ᠮᠠᠨ ᠤ ᠬᠤᠰᠢᠭᠤᠨ ᠤ ᠦᠵᠡᠯ ᠤᠬᠠᠮᠰᠠᠷ ᠤᠨ ᠬᠡᠯᠪᠡᠷᠢ ᠶᠢᠨ ᠴᠠᠷᠠᠭᠠᠨ ᠤ ᠦᠪᠡᠷᠳᠡᠭᠡᠨ ᠵᠠᠰᠠᠬᠤ ᠤᠷᠤᠨ  ᠤ ᠲᠣᠭᠤᠷᠢᠨ ᠪᠠᠶᠢᠴᠠᠭᠠᠯᠲᠠ ᠳᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠤᠭᠢᠷᠠᠭᠤᠯᠤᠯᠳᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2019-11-14
     11 ᠰᠠᠷ᠎ᠠ ᠶᠢᠨ 8 ᠤ ᠡᠳᠦᠷ᠂ ᠮᠠᠨ ᠤ ᠬᠤᠰᠢᠭᠤ ᠦᠵᠡᠯ ᠤᠬᠠᠮᠰᠠᠷ ᠤᠨ ᠬᠡᠯᠪᠡᠷᠢ ᠶᠢᠨ ᠴᠠᠷᠠᠭᠠᠨ ᠤ ᠦᠪᠡᠷᠳᠡᠭᠡᠨ ᠵᠠᠰᠠᠬᠤ ᠤᠷᠤᠨ ᠤ ᠲᠣᠭᠤᠷᠢᠨ ᠪᠠᠶᠢᠴᠠᠭᠠᠯᠲᠠ ᠳᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠤᠭᠢᠷᠠᠭᠤᠯᠤᠯᠳᠠ ᠶᠢᠨ ᠬᠤᠷᠠᠯ ᠢ ᠬᠤᠷᠠᠯᠳᠤᠭᠤᠯᠤᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠹᠧᠩ ᡁᠢ ᠮᠢᠩ ᠬᠤᠷᠠᠯ ᠡᠷᠭᠢᠯᠠᠵᠤ᠂ ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠨᠢᠭᠡᠳᠦᠮᠡᠯ ᠹᠷᠣᠨᠲ ᠤᠨ ᠬᠡᠯᠲᠡᠰ᠂ ᠬᠤᠰᠢᠭᠤ ᠰᠤᠶᠤᠯ ᠪᠠ ᠵᠢᠭᠤᠯᠴᠢᠯᠠᠯ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠬᠠᠮᠢᠶᠠᠷᠤᠯᠳᠠ ᠶᠢᠨ ᠠᠯᠪᠠᠨ ᠭᠡᠷ ᠵᠡᠷᠭᠡ ᠬᠠᠮᠢᠶ᠎ᠠ ᠪᠦᠬᠦᠢ ᠪᠠᠶᠢᠭᠤᠯᠭ᠎ᠠ ᠨᠢᠭᠡᠴᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠨᠢᠭᠡᠳᠦᠮᠡᠯ ᠹᠷᠣᠨᠲ ᠤᠨ ᠬᠡᠯᠲᠡᠰ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠵᠡᠷᠭᠡ ᠬᠠᠷᠢᠭᠤᠴᠠᠯᠭᠠᠲᠤ ᠨᠢᠭᠡᠴᠢ ᠶᠢᠨ ᠬᠤᠯᠪᠤᠭᠳᠠᠯ ᠪᠥᠭᠦᠢ ᠬᠠᠷᠢᠭᠤᠴᠠᠯᠭᠠᠳᠠᠨ ᠦᠵᠡᠯ ᠤᠬᠠᠮᠰᠠᠷ ᠤᠨ ᠬᠡᠯᠪᠡᠷᠢ ᠶᠢᠨ ᠴᠠᠷᠠᠭᠠᠨ ᠤ ᠰᠠᠨᠠᠯ ᠤᠨ ᠴᠡᠭᠴᠡᠯᠡᠨ ᠰᠠᠶᠢᠵᠢᠷᠠᠭᠤᠯᠤᠯᠲᠠ ᠶᠢ ᠠᠬᠢᠭᠤᠯᠤᠭᠰᠠᠨ ᠪᠠᠶᠢᠳᠠᠯ ᠵᠢᠴᠢ ᠲᠠᠷᠠᠭᠠᠴᠢ ᠶᠢᠨ ᠠᠯᠬᠤᠮ ᠤᠨ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠳᠡᠰ ᠳᠠᠷᠠᠭᠠᠯᠠᠨ ᠬᠠᠷᠢᠭᠤ ᠮᠡᠳᠡᠭᠦᠯᠪᠡ᠃      ᠬᠤᠷᠠᠯ ᠠᠴᠠ ᠵᠢᠭᠠᠵᠤ ᠭᠠᠷᠭᠠᠬᠤ ᠳᠤ ᠪᠠᠨ᠂ ᠴᠡᠭᠴᠡᠯᠡᠨ ᠰᠠᠶᠢᠵᠢᠷᠠᠭᠤᠯᠤᠯᠳᠠ ᠶᠢ ᠠᠳᠬᠤᠬᠤ ᠬᠡᠷᠡᠭᠲᠡᠶ᠃ ᠲᠤᠭᠤᠷᠢᠨ ᠪᠠᠶᠢᠴᠠᠭᠠᠯᠳᠠ ᠶᠢᠨ ᠲᠤᠭᠤᠶᠢᠯᠠᠩ ᠤᠨ ᠬᠠᠷᠢᠭᠤ ᠲᠤᠰᠬᠠᠭᠰᠠᠨ ᠴᠡᠭᠴᠡᠯᠡᠨ ᠰᠠᠶᠢᠵᠢᠷᠠᠭᠤᠯᠬᠤ ᠰᠠᠨᠠᠯ ᠢ ᠪᠠᠷᠢᠮᠳᠠᠯᠠᠨ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠳᠣᠪᠤᠶᠢᠯᠭᠠᠵᠤ ᠭᠤᠤᠯᠳᠠᠯᠭ᠎ᠠ ᠶᠢ ᠦᠯᠦ ᠬᠤᠪᠢᠷᠠᠭᠤᠯᠬᠤ᠂ ᠪᠠᠷᠢᠮᠵᠢᠶ᠎ᠠ ᠶᠢ ᠦᠯᠦ ᠪᠠᠭᠤᠷᠠᠭᠤᠯᠬᠤ᠂ ᠡᠷᠴᠢᠮ ᠢ ᠦᠯᠦ ᠰᠤᠯᠠᠷᠠᠭᠤᠯᠬᠤ᠂ ᠴᠡᠭᠴᠡᠯᠡᠨ ᠰᠠᠶᠢᠵᠢᠷᠠᠭᠤᠯᠬᠤ ᠶᠢ ᠥᠷᠭᠦᠯᠵᠢᠯᠠᠨ ᠴᠢᠩᠭ᠎ᠠ ᠠᠳᠬᠤᠬᠤ ᠶᠢ ᠪᠠᠷᠢᠮᠲᠠᠯᠠᠵᠤ᠂ ︽ᠡᠷᠭᠢᠨ ᠬᠠᠷᠠᠬᠤ︾ ᠱᠠᠯᠠᠪᠳᠠᠭᠤᠯᠤᠨ ᠪᠠᠶᠢᠴᠠᠭᠠᠯᠲᠠ ᠶᠢ ᠭᠤᠤᠯᠳᠠᠯᠭ᠎ᠠ ᠲᠠᠢ ᠬᠡᠷᠡᠭᠵᠢᠭᠦᠯᠵᠦ᠂ ᠬᠠᠷᠢᠭᠤ ᠲᠤᠰᠬᠠᠭᠰᠠᠨ ᠠᠰᠠᠭᠤᠳᠠᠯ ᠢ ᠨᠢᠭᠡ ᠶᠢ ᠴᠦ ᠤᠷᠭᠢᠭᠳᠠᠭᠤᠯᠤᠯ ᠥᠭᠡᠢ ᠨᠠᠶᠢᠳᠠᠪᠤᠷᠢᠵᠢᠭᠤᠯᠵᠤ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠭᠠᠷᠭᠠᠬᠤ ᠶᠢ ᠪᠠᠲᠤᠯᠠᠬᠤ ᠬᠡᠷᠡᠭᠲᠡᠶ᠃ ᠨᠢᠭᠡ ᠠᠴᠠ ᠵᠥᠢᠴᠢᠯᠠᠵᠤ ᠭᠤᠷᠪᠠ ᠶᠢ ᠮᠡᠳᠡᠵᠦ ᠴᠡᠭᠴᠡᠯᠡᠨ ᠰᠠᠶᠢᠵᠢᠷᠠᠭᠤᠯᠤᠯᠳᠠ ᠶᠢ ᠠᠳᠬᠤᠬᠤ ᠬᠡᠷᠡᠭᠲᠡᠶ᠃ ᠣᠷᠣᠰᠢᠵᠤ ᠪᠠᠶᠢᠭ᠎ᠠ ᠠᠰᠠᠭᠤᠳᠠᠯ ᠤᠨ ᠦᠨᠳᠦᠰᠦ ᠰᠤᠷᠪᠤᠯᠵᠢ ᠶᠢ ᠭᠦᠨᠵᠡᠭᠡᠶ ᠠᠷᠢᠯᠭᠠᠨ ᠴᠡᠭᠴᠡᠯᠡᠨ ᠰᠠᠶᠢᠵᠢᠷᠠᠭᠤᠯᠬᠤ ᠬᠡᠪᠴᠢᠶ᠎ᠡ ᠶᠢ ᠥᠷᠭᠡᠳᠬᠡᠵᠦ ᠪᠥᠳᠥᠮᠵᠢᠳᠠᠢ ᠲᠥᠷᠢᠮ ᠤᠨ ᠲᠤᠭᠳᠠᠯᠴᠠᠭ᠎ᠠ ᠶᠢ ᠪᠥᠷᠢᠯᠳᠤᠭᠦᠯᠤᠨ ᠴᠡᠭᠴᠡᠯᠡᠨ ᠰᠠᠶᠢᠵᠢᠷᠠᠭᠤᠯᠤᠯᠳᠠ ᠶᠢ ᠦᠨᠳᠦᠰᠦᠨ ᠠᠴᠠ ᠠᠳᠬᠤᠵᠤ ᠴᠡᠭᠴᠡᠯᠡᠨ ᠰᠠᠶᠢᠵᠢᠷᠠᠭᠤᠯᠬᠤ ᠪᠠᠷ ᠳᠠᠮᠵᠢᠭᠤᠯᠤᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠳᠠᠬᠢᠨ ᠰᠢᠨ᠎ᠡ ᠳᠡᠭᠲᠡᠷ ᠲᠤ ᠭᠠᠷᠭᠠᠬᠤ ᠬᠡᠷᠡᠭᠲᠡᠶ᠃ ᠪᠠᠶᠢᠩᠭᠤ ᠠᠳᠬᠤᠵᠤ ᠤᠷᠲᠤ ᠬᠤᠭᠤᠴᠠᠭ᠎ᠠ ᠪᠦᠲᠦᠮᠵᠢᠲᠡᠶ ᠪᠠᠶᠢᠬᠤ ᠶᠢ ᠪᠠᠲᠤᠯᠠᠬᠤ ᠬᠡᠷᠡᠭᠲᠡᠶ᠃ ᠲᠣᠭᠤᠷᠢᠨ ᠪᠠᠶᠢᠴᠠᠭᠠᠯᠲᠠ ᠳᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠪᠠᠷ ᠠᠵᠠ ᠲᠣᠬᠢᠶᠠᠯ  ᠪᠤᠯᠭᠠᠨ ᠦᠵᠡᠯ ᠰᠠᠨᠠᠭ᠎ᠠ ᠪᠠᠨ ᠬᠤᠪᠢᠷᠠᠭᠤᠯᠬᠤ᠂ ᠠᠵᠢᠯ ᠦᠢᠯᠡᠰ ᠢᠶᠠᠨ ᠬᠥᠭᠵᠢᠭᠦᠯᠬᠦ᠂ ᠣᠪᠣᠷ ᠰᠤᠷᠲᠠᠯ ᠢᠶᠠᠨ ᠰᠠᠶᠢᠵᠢᠷᠠᠭᠤᠯᠬᠤ ᠭᠡᠷᠡᠭᠳᠠᠢ᠃ ᠲᠣᠭᠤᠷᠢᠨ ᠪᠠᠶᠢᠴᠠᠭᠠᠯᠲᠠ ᠳᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠠᠵᠠ ᠲᠣᠬᠢᠶᠠᠯ ᠢ ᠭᠦᠨᠵᠡᠭᠡᠶ ᠡᠵᠡᠮᠳᠡᠵᠦ ᠡᠭᠢ ᠦᠨᠳᠦᠰᠦ ᠶᠢ ᠡᠷᠢᠨ ᠳᠦᠷᠢᠮ ᠲᠣᠭᠲᠠᠭᠠᠯ ᠢ ᠪᠦᠷᠢᠨ ᠪᠣᠯᠭᠠᠨ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡᠪᠡᠷ ᠵᠠᠰᠠᠬᠤ ᠶᠢ ᠦᠨᠡᠨᠬᠦ ᠪᠡᠶᠡᠯᠡᠭᠦᠯᠵᠦ ᠥᠪᠡᠷᠲᠡᠭᠡᠨ ᠵᠠᠰᠠᠬᠤ ᠣᠷᠣᠨ ᠤ ᠲᠣᠭᠤᠷᠢᠨ ᠪᠠᠶᠢᠴᠠᠭᠠᠯᠲᠠ ᠳᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠤᠷᠲᠤ ᠬᠤᠭᠤᠴᠠᠭᠠᠨ ᠤ ᠪᠥᠳᠥᠮᠵᠢᠳᠤ ᠡᠷᠭᠢᠯᠳᠠ ᠶᠢᠨ ᠲᠤᠭᠳᠠᠯᠴᠠᠭ᠎ᠠ ᠪᠤᠯᠭᠠᠬᠤ ᠶᠢ ᠠᠭᠢᠭᠤᠯᠬᠤ ᠭᠡᠷᠡᠭᠳᠠᠢ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号