ᠦᠢᠷ᠎ᠠ ᠳᠤ᠂ ᠰᠦᠯᠳᠡ ᠰᠤᠮᠤᠨ ᠤ ᠴᠤᠤᠳᠠᠢ ᠭᠠᠴᠠᠭ᠎ᠠ ᠪᠦᠬᠦᠳᠡ ᠨᠠᠶᠢᠷᠠᠮᠳᠠᠬᠤ ᠲᠤᠮᠳᠠᠲᠤ ᠠᠷᠠᠳ ᠤᠯᠤᠰ | ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠬᠡᠯᠡᠬᠦ ᠵᠢᠴᠢ 2019 ᠤᠨ ᠤ ᠮᠠᠯᠴᠢᠨ ᠳᠠᠷᠢᠶᠠᠴᠢᠨ ᠤ ᠡᠯᠪᠡᠭ | ᠬᠤᠷᠢᠶᠠᠯᠳᠠ ᠶᠢᠨ ᠨᠠᠶᠢᠷ ᠤᠨ ᠰᠢᠷᠢᠰ ᠠᠵᠢᠯᠯᠠᠭ᠎ᠠ ᠦᠷᠨᠢᠬᠦᠯᠵᠤ ᠬᠤᠰᠢᠭᠤ ᠬᠠᠤᠯᠢ ᠴᠠᠭᠠᠵᠠ ᠶᠢᠨ ᠲᠤᠪᠴᠢᠶ᠎ᠠ ᠡᠨᠡᠬᠦ | ᠳᠤᠬᠢᠶᠠᠯ ᠢ ᠠᠰᠢᠭᠯᠠᠨ ︽ᠦᠨᠳᠦᠰᠦᠨ ᠱᠠᠳᠤᠨ ᠳᠤ ᠬᠠᠤᠯᠢ ᠴᠠᠭᠠᠵᠠ ᠶᠢ ᠤᠬᠠᠭᠤᠯᠵᠤ ᠠᠷᠠᠳ ᠲᠤ ᠬᠠᠤᠯᠢ | ᠴᠠᠭᠠᠵᠠ ᠶᠢᠨ ᠳᠤᠰᠠᠯᠠᠮᠵᠢ ᠦᠵᠡᠬᠦᠯᠬᠦ︾ ᠠᠵᠢᠯᠯᠠᠭ᠎ᠠ ᠦᠷᠨᠢᠬᠦᠯᠪᠡ᠃ | ᠠᠵᠢᠯᠯᠠᠭ᠎ᠠ ᠲᠡᠭᠡᠷ᠎ᠡ ᠮᠤᠩᠭᠤᠯ ᠬᠢᠳᠠᠳ ᠬᠤᠤᠰ ᠬᠡᠯᠡᠨ ᠤ ᠤᠬᠠᠭᠤᠯᠭ᠎ᠠ ᠶᠢᠨ ᠪᠢᠴᠢᠭᠡᠰᠦ ᠡᠯᠬᠦᠵᠦ ᠬᠠᠤᠯᠢ | ᠴᠠᠭᠠᠵᠠ ᠶᠢᠨ ᠵᠦᠪᠯᠡᠯᠬᠡ ᠶᠢᠨ ᠲᠠᠪᠴᠠᠩ ᠢ ᠲᠤᠬᠢᠷᠠᠭᠤᠯᠤᠨ ᠬᠠᠤᠯᠢ ᠴᠠᠭᠠᠵᠠ ᠶᠢᠨ ᠲᠤᠰᠠᠯᠠᠮᠵᠢ ᠦᠵᠡᠬᠦᠯᠬᠦ ᠲᠦᠪ | ᠤᠨ ᠠᠵᠢᠯᠳᠠᠨ ᠠᠴᠠ ᠮᠠᠯᠴᠢᠨ ᠳᠠᠷᠢᠶᠠᠴᠢᠳ ᠲᠤ ︽ᠬᠠᠤᠯᠢ ᠴᠠᠭᠠᠵᠠ ᠶᠢᠨ ᠳᠤᠰᠠᠯᠠᠮᠵᠢ ᠦᠵᠡᠬᠦᠯᠬᠦ ᠲᠦᠷᠢᠮ︾᠂ | ︽ᠦᠨᠳᠦᠰᠦᠨ ᠬᠠᠤᠯᠢ︾᠂ ︽ᠪᠤᠳᠠᠰ ᠤᠨ ᠡᠷᠬᠡ ᠶᠢᠨ ᠬᠠᠤᠯᠢ︾ ᠵᠢᠴᠢ ᠬᠠᠷ᠎ᠠ ᠪᠦᠯᠦᠭᠳᠡᠨ ᠬᠠᠷᠬᠢᠰ ᠬᠦᠴᠦᠨ ᠢ | ᠠᠷᠢᠯᠭᠠᠬᠤ᠂ ᠱᠠᠯᠢᠭ ᠵᠠᠪᠬᠠᠢ ᠵᠦᠢᠯᠡᠰ ᠪᠠ ᠬᠠᠤᠯᠢ ᠪᠤᠰᠤ ᠬᠡᠪᠯᠡᠯ ᠤᠨ ᠪᠤᠳᠠᠰ ᠢ ᠠᠷᠢᠯᠭᠠᠬᠠᠤ ᠳᠤᠬᠠᠢ ᠬᠠᠮᠢᠶ᠎ᠠ | ᠪᠦᠬᠦᠢ ᠮᠠᠲ᠋ᠧᠷᠢᠶᠠᠯ ᠪᠤᠯᠤᠨ ᠤᠬᠠᠭᠤᠯᠭ᠎ᠠ ᠶᠢᠨ ᠬᠠᠭᠤᠳᠠᠰᠤ ᠶᠢ ᠳᠠᠷᠬᠠᠭᠠᠪᠠ᠃ ᠬᠠᠤᠯᠢ ᠴᠠᠭᠠᠵᠠ ᠶᠢᠨ ᠳᠤᠰᠠᠯᠠᠮᠵᠢ | ᠦᠵᠡᠬᠦᠯᠬᠦ ᠬᠠᠤᠯᠢᠴᠢ ᠠᠴᠠ ᠮᠠᠯᠴᠢᠨ ᠳᠠᠷᠢᠶᠠᠴᠢᠳ ᠲᠤ ᠨᠤᠳᠤᠭ ᠪᠡᠯᠴᠢᠬᠡᠷ ᠤᠨ ᠠᠰᠠᠭᠤᠳᠠᠯ᠂ ᠤᠷᠤᠭ ᠬᠡᠷ ᠪᠦᠯᠢ | ᠶᠢᠨ ᠠᠰᠠᠭᠤᠳᠠᠯ᠂ ᠨᠤᠳᠤᠭ ᠪᠡᠯᠴᠢᠬᠡᠷ ᠢ ᠳᠠᠳᠠᠪᠦᠷᠢᠯᠠᠨ ᠬᠡᠷᠡᠭᠯᠡᠬᠦ ᠨᠦᠬᠦᠪᠦᠷᠢ ᠶᠢᠨ ᠪᠠᠷᠢᠮᠵᠢᠶ᠎ᠠ᠂ ᠮᠠᠯᠴᠢᠨ | ᠳᠠᠷᠢᠶᠠᠴᠢᠳ ᠬᠡᠷᠬᠢᠨ ᠬᠠᠤᠯᠢ ᠶᠤᠰᠤᠨ ᠤ ᠡᠷᠬᠡ ᠠᠰᠢᠭ ᠢᠶᠠᠨ ᠬᠠᠮᠠᠭᠠᠯᠠᠬᠤ ᠵᠡᠷᠬᠡ ᠮᠡᠳᠡᠯᠭᠡ ᠨᠦᠭᠦᠳ ᠢ ᠨᠠᠷᠢᠨ | ᠶᠠᠷᠢᠵᠤ ᠨᠢᠮᠪᠡᠢ ᠳᠠᠶᠢᠯᠪᠤᠷᠢᠯᠠᠪᠠ᠃ | ᠳᠤᠰ ᠤᠳᠠᠭᠠᠨ ᠤ ᠤᠬᠠᠭᠤᠯᠭ᠎ᠠ ᠳᠤ ᠨᠡᠶᠢᠳᠡ 100 ᠭᠠᠷᠦᠢ ᠬᠤᠪᠢ ᠤᠬᠠᠭᠤᠯᠭ᠎ᠠ ᠶᠢᠨ ᠲᠡᠪᠳᠡᠷ᠂ 300 | ᠭᠠᠷᠦᠢ ᠬᠤᠪᠢ ᠬᠠᠤᠯᠢ ᠴᠠᠭᠠᠵᠠ ᠶᠢᠨ ᠳᠤᠰᠠᠯᠠᠮᠵᠢ ᠦᠵᠡᠬᠦᠯᠬᠦ ᠬᠠᠷᠢᠯᠴᠠᠬᠤ ᠺᠠᠷᠲ ᠳᠠᠷᠬᠠᠭᠠᠵᠤ᠂ 5 ᠤᠳᠠᠭᠠᠨ ᠤ | ᠬᠠᠤᠯᠢ ᠴᠠᠭᠠᠵᠠ ᠶᠢᠨ ᠵᠦᠪᠯᠡᠯᠭᠡ ᠦᠭᠪᠡ᠃ |