ᠨᠠᠮ ᠤᠨ ᠬᠡᠰᠢᠬᠦᠨ ᠺᠠᠳ᠋ᠷ ᠠᠵᠢᠯᠳᠠᠨ ᠤ ᠨᠠᠮᠴᠢ ᠴᠢᠨᠠᠷ᠂ ᠨᠠᠮ ᠤᠨ ᠰᠤᠷᠳᠠᠯ᠂ ᠨᠠᠮ ᠤᠨ ᠰᠠᠬᠢᠯᠭ᠎ᠠ ᠪᠠᠳᠤ | ᠶᠢᠨ ᠬᠡᠪ ᠪᠤᠯᠪᠠᠰᠤᠷᠠᠯ ᠢ ᠤᠯᠠᠮ ᠨᠢᠭᠡ ᠠᠯᠬᠤᠮ ᠳᠡᠭᠡᠭᠰᠢᠯᠡᠭᠦᠯᠦᠨ ᠢᠯᠵᠡᠷᠡᠯ ᠢ ᠡᠰᠡᠷᠭᠦᠴᠡᠬᠦ ᠦᠵᠡᠯ ᠰᠠᠨᠠᠭ᠎ᠠ ᠪᠠᠨ | ᠪᠠᠬᠢᠵᠢᠬᠦᠯᠬᠦ ᠶᠢᠨ ᠲᠤᠰᠠᠳᠠ ᠦᠢᠷ᠎ᠠ ᠳᠤ᠂ ᠬᠤᠰᠢᠭᠤ ᠬᠠᠤᠯᠢ ᠴᠠᠭᠠᠵᠠ ᠶᠢᠨ ᠳᠤᠪᠴᠢᠶ᠎ᠠ ᠨᠠᠮ ᠤᠨ ᠰᠤᠷᠳᠠᠯ | ᠴᠢᠬᠡᠴᠢ ᠵᠠᠰᠠᠭ ᠤᠨ ᠪᠠᠶᠢᠭᠤᠯᠤᠯᠲᠠ ᠶᠢᠨ ᠲᠤᠰᠬᠠᠶ ᠰᠡᠳᠦᠪᠲᠦ ᠨᠠᠮ ᠤᠨ ᠬᠢᠴᠢᠶᠡᠯ ᠤᠷᠤᠪᠠ᠃ | ᠬᠤᠰᠢᠭᠤ ᠬᠠᠤᠯᠢ ᠴᠠᠭᠠᠵᠠ ᠶᠢᠨ ᠲᠤᠪᠴᠢᠶᠠᠨ ᠤ ᠭᠤᠤᠯ ᠬᠠᠷᠢᠭᠤᠴᠠᠯᠭᠠᠲᠠᠨ ᠠᠴᠠ ᠨᠠᠮᠴᠢ ᠴᠢᠨᠠᠷ ᠢ | ᠴᠢᠬᠤᠯᠠᠴᠢᠯᠠᠬᠤ᠂ ᠵᠤᠷᠢᠭᠳᠠᠢ ᠪᠠᠷ ᠬᠢᠵᠦ ᠵᠤᠷᠢᠭᠳᠠᠢ ᠡᠬᠦᠷᠬᠡᠯᠡᠬᠦ᠂ ᠰᠠᠬᠢᠯᠭ᠎ᠠ ᠪᠠᠳᠤ ᠶᠢ ᠰᠠᠬᠢᠵᠦ ᠠᠵᠢᠯ ᠤᠨ | ᠰᠤᠷᠳᠠᠯ ᠢᠶᠠᠨ ᠰᠠᠶᠢᠵᠢᠷᠠᠭᠤᠯᠬᠤ ᠭᠤᠷᠪᠠᠨ ᠳᠠᠯ᠎ᠠ ᠠᠴᠠ ᠨᠠᠮ ᠤᠨ ᠤᠯᠤᠰ ᠲᠦᠷᠦ ᠶᠢᠨ ᠪᠦᠳᠦᠬᠡᠨ ᠪᠠᠶᠢᠭᠤᠯᠤᠯᠳᠠ᠂ | ᠺᠠᠳ᠋ᠷ ᠠᠵᠢᠯᠳᠠᠨ ᠤ ᠬᠡᠪ ᠰᠤᠷᠳᠠᠯ ᠵᠡᠷᠭᠡ ᠲᠠᠯ᠎ᠠ ᠶᠢᠨ ᠳᠤᠭᠤᠷᠢᠨ ᠳᠤ ᠰᠤᠷᠤᠯᠴᠠᠯᠭ᠎ᠠ ᠦᠷᠨᠢᠬᠦᠯᠪᠡ᠃ ᠬᠤᠷᠠᠯ ᠠᠴᠠ | ᠵᠢᠭᠠᠵᠤ ᠭᠠᠷᠭᠠᠭᠰᠠᠨ ᠨᠢ᠂ ᠨᠠᠮ ᠤᠨ ᠬᠡᠰᠢᠬᠦᠨ ᠪᠤᠯᠤᠭᠰᠠᠨ ᠤ ᠬᠤᠪᠢ ᠳᠤ ᠤᠯᠤᠰ ᠲᠦᠷᠦ ᠶᠢᠨ ᠳᠠᠯ᠎ᠠ ᠪᠠᠷ ︽ | ᠬᠤᠷᠢᠭ᠎ᠠ ᠱᠤᠭᠤᠮ︾ ᠤᠨ ᠦᠵᠡᠯ ᠤᠬᠠᠮᠰᠠᠷ ᠢᠶᠠᠨ ᠴᠢᠩᠭᠠᠳᠬᠠᠵᠤ ᠠᠵᠢᠯ ᠤᠨ ᠳᠠᠯ᠎ᠠ ᠪᠠᠷ ︽ᠭᠤᠤᠯ ᠱᠤᠭᠤᠮ︾ | ᠤᠨ ᠦᠵᠡᠯ ᠤᠬᠠᠮᠰᠠᠷ ᠢᠶᠠᠨ ᠴᠢᠩᠭᠠᠳᠬᠠᠨ ᠰᠤᠷᠳᠠᠯ ᠤᠨ ᠳᠠᠯ᠎ᠠ ᠪᠠᠷ ︽ᠰᠡᠷᠬᠡᠶᠢᠯᠡᠯᠲᠡ ᠶᠢᠨ ᠱᠤᠭᠤᠮ︾ ᠤᠨ | ᠦᠵᠡᠯ ᠤᠬᠠᠮᠰᠠᠷ ᠢᠶᠠᠨ ᠴᠢᠩᠭᠠᠳᠬᠠᠵᠤ ᠠᠷᠢᠭᠤᠨ ᠴᠢᠬᠡᠴᠢ ᠳᠠᠯ᠎ᠠ ᠪᠠᠷ ︽ᠬᠢᠵᠠᠭᠠᠷ ᠱᠤᠭᠤᠮ︾ ᠤᠨ ᠦᠵᠡᠯ | ᠤᠬᠠᠮᠰᠠᠷ ᠢᠶᠠᠨ ᠴᠢᠩᠭᠠᠳᠬᠠᠨ ᠢᠯᠡ ᠲᠤᠳᠤ ᠲᠠᠨᠢᠯᠲᠠ ᠲᠠᠢ ᠬᠤᠷᠴᠠ ᠰᠡᠷᠭᠡᠭ ᠬᠦᠮᠦᠨ ᠪᠤᠯᠵᠤ ᠪᠤᠳᠠᠳᠠᠢ ᠠᠵᠢᠯ | ᠳᠡᠭᠡᠷ᠎ᠡ ᠪᠠᠨ ᠳᠠᠭᠠᠭᠤᠯᠤᠭᠴᠢ ᠪᠤᠯᠬᠤ ᠬᠡᠷᠡᠭᠳᠡᠢ᠃ ᠦᠵᠡᠯ ᠰᠠᠨᠠᠭ᠎ᠠ ᠶᠤᠰᠤ ᠮᠤᠷᠠᠯ ᠤᠨ ᠬᠢᠷᠢ ᠲᠦᠪᠰᠢᠨ ᠢᠶᠠᠨ | ᠳᠡᠭᠡᠭᠰᠢᠯᠡᠬᠦᠯᠵᠤ ᠠᠷᠢᠭᠤᠨ ᠴᠢᠬᠡᠴᠢ ᠪᠡᠶ᠎ᠡ ᠪᠠᠨ ᠪᠠᠷᠢᠵᠤ᠂ ᠮᠡᠷᠡᠶᠢᠨ ᠰᠤᠷᠬᠤ᠂ ᠴᠢᠷᠮᠠᠶᠢᠨ ᠠᠵᠢᠯᠯᠠᠬᠤ᠂ ᠵᠤᠷᠢᠭᠳᠠᠢ | ᠪᠠᠷ ᠰᠢᠨ᠎ᠡ ᠶᠢ ᠡᠬᠦᠳᠬᠦ᠂ ᠪᠦᠯᠭᠦᠮᠳᠠᠨ ᠳᠠᠪᠰᠢᠬᠤ᠂ ᠠᠷᠢᠭᠤᠨ ᠴᠢᠬᠡᠴᠢ ᠪᠠᠶᠢᠬᠤ ᠲᠠᠪᠤᠨ ᠳᠠᠯ᠎ᠠ ᠪᠠᠷ ᠳᠠᠭᠤᠷᠢᠶᠠᠯ | ᠪᠤᠯᠬᠤ ᠬᠡᠷᠡᠭᠳᠡᠢ ᠬᠡᠪᠡ᠃ | ᠨᠠᠮ ᠤᠨ ᠰᠤᠷᠲᠠᠯ ᠴᠢᠬᠡᠴᠢ ᠵᠠᠰᠠᠭ ᠤᠨ ᠬᠦᠮᠦᠵᠢᠯ ᠤᠨ ᠬᠢᠴᠢᠶᠡᠯ ᠪᠤᠯ ᠬᠤᠰᠢᠭᠤ ᠬᠠᠤᠯᠢ ᠴᠠᠭᠠᠵᠠ ᠶᠢᠨ | ᠳᠤᠪᠴᠢᠶᠠᠨ ᠤ ᠨᠠᠮ ᠤᠨ ᠬᠡᠰᠢᠬᠦᠨ ᠤᠳᠤᠷᠢᠳᠬᠤ ᠺᠠᠳ᠋ᠷ ᠲᠤᠯᠤᠭᠠᠶᠢᠯᠠᠨ ᠨᠠᠮ ᠤᠨ ᠬᠢᠴᠢᠶᠡᠯ ᠤᠷᠤᠬᠤ ᠶᠢ | ᠳᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠠᠷᠭ᠎ᠠ ᠪᠠᠷᠢᠯ ᠤᠨ ᠨᠢᠬᠡ ᠨᠢ ᠪᠠᠶᠢᠵᠤ ᠪᠦᠬᠦ ᠨᠠᠮ ᠤᠨ ᠬᠡᠰᠢᠬᠦᠨ | ᠺᠠᠳ᠋ᠷ ᠠᠵᠢᠯᠳᠠᠨ ᠤ ᠥᠪᠡᠷ ᠤᠨ ᠪᠡᠶ᠎ᠡ ᠪᠠᠨ ᠬᠠᠮᠠᠭᠠᠯᠠᠬᠤ ᠴᠢᠳᠠᠪᠦᠷᠢ ᠪᠠ ᠨᠠᠮᠴᠢ ᠴᠢᠨᠠᠷ ᠤᠨ ᠬᠡᠪ ᠰᠤᠷᠲᠠᠯ ᠢ ᠤᠯᠠᠮ | ᠨᠢᠭᠡ ᠠᠯᠬᠤᠮ ᠳᠡᠭᠡᠭᠰᠢᠯᠡᠬᠦᠯᠦᠭᠰᠡᠨ ᠪᠠᠶᠢᠨ᠎ᠠ᠃ ᠪᠦᠬᠦᠳᠡᠭᠡᠷ ᠢᠶᠠᠨ ᠪᠤᠳᠠᠳᠠᠢ ᠳᠡᠭᠡᠷ᠎ᠡ ᠦᠢᠯᠡᠳᠦᠯᠭᠡᠵᠢᠬᠦᠯᠦᠨ | ᠬᠤᠶᠢᠰᠢᠳᠠ ᠶᠢᠨ ᠠᠵᠢᠯ ᠠᠮᠢᠳᠤᠷᠠᠯ ᠳᠡᠭᠡᠷ᠎ᠡ ᠳᠠᠷᠤᠤ ᠬᠢᠴᠢᠶᠡᠩᠬᠦᠢ ᠪᠠᠶᠢᠵᠤ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠬᠡᠮ ᠵᠢᠷᠦᠮ ᠤᠨ ᠦᠵᠡᠯ ᠰᠠᠨᠠᠭ᠎ᠠ ᠪᠤᠯᠤᠨ ᠶᠡᠷᠦᠩᠬᠡᠢ | ᠱᠦᠵᠢ ᠰᠢ ᠶᠢᠨ ᠫᠢᠩ ᠤᠨ ᠬᠠᠤᠯᠢ ᠴᠠᠭᠠᠵᠠ ᠪᠠᠷ ᠵᠠᠰᠠᠭ ᠶᠠᠪᠤᠭᠤᠯᠬᠤ ᠠᠵᠢᠯ ᠳᠠᠬᠢ ᠴᠢᠬᠤᠯᠠ ᠵᠢᠭᠠᠪᠤᠷᠢ ᠶᠢᠨ | ᠵᠤᠷᠢᠭ ᠰᠠᠨᠠᠭ᠎ᠠ ᠪᠠᠷ ᠳᠠᠷᠢᠬᠢ ᠳᠤᠯᠤᠭᠠᠢ ᠪᠠᠨ ᠵᠡᠪᠰᠡᠭᠯᠡᠨ ᠦᠢᠯᠡᠳᠦᠯᠬᠡ ᠪᠠᠨ ᠵᠢᠯᠤᠭᠤᠳᠤᠭᠤᠯᠵᠤ ᠠᠵᠢᠯ ᠢᠶᠠᠨ | ᠰᠠᠶᠢᠳᠦᠷ ᠬᠢᠵᠦ ᠵᠤᠷᠢᠭᠳᠠᠢ ᠬᠠᠷᠢᠭᠤᠴᠠᠨ ᠰᠢᠭᠤᠷᠬᠠᠢ ᠲᠡᠮᠡᠴᠡᠵᠤ ᠰᠢᠨ᠎ᠡ ᠴᠠᠭ ᠦᠶ᠎ᠡ ᠶᠢᠨ ᠬᠠᠤᠯᠢ ᠴᠠᠭᠠᠵᠠ ᠪᠠᠷ | ᠵᠠᠰᠠᠭ ᠶᠠᠪᠤᠭᠤᠯᠬᠤ ᠠᠵᠢᠯ ᠤᠨ ᠰᠢᠨ᠎ᠡ ᠬᠦᠭᠵᠢᠯᠳᠡ ᠶᠢ ᠲᠦᠯᠬᠢᠨ ᠠᠬᠢᠭᠤᠯᠬᠤ ᠳᠤ ᠬᠤᠪᠢ ᠨᠡᠮᠡᠷᠢ ᠪᠠᠨ | ᠦᠵᠡᠬᠦᠯᠦᠨ᠎ᠡ ᠬᠡᠵᠡᠭᠡᠪᠡ᠃ |