ᠤᠶᠢᠷ᠎ᠠ ᠶᠢᠨ ᠡᠳᠦᠷ ᠮᠠᠨ ᠤ ᠬᠤᠰᠢᠭᠤ ᠪᠦᠬᠦᠳᠡ ᠨᠠᠶᠢᠷᠠᠮᠳᠠᠬᠤ ᠲᠤᠮᠳᠠᠲᠤ ᠠᠷᠠᠳ ᠤᠯᠤᠰ | ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠭᠡᠷᠡᠯ ᠵᠢᠷᠤᠭ ᠤᠨ ᠪᠦᠲᠦᠭᠡᠯ ᠤᠨ ᠳᠡᠯᠭᠡᠨ ᠦᠵᠡᠬᠦᠯᠦᠯᠭᠡ ᠶᠢ | ᠬᠤᠰᠢᠭᠤ ᠰᠣᠶᠣᠯ ᠤᠨ ᠪᠦᠲᠦᠭᠡᠯᠲᠠ ᠠᠵᠤ ᠦᠢᠯᠡᠰ ᠤᠨ ᠬᠦᠷᠢᠶᠡᠯᠡᠩ ᠳᠤ ᠡᠷᠬᠢᠯᠡᠨ ᠬᠢᠵᠤ ᠵᠢᠷᠤᠭ ᠰᠡᠭᠦᠳᠡᠷ ᠢᠶᠠᠷ | ᠳᠠᠮᠵᠢᠭᠤᠯᠤᠨ ᠡᠬᠡ ᠤᠯᠤᠰ ᠤᠨ ᠴᠡᠴᠡᠭᠯᠡᠯᠲᠡ ᠬᠥᠭᠵᠢᠯᠲᠡ ᠶᠢ ᠬᠥᠮᠥᠰ ᠤᠨ ᠬᠠᠷᠠᠭᠠᠨ ᠳᠤ ᠠᠮᠢᠳᠤ ᠲᠦᠷᠰᠦᠯᠢᠭ | ᠬᠦᠷᠭᠡᠯ᠎ᠡ᠃ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ | ᠡᠷᠬᠢᠯᠡᠭᠴᠢ ᠾᠧ ᠤᠯᠠᠭᠠᠨ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠣᠶᠤᠨᠪᠢᠯᠢᠭ᠌ | ᠨᠠᠷ ᠭᠡᠷᠡᠯ ᠵᠢᠷᠤᠭ ᠤᠨ ᠳᠡᠯᠭᠡᠨ ᠦᠵᠡᠬᠦᠯᠦᠯᠭᠡ ᠶᠢᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ | ᠲᠤᠰ ᠤᠳᠠᠭᠠᠨ ᠤ ᠲᠡᠯᠭᠡᠨ ᠦᠵᠡᠬᠦᠯᠦᠯᠭᠡ ᠶᠢ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ | ᠬᠤᠰᠢᠭᠤ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠭᠡᠷᠡᠯ ᠵᠢᠷᠤᠭᠴᠢᠳ ᠤᠨ ᠡᠪᠯᠡᠯ ᠠᠴᠠ ᠬᠠᠮᠲᠤᠷᠠᠨ ᠡᠷᠬᠢᠯᠡᠵᠤ | ᠭᠡᠷᠡᠯ ᠵᠢᠷᠤᠭ ᠤᠨ ᠳᠤᠷ᠎ᠠ ᠪᠠᠭ᠋ᠠᠲᠠᠳ ᠵᠢᠴᠢ ᠰᠠᠭᠤᠭᠠᠯᠢ ᠠᠷᠠᠳ ᠦᠵᠡᠬᠦᠯᠦᠯᠭᠡ ᠶᠢ ᠰᠣᠨᠢᠷᠬᠠᠵᠤ ᠨᠤᠲᠤᠭ ᠣᠷᠣᠨ | ᠤ ᠪᠠᠨ ᠬᠥᠭᠵᠢᠯ ᠬᠤᠪᠢᠷᠠᠯ ᠢ ᠬᠠᠷᠠᠭᠠᠳ ᠣᠮᠣᠭᠰᠢᠵᠤ ᠪᠠᠶᠢᠯ᠎ᠠ᠃ | ᠰᠠᠭᠤᠭᠠᠯᠢ ᠠᠷᠠᠳ ᠪᠠᠶᠠᠨᠴᠡᠩᠭᠡᠯ᠄ ︽ᠮᠠᠨ ᠤ ᠬᠤᠰᠢᠭᠤᠨ ᠤ ᠳᠠᠯᠠᠨ ᠵᠢᠯ ᠤᠨ ᠬᠥᠭᠵᠢᠯ ᠬᠤᠪᠢᠷᠠᠯ ᠢ | ᠲᠤᠰᠬᠠᠭᠰᠠᠨ ᠡᠨᠡ ᠭᠡᠷᠡᠯ ᠵᠢᠷᠤᠭ ᠤᠨ ᠳᠡᠯᠭᠡᠨ ᠦᠵᠡᠬᠦᠯᠦᠯᠭᠡ ᠶᠢ ᠦᠵᠡᠭᠡᠳ ᠪᠢ ᠲᠤᠶᠢᠯ ᠢᠶᠠᠷ ᠪᠠᠶᠠᠷᠯᠠᠵᠤ ᠪᠠᠶᠢᠨ᠎ᠠ | ᠃ ᠮᠠᠨ ᠤ ᠬᠤᠰᠢᠭᠤᠨ ᠤ ᠬᠥᠭᠵᠢᠯᠲᠡ ᠬᠤᠪᠢᠷᠠᠯᠲᠠ ᠨᠢ ᠡᠬᠡ ᠤᠯᠤᠰ ᠤᠨ ᠡᠯ᠎ᠡ ᠭᠠᠵᠠᠷ ᠲᠠᠢ ᠠᠳᠠᠯᠢ ᠪᠠᠷ ᠶᠡᠭᠡ | ᠰᠠᠶᠢᠬᠠᠨ ᠥᠷᠨᠢᠭᠦᠨ ᠬᠥᠭᠵᠢᠯᠲᠡ ᠲᠠᠢ ᠂ ᠥᠩᠭᠡᠷᠡᠭᠰᠡᠨ ᠳᠤ ᠦᠭᠡᠶᠢᠭᠦᠦ ᠶᠠᠳᠠᠭᠤ ᠪᠠᠶᠢᠭᠰᠠᠨ ᠬᠢᠵᠠᠭᠠᠷ ᠣᠷᠣᠨ | ᠮᠠᠯᠵᠢᠬᠤ ᠣᠷᠣᠨ᠂ ᠣᠳᠣ ᠬᠥᠭᠵᠢᠵᠤ ᠴᠡᠴᠡᠭᠯᠡᠭᠡᠳ ᠪᠠᠶᠠᠨ ᠴᠢᠨᠡᠭᠡᠯᠢᠭ ᠡᠶ᠎ᠡ ᠵᠣᠬᠢᠴᠠᠯᠲᠠᠢ ᠪᠦᠯᠬᠦᠮᠳᠡᠯ ᠨᠢᠭᠲᠠᠷᠠᠯ | ᠲᠠᠢ᠂ ᠪᠥᠬᠦ ᠣᠷᠣᠨ ᠳᠠᠭᠠᠨ ᠦᠯᠢᠭᠡᠷ ᠳᠠᠭᠤᠷᠢᠶᠠᠯ ᠲᠠᠢ ᠬᠤᠰᠢᠭᠤ ᠪᠣᠯᠣᠭᠰᠠᠨ ᠪᠠᠶᠢᠨ᠎ᠠ︾ ᠭᠡᠵᠤ ᠪᠠᠶᠠᠷᠲᠠᠢ | ᠶᠠᠷᠢᠵᠤ ᠪᠠᠶᠢᠯ᠎ᠠ᠃ | ᠡᠨᠡ ᠤᠳᠠᠭᠠᠨ ᠤ ᠳᠡᠯᠭᠡᠨ ᠦᠵᠡᠬᠦᠯᠦᠭᠡ ᠳᠤ ᠮᠠᠨ ᠤ ᠬᠤᠰᠢᠭᠤᠨ ᠤ ᠭᠡᠷᠡᠯ ᠵᠢᠷᠤᠭ ᠤᠨ ᠳᠤᠷ᠎ᠠ ᠪᠠᠭ᠋ᠠᠲᠠᠳ | ᠪᠣᠯᠣᠨ ᠭᠡᠷᠡᠯ ᠵᠢᠷᠤᠭᠴᠢᠳ ᠤᠨ ᠡᠪᠯᠡᠯ ᠤᠨ ᠭᠡᠰᠢᠭᠦᠳ ᠤᠨ ᠴᠢᠯᠦᠭᠡᠯᠡᠭᠳᠡᠬᠦ ᠠᠴᠠ ᠡᠮᠦᠨᠡᠬᠢ ᠰᠢᠨ᠎ᠡ ᠠᠷᠠᠳᠴᠢᠯᠠᠭᠰᠠᠨ | ᠬᠤᠪᠢᠰᠬᠠᠯ ᠤᠨ ᠦᠶ᠎ᠡ ᠶᠢᠨ ᠵᠢᠷᠤᠭ ᠰᠡᠭᠦᠳᠡᠷ ᠢ ᠪᠠᠭᠲᠠᠭᠠᠭᠰᠠᠨ ᠦᠦᠰᠢᠨ ᠤ ᠬᠥᠭᠵᠢᠯ ᠬᠤᠪᠢᠷᠠᠯ᠂ ᠠᠷᠠᠳ ᠤᠨ | ᠠᠮᠢᠳᠤᠷᠠᠯ ᠢ ᠲᠤᠰᠬᠠᠭᠰᠠᠨ 200 ᠭᠠᠷᠤᠢ ᠪᠦᠲᠦᠭᠡᠯ ᠢ ᠳᠡᠯᠭᠡᠨ ᠦᠵᠡᠭᠦᠯᠦᠭᠰᠡᠨ ᠪᠠᠶᠢᠨ᠎ᠠ᠃ |