11 ᠰᠠᠷ᠎ᠠ ᠶᠢᠨ 5 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠥᠵᠢ ᠡᠷᠳᠡᠨᠢᠪᠢᠯᠢᠭ ᠭᠡᠷ ᠤᠨ | ᠲᠡᠵᠢᠭᠡᠪᠦᠷᠢ ᠶᠢ ᠨᠢᠳᠤᠯᠵᠤ ᠮᠢᠬᠠᠨ ᠵᠦᠢᠯ ᠢ ᠪᠣᠯᠪᠠᠰᠣᠷᠠᠭᠤᠯᠬᠤ ᠣᠶᠢᠯᠡᠳᠪᠣᠷᠢ ᠶᠢᠨ ᠪᠥᠳᠥᠬᠡᠨ ᠪᠠᠶᠢᠭᠤᠯᠣᠯᠳᠠ | ᠬᠡᠷᠡᠭᠯᠡᠯᠳᠡ ᠳᠤ ᠤᠷᠤᠭᠰᠠᠨ ᠪᠠᠶᠢᠳᠠᠯ ᠳᠤ ᠪᠠᠶᠢᠴᠠᠭᠠᠨ ᠰᠤᠳᠤᠯᠤᠯᠳᠠ ᠭᠢᠵᠤ ᠬᠤᠰᠢᠭᠤ ᠤᠳᠤᠷᠢᠳᠤᠯᠭ᠎ᠠ | ᠪᠠᠶᠠᠨᠴᠡᠩᠬᠡᠯ ᠪᠤᠯᠤᠨ ᠬᠤᠰᠢᠭᠤ ᠨᠠᠮ ᠤᠨ ᠬᠤᠷᠢᠶᠠᠨ ᠤ ᠠᠯᠪᠠᠨ ᠭᠡᠷ᠂ ᠲᠠᠷᠢᠶᠠᠯᠠᠩ ᠮᠠᠯ ᠠᠵᠣ ᠠᠬᠤᠢ ᠶᠢᠨ | ᠲᠣᠪᠴᠢᠶ᠎ᠠ᠂ ᠬᠤᠳᠠ ᠶᠢᠨ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠲᠠ ᠶᠢᠨ ᠲᠣᠪᠴᠢᠶ᠎ᠠ ᠶᠢᠨ ᠥᠣᠰᠢᠨ | ᠬᠤᠰᠢᠭᠤᠨ ᠤ ᠬᠤᠪᠢᠶᠠᠷᠢ ᠲᠣᠪᠴᠢᠶ᠎ᠠ᠂ ᠬᠤᠰᠢᠭᠤ ᠵᠠᠬ᠎ᠠ ᠳᠡᠯᠬᠡᠭᠦᠷ ᠤᠨ ᠬᠢᠨᠠᠯᠳᠠ ᠬᠠᠮᠢᠶᠠᠷᠣᠯᠳᠠ ᠶᠢᠨ ᠲᠣᠪᠴᠢᠶ᠎ᠠ | ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠥᠳᠥᠬᠡᠨ ᠪᠠᠶᠢᠭᠤᠯᠣᠯᠳᠠ ᠶᠢᠨ ᠲᠣᠪᠴᠢᠶ᠎ᠠ ᠵᠡᠷᠬᠡ ᠰᠠᠯᠠᠭ᠎ᠠ | ᠮᠥᠴᠢᠷ ᠤᠨ ᠬᠠᠷᠢᠭᠤᠴᠠᠯᠭᠠᠳᠠᠨ ᠪᠠᠷᠠᠳᠠᠨ ᠪᠠᠶᠢᠴᠠᠭᠠᠪᠠ᠃ | | | | | | | ᠡᠷᠳᠡᠨᠢᠪᠢᠯᠢᠭ ᠨᠠᠷ ᠣᠷᠢᠳ ᠬᠤᠵᠢᠳ ᠹᠥ᠋ ᠷᠥᠢ ᠳ᠋ᠠ ᠮᠢᠬᠠᠨ ᠤ ᠵᠣᠶᠢᠯ ᠢ ᠨᠠᠷᠢᠯᠢᠭ ᠪᠣᠯᠪᠠᠰᠣᠷᠠᠭᠤᠯᠬᠤ | ᠲᠥᠷᠤᠯ ᠵᠥᠢᠯ᠂ ᠡᠤ ᠶᠤᠸᠠᠨ ᠮᠢᠬᠠᠨ ᠢᠳᠡᠭᠡᠨ ᠤ ᠬᠢᠵᠠᠭᠠᠷᠲᠣ ᠬᠠᠷᠢᠭᠤᠴᠠᠯᠭᠠᠲᠣ ᠺᠤᠮᠫᠠᠨᠢ ᠳᠤ ᠬᠦᠷᠴᠦ ᠠᠵᠣ | ᠠᠬᠤᠶᠢᠯᠠᠯ ᠤᠨ ᠬᠠᠷᠢᠭᠤᠴᠠᠯᠭᠠᠳᠠᠨ ᠤ ᠲᠠᠨᠢᠯᠴᠠᠭᠤᠯᠭ᠎ᠠ ᠶᠢ ᠰᠣᠨᠣᠰᠴᠣ ᠨᠢᠳᠤᠯᠵᠤ ᠪᠣᠯᠪᠠᠰᠣᠷᠠᠭᠤᠯᠬᠤ ᠶᠠᠪᠣᠴᠠ᠂ | ᠮᠢᠬᠠᠨ ᠲᠥᠷᠤᠯ ᠤᠨ ᠬᠢᠵᠢᠭ ᠢ ᠰᠢᠯᠭᠠᠨ ᠪᠠᠶᠢᠴᠠᠭᠠᠬᠤ᠂ ᠠᠶᠤᠯᠬᠦᠢ ᠥᠢᠯᠠᠳᠪᠤᠷᠢᠯᠠᠯ᠂ ᠣᠷᠴᠢᠨ ᠲᠣᠭᠤᠷᠢᠨ ᠤ | ᠬᠠᠮᠠᠭᠠᠯᠠᠯᠲᠠ ᠵᠡᠷᠬᠡ ᠲᠠᠯ᠎ᠠ ᠶᠢᠨ ᠪᠠᠶᠢᠳᠠᠯ ᠢ ᠨᠠᠷᠢᠨ ᠤᠶᠢᠯᠠᠭᠠᠵᠤ ᠣᠷᠣᠰᠢᠵᠣ ᠪᠠᠶᠢᠭ᠎ᠠ ᠠᠰᠠᠭᠤᠳᠠᠯ ᠪᠠ ᠲᠠᠷᠠᠭᠠᠴᠢ | ᠶᠢᠨ ᠠᠯᠬᠤᠮ ᠤᠨ ᠭᠡᠷᠡᠭᠵᠢᠭᠦᠯᠭᠦ ᠲᠥᠰᠥᠯ ᠢ ᠯᠠᠪᠯᠠᠨ ᠠᠰᠠᠭᠤᠪᠠ᠃ | | | | | | ᠡᠷᠳᠡᠨᠢᠪᠢᠯᠢᠭ ᠵᠢᠭᠠᠵᠣ ᠭᠠᠷᠭᠠᠬᠤ ᠳᠠᠭᠠᠨ᠂ ᠭᠡᠷ ᠤᠨ ᠲᠡᠵᠢᠭᠡᠪᠦᠷᠢ ᠶᠢ ᠨᠢᠳᠤᠯᠵᠤ ᠮᠢᠬᠠᠨ ᠵᠦᠢᠯ ᠢ | ᠪᠣᠯᠪᠠᠰᠣᠷᠠᠭᠤᠯᠬᠤ ᠣᠶᠢᠯᠡᠳᠪᠣᠷᠢ ᠶᠢ ᠲᠦᠷᠢᠮᠵᠢᠬᠦᠯᠦᠨ ᠪᠦᠲᠦᠭᠡᠨ ᠪᠠᠶᠢᠭᠤᠯᠵᠤ ᠬᠡᠷᠡᠭᠯᠡᠯᠲᠡ ᠳᠤ ᠤᠷᠤᠭᠤᠯᠤᠭᠰᠠᠨ | ᠨᠢ ᠮᠠᠨ ᠤ ᠬᠤᠰᠢᠭᠤᠨ ᠤ ᠮᠠᠯ ᠠᠵᠣ ᠠᠬᠤᠢ ᠶᠢᠨ ᠠᠵᠤ ᠥᠢᠯᠠᠰ ᠤᠨ ᠬᠥᠭᠵᠢᠯᠳᠡ᠂ ᠠᠷᠠᠯᠵᠢᠶᠠᠴᠢᠨ ᠤ ᠪᠠᠷᠠᠭᠠᠨ | ᠭᠥᠢᠯᠬᠡᠬᠡ ᠶᠢᠨ ᠲᠡᠭᠡᠭᠡᠪᠤᠷᠢ ᠶᠢᠨ ᠥᠪᠡᠷ ᠤᠨ ᠥᠷᠳᠡᠭ ᠢ ᠪᠠᠭᠤᠷᠠᠭᠤᠯᠬᠤ᠂ ᠵᠠᠬ᠎ᠠ ᠳᠡᠯᠬᠡᠭᠦᠷ ᠳᠠᠬᠢ ᠭᠠᠭ᠋ᠠᠢ ᠥᠬᠡᠷ | ᠬᠤᠨᠢᠨ ᠮᠢᠬᠠᠨ ᠤ ᠬᠡᠷᠡᠭᠴᠡᠭᠡ ᠶᠢ ᠬᠠᠩᠭᠠᠬᠤ᠂ ᠰᠠᠭᠤᠭᠠᠯᠢ ᠠᠷᠠᠳ ᠤᠨ ᠰᠠᠨᠠᠭ᠎ᠠ ᠠᠮᠤᠷ ᠮᠢᠬ᠎ᠠ ᠢᠳᠡᠬᠦ ᠶᠢ | ᠪᠠᠳᠣᠯᠠᠬᠤ ᠳᠤ ᠴᠢᠬᠤᠯᠠ ᠠᠴᠢ ᠬᠤᠯᠪᠤᠭᠳᠠᠯ ᠲᠠᠢ ᠶᠤᠮ᠃ ᠠᠵᠣ ᠠᠬᠤᠶᠢᠯᠠᠯ ᠨᠢ ᠪᠣᠵᠠᠷ ᠣᠰᠣ ᠶᠢ ᠰᠶᠢᠳᠪᠥᠷᠢᠯᠡᠬᠦ | ᠲᠥᠬᠦᠬᠡᠷᠥᠮᠵᠢ ᠶᠢᠨ ᠪᠥᠳᠥᠬᠡᠨ ᠪᠠᠶᠢᠭᠤᠯᠣᠯᠳᠠ ᠶᠢ ᠲᠡᠭᠦᠯᠳᠡᠷᠵᠢᠬᠦᠯᠵᠤ ᠨᠢᠳᠤᠯᠬᠤ ᠣᠶᠢᠯᠡᠳᠪᠣᠷᠢ ᠶᠢᠨ ᠤᠷᠴᠢᠨ | ᠲᠤᠭᠤᠷᠢᠨ ᠢ ᠬᠠᠮᠠᠭᠠᠯᠠᠬᠤ ᠱᠠᠭᠠᠷᠳᠠᠯᠭ᠎ᠠ ᠶᠢ ᠬᠠᠩᠭᠠᠨ ᠲᠣᠬᠠᠢ ᠶᠢᠨ ᠭᠠᠵᠠᠷ ᠤᠨ ᠪᠤᠬᠢᠷᠳᠤᠯ ᠥᠬᠡᠢ ᠮᠠᠯ ᠠᠵᠣ | ᠠᠬᠤᠢ ᠳᠤ ᠰᠠᠭᠤᠷᠢᠯᠠᠨ ᠥᠢᠯᠠᠳᠪᠤᠷᠢᠯᠠᠯ ᠶᠢᠨ ᠠᠷᠭ᠎ᠠ ᠮᠡᠷᠬᠡᠵᠢᠯ ᠢᠶᠠᠨ ᠲᠡᠭᠡᠭᠰᠢᠯᠡᠬᠦᠯᠵᠤ ᠮᠢᠬᠠᠨ ᠤ ᠬᠢᠵᠢᠭ ᠤᠨ | ᠰᠢᠯᠭᠠᠨ ᠪᠠᠶᠢᠴᠠᠭᠠᠯᠲᠠ ᠪᠠᠨ ᠴᠢᠩᠭᠠᠳᠬᠠᠨ ᠠᠵᠣ ᠣᠶᠢᠯᠡᠰ ᠤᠨ ᠭᠡᠯᠭᠢᠶᠠᠵᠢᠯ ᠪᠠ ᠪᠤᠷᠤᠯᠠᠭᠤᠯᠭ᠎ᠠ ᠶᠢᠨ ᠵᠠᠮ ᠢ | ᠥᠷᠬᠡᠳᠬᠡᠵᠥ ᠠᠵᠣ ᠠᠬᠤᠶᠢᠯᠠᠯ ᠤᠨ ᠨᠥᠯᠥᠭᠡᠯᠡᠭᠦ ᠬᠥᠴᠥᠨ ᠪᠠ ᠥᠷᠢᠰᠥᠯᠳᠥᠬᠦ ᠬᠥᠴᠥᠨ ᠢ ᠲᠡᠭᠡᠭᠰᠢᠯᠠᠭᠦᠯᠭᠦ | ᠭᠡᠷᠡᠭᠳᠠᠢ᠃ ᠡᠯ᠎ᠡ ᠰᠠᠯᠠᠭ᠎ᠠ ᠮᠥᠴᠢᠷ ᠵᠣᠬᠢᠴᠠᠭᠤᠯᠭ᠎ᠠ ᠶᠢᠨ ᠬᠥᠴᠥᠨ ᠢ ᠨᠡᠮᠡᠭᠳᠠᠭᠦᠯᠵᠤ ᠣᠶᠢᠯᠡᠴᠢᠯᠡᠭᠡ ᠬᠠᠮᠵᠢᠯᠴᠠᠭᠠᠨ | ᠤ ᠠᠵᠢᠯ ᠢ ᠰᠠᠶᠢᠨ ᠬᠢᠵᠤ ᠨᠢᠳᠤᠯᠬᠤ ᠣᠶᠢᠯᠡᠳᠪᠣᠷᠢ ᠶᠢ ᠡᠷᠳᠡᠬᠡᠨ ᠲᠥᠷᠢᠮᠵᠢᠭᠰᠡᠨ᠂ ᠪᠠᠷᠢᠮᠵᠢᠶᠠᠵᠢᠭᠰᠠᠨ | ᠡᠵᠡᠩᠨᠡᠯᠳᠠ ᠳᠤ ᠤᠷᠤᠭᠤᠯᠤᠨ ᠰᠠᠭᠤᠭᠠᠯᠢ ᠠᠷᠠᠳ ᠤᠨ ᠰᠠᠨᠠᠭ᠎ᠠ ᠠᠮᠤᠷ ᠮᠢᠬ᠎ᠠ ᠢᠳᠡᠬᠦ ᠶᠢ ᠪᠠᠳᠣᠯᠠᠬᠤ ᠬᠡᠷᠡᠭᠲᠠᠢ | ᠭᠡᠪᠡ᠃ | | | |