ᠪᠠᠶᠢᠭᠤᠯᠬᠤ ᠠᠵᠢᠯ ᠤᠨ ᠡᠭᠦᠷᠭᠡ ᠬᠠᠷᠠᠯᠲᠠ ᠪᠠᠨ ᠪᠦᠬᠦ ᠬᠦᠴᠦᠨ ᠢᠶᠠᠷ | ᠪᠡᠶᠡᠯᠡᠭᠦᠯᠬᠦ ᠬᠡᠷᠡᠭᠲᠡᠢ ᠬᠡᠵᠠᠢ᠃ | | | |