11 ᠰᠠᠷ᠎ᠠ ᠶᠢᠨ 11 ᠤ ᠡᠳᠦᠷ᠂ ᠬᠤᠰᠢᠭᠤ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠨᠠᠮ ᠤᠨ ᠣᠳᠣᠷᠢᠳᠬᠤ ᠳᠣᠭᠤᠶᠢᠯᠠᠩ ᠤᠨ ︽ᠣᠭ ᠰᠠᠨᠠᠭ᠎ᠠ ᠪᠠᠨ ᠦᠯᠦ ᠮᠠᠷᠲᠠᠵᠤ᠂ | ᠡᠬᠦᠷᠭᠡ ᠬᠠᠷᠢᠭᠤᠴᠠᠯᠭ᠎ᠠ ᠪᠠᠨ ᠪᠠᠳᠣ ᠴᠡᠭᠡᠵᠢᠯᠡᠬᠦ︾ ᠭᠤᠣᠯ ᠰᠡᠳᠣᠪᠲᠣ ᠬᠦᠮᠦᠵᠢᠯ ᠤᠨ ᠪᠠᠶᠢᠴᠠᠭᠠᠨ ᠰᠣᠳᠣᠯᠣᠯᠲᠠ | ᠶᠢᠨ ᠦᠷ᠎ᠡ ᠪᠦᠲᠦᠮᠵᠢ ᠶᠢᠨ ᠰᠣᠯᠢᠯᠴᠠᠭᠠᠨ ᠤ ᠬᠤᠷᠠᠯ ᠬᠤᠷᠠᠯᠳᠣᠪᠠ᠃ ᠬᠤᠰᠢᠭᠤ ᠠᠷᠠᠳ ᠤᠨ ᠳᠦᠯᠦᠬᠡᠯᠡᠭᠴᠢᠳ | ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠣᠶᠠᠨᠮᠠᠨᠳᠣᠬᠤ ᠬᠤᠷᠠᠯ ᠡᠷᠬᠢᠯᠡᠵᠤ ᠬᠤᠰᠢᠭᠤ | ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢ ᠰᠢᠦ | ᠹᠧᠩ᠂ ᠸᠠᠩ ᠶᠥᠩ ᠴᠢᠩ᠂ ᠸᠠᠩ ᠵᠢᠷᠭᠠᠯ ᠬᠤᠷᠠᠯ ᠳᠤ ᠣᠷᠣᠯᠴᠠᠪᠠ᠃ | | | | | | | ᠬᠤᠷᠠᠯ ᠳᠡᠭᠡᠷ᠎ᠡ᠂ ᠬᠤᠰᠢᠭᠤ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠨᠠᠮ ᠤᠨ ᠪᠦᠷᠢᠯᠳᠦᠬᠦᠨ ᠬᠡᠰᠢᠬᠦᠨ ᠲᠤᠰ ᠲᠤᠰ ᠦᠪᠡᠷ ᠤᠨ ᠬᠤᠪᠢᠶᠠᠷᠢᠯᠠᠨ ᠬᠠᠷᠢᠭᠤᠴᠠᠵᠤ ᠪᠠᠶᠢᠭ᠎ᠠ | ᠠᠵᠢᠯ ᠲᠠᠢ ᠪᠠᠨ ᠤᠶᠠᠯᠳᠤᠭᠤᠯᠤᠨ ᠪᠠᠶᠢᠴᠠᠭᠠᠨ ᠰᠣᠳᠣᠯᠣᠯᠲᠠ ᠶᠢᠨ ᠳᠣᠭᠤᠷᠢᠨ ᠳᠤ ᠮᠡᠳᠡᠬᠦᠯᠦᠯᠲᠡ ᠬᠢᠬᠦ ᠶᠢᠨ | ᠬᠠᠮᠲᠤ ᠬᠠᠷᠢᠯᠴᠠᠨ ᠦᠨᠡᠯᠡᠯᠲᠡ ᠬᠢᠵᠦ ᠰᠠᠨᠠᠯ ᠢᠶᠠᠨ ᠰᠣᠯᠢᠯᠴᠠᠪᠠ᠃ | | | | | | | ᠬᠤᠷᠠᠯ ᠠᠴᠠ ᠴᠢᠬᠤᠯᠠᠴᠢᠯᠠᠬᠤ ᠳᠠᠭᠠᠨ᠂ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ | ᠳᠡᠭᠡᠭᠰᠢᠯᠡᠭᠦᠯᠵᠦ ᠶᠡᠷᠦᠩᠬᠡᠶ ᠱᠦᠵᠢ ᠰᠢ ᠶᠢᠨ ᠫᠢᠩ ᠤᠨ ᠪᠠᠶᠢᠴᠠᠭᠠᠨ ᠰᠤᠳᠤᠯᠤᠯᠲᠠ ᠬᠢᠬᠦ ᠲᠤᠬᠠᠶ ᠠᠯᠢ ᠣᠯᠠᠨ | ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ ᠰᠢᠨ᠎ᠡ ᠴᠠᠭ ᠦᠶ᠎ᠡ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠦᠢᠯᠡᠳᠦᠯᠭᠡ ᠳᠤ ᠣᠷᠣᠰᠢᠵᠤ ᠪᠠᠶᠢᠭ᠎ᠠ ᠠᠰᠠᠭᠤᠳᠠᠯ ᠢᠶᠠᠷ | ᠤᠳᠤᠷᠢᠳᠤᠮᠵᠢ ᠪᠤᠯᠭᠠᠨ ᠪᠠᠶᠢᠴᠠᠭᠠᠨ ᠰᠤᠳᠤᠯᠤᠯᠲᠠ ᠦᠷᠨᠢᠬᠦᠯᠬᠦ ᠦᠵᠡᠯ ᠰᠠᠨᠠᠭᠠᠨ ᠤ ᠤᠬᠠᠮᠰᠠᠷ ᠪᠣᠯᠤᠨ ᠦᠢᠯᠡ | ᠠᠵᠢᠯᠯᠠᠭ᠎ᠠ ᠶᠢᠨ ᠤᠬᠠᠮᠰᠠᠷ ᠢᠶᠠᠨ ᠴᠢᠩᠭᠠᠳᠬᠠᠨ ᠪᠠᠶᠢᠴᠠᠭᠠᠨ ᠰᠤᠳᠤᠯᠤᠯᠲᠠ ᠬᠢᠬᠦ ᠠᠵᠢᠯ ᠢ ᠦᠨᠡᠨᠬᠦ ᠰᠠᠶᠢᠲᠤᠷ ᠬᠢᠬᠦ | ᠬᠡᠷᠡᠭᠲᠡᠶ᠃ ᠬᠤᠷᠠᠯ ᠠᠴᠠ ᠵᠢᠭᠠᠬᠤ ᠳᠠᠭᠠᠨ᠂ ᠳᠠᠷᠠᠭᠠᠴᠢ ᠶᠢᠨ ᠠᠯᠬᠤᠮ ᠤᠨ ᠠᠵᠢᠯ ᠢ ᠰᠠᠶᠢᠲᠤᠷ ᠠᠳᠬᠤᠬᠤ ᠬᠡᠷᠡᠭᠲᠡᠶ | ᠂ ᠨᠢᠭᠡ ᠳᠤ᠂ ᠥᠪᠡᠷ ᠢ ᠪᠠᠨ ᠬᠤᠪᠢᠰᠬᠠᠬᠤ ᠵᠣᠷᠢᠭ ᠰᠠᠨᠠᠭ᠎ᠠ ᠶᠢ ᠪᠠᠳᠠᠷᠠᠭᠤᠯᠬᠤ ᠬᠡᠷᠡᠭᠲᠡᠶ᠃ ᠬᠤᠶᠠᠷ ᠲᠤ᠂ | ᠰᠢᠨᠵᠢᠯᠡᠬᠦ ᠤᠬᠠᠭᠠᠨᠴᠢ ᠠᠷᠭ᠎ᠠ ᠶᠢ ᠡᠵᠡᠮᠰᠢᠬᠦ ᠬᠡᠷᠡᠭᠲᠡᠶ᠃ ᠭᠤᠷᠪᠠ ᠳᠤ᠂ ᠰᠤᠷᠤᠯᠴᠠᠯᠭ᠎ᠠ ᠬᠥᠮᠦᠵᠢᠯ᠂ ᠪᠠᠶᠢᠴᠠᠭᠠᠨ | ᠰᠤᠳᠤᠯᠤᠯᠲᠠ᠂ ᠠᠰᠠᠭᠤᠳᠠᠯ ᠢ ᠪᠠᠶᠢᠴᠠᠭᠠᠨ ᠦᠵᠡᠬᠦ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠳᠥᠷᠪᠡᠨ | ᠵᠦᠢᠯ ᠤᠨ ᠠᠷᠭ᠎ᠠ ᠬᠡᠮᠵᠢᠶ᠎ᠡ ᠶᠢ ᠬᠤᠯᠪᠤᠵᠤ ᠨᠢᠭᠡ ᠴᠣᠭᠴᠠᠵᠢᠭᠤᠯᠤᠨ ᠠᠬᠢᠭᠤᠯᠬᠤ ᠶᠢ ᠡᠵᠡᠮᠳᠡᠬᠦ ᠬᠡᠷᠡᠭᠲᠡᠶ᠃ | ᠳᠥᠷᠪᠡ ᠳᠤ᠂ ᠰᠠᠶᠢᠨ ᠰᠤᠷᠲᠠᠯ ᠢᠶᠠᠷ ᠭᠤᠤᠯ ᠰᠡᠳᠦᠪᠲᠦ ᠬᠥᠮᠦᠵᠢᠯ ᠢ ᠠᠬᠢᠭᠤᠯᠬᠤ ᠬᠡᠷᠡᠭᠲᠡᠶ ᠭᠡᠪᠡ᠃ |