ᠪᠥᠬᠦ ᠬᠤᠰᠢᠭᠤᠨ ᠤ ᠰᠠᠭᠤᠷᠢ ᠰᠤᠷᠭᠠᠨ ᠬᠦᠮᠦᠵᠢᠯ ᠤᠨ ᠠᠵᠢᠯ ᠤᠨ ᠠᠬᠢᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2019-11-14
     11 ᠰᠠᠷ᠎ᠠ ᠶᠢᠨ 12 ᠤᠨ ᠡᠳᠦᠷ᠂ ᠪᠥᠬᠦ ᠬᠤᠰᠢᠭᠤᠨ ᠤ ᠰᠠᠭᠤᠷᠢ ᠰᠤᠷᠭᠠᠨ ᠬᠥᠮᠦᠵᠢᠯ ᠤᠨ ᠠᠵᠢᠯ ᠢ ᠠᠬᠢᠭᠤᠯᠬᠤ ᠬᠤᠷᠠᠯ ᠬᠤᠷᠠᠯᠳᠤᠵᠤ ᠭᠤᠤᠯ ᠡᠭᠦᠷᠭᠡ ᠨᠢ ᠪᠥᠬᠦ ᠤᠯᠤᠰ᠂ ᠪᠥᠬᠦ ᠣᠷᠣᠨ ᠪᠠ ᠪᠥᠬᠦ ᠬᠤᠲᠠ ᠶᠢᠨ ᠰᠤᠷᠭᠠᠨ ᠬᠥᠮᠦᠵᠢᠯ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠲᠥᠪ ᠤᠨ ᠰᠠᠭᠤᠷᠢ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢᠨ ᠲᠤᠬᠠᠶ ᠰᠢᠷᠢᠰ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠵᠢᠴᠢ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠰᠠᠭᠤᠷᠢ ᠰᠤᠷᠭᠠᠨ ᠬᠥᠮᠦᠵᠢᠯ ᠤᠨ ᠠᠵᠢᠯ ᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ ᠮᠠᠨ ᠤ ᠬᠤᠰᠢᠭᠤᠨ ᠤ ᠰᠠᠭᠤᠷᠢ ᠰᠤᠷᠭᠠᠨ ᠬᠥᠮᠦᠵᠢᠯ ᠤᠨ ᠠᠵᠢᠯ ᠳᠤ ᠲᠤᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃
     ᠬᠤᠰᠢᠭᠤ ᠳᠡᠳ᠋ ᠳᠠᠷᠤᠭ᠎ᠠ ᠯᠢᠦ ᠵᠧᠩ ᠬᠤᠷᠠᠯ ᠳᠤ ᠰᠠᠭᠠᠲᠠᠵᠤ ᠶᠠᠷᠢᠶ᠎ᠠ ᠲᠠᠯᠪᠢᠨ᠂ ᠡᠯ᠎ᠡ ᠰᠤᠮᠤ ᠪᠠᠯᠭᠠᠰᠤ ᠪᠤᠯᠤᠨ ᠬᠤᠰᠢᠭᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠬᠤᠰᠢᠭᠤ ᠰᠤᠷᠭᠠᠨ ᠬᠦᠮᠦᠵᠢᠯ ᠪᠡᠶ᠎ᠡ ᠲᠠᠮᠢᠷ ᠤᠨ ᠲᠣᠪᠴᠢᠶᠠᠨ ᠤ ᠤᠳᠤᠷᠢᠳᠬᠤ ᠪᠠᠭ ᠤᠨ ᠪᠦᠷᠢᠯᠳᠦᠭᠦᠨ᠂ ᠡᠯ᠎ᠡ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠤᠨ ᠵᠠᠬᠢᠷᠤᠯ᠂ ᠱᠦᠵᠢ᠂ ᠡᠯ᠎ᠡ ᠬᠠᠷᠢᠶᠠᠲᠤ ᠪᠠᠶᠢᠭᠤᠯᠭ᠎ᠠ ᠨᠢᠭᠡᠴᠢ ᠶᠢᠨ ᠡᠷᠬᠢᠯᠡᠭᠴᠢ᠂ ᠱᠦᠵᠢ᠂ ᠬᠤᠰᠢᠭᠤ ᠰᠤᠷᠭᠠᠨ ᠬᠦᠮᠦᠵᠢᠯ ᠪᠡᠶ᠎ᠡ ᠲᠠᠮᠢᠷ ᠤᠨ ᠲᠣᠪᠴᠢᠶᠠᠨ ᠤ ᠡᠯ᠎ᠡ ᠲᠠᠰᠤᠭ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠭᠰᠠᠨ ᠪᠠᠶᠢᠨ᠎ᠠ᠃      ᠬᠤᠷᠠᠯ ᠳᠡᠭᠡᠷ᠎ᠡ᠂ ᠰᠠᠭᠤᠷᠢ ᠰᠤᠷᠭᠠᠨ ᠬᠦᠮᠦᠵᠢᠯ ᠤᠨ ᠥᠭᠡᠷᠡᠴᠢᠯᠡᠯᠲᠡ ᠬᠥᠭᠵᠢᠯᠲᠡ ᠶᠢᠨ ᠲᠤᠬᠠᠢ ᠲᠥᠪ ᠪᠠ ᠣᠷᠣᠨ ᠨᠤᠲᠤᠭ ᠤᠨ ᠰᠢᠷᠢᠰ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠪᠥᠬᠦ ᠬᠤᠰᠢᠭᠤᠨ ᠤ ᠰᠠᠭᠤᠷᠢ ᠰᠤᠷᠭᠠᠨ ᠬᠦᠮᠦᠵᠢᠯ ᠤᠨ ᠠᠵᠢᠯ ᠤᠨ ᠪᠠᠶᠢᠳᠠᠯ ᠪᠠ ᠣᠷᠣᠰᠢᠵᠤ ᠪᠠᠶᠢᠭ᠎ᠠ ᠠᠰᠠᠭᠤᠳᠠᠯ ᠢ ᠨᠠᠶᠢᠳᠡᠯᠠᠨ ︽ᠥᠪᠡᠷᠲᠡᠭᠡᠨ ᠵᠠᠰᠠᠬᠤ ᠣᠷᠣᠨ ᠤ ᠰᠠᠭᠤᠷᠢ ᠰᠤᠷᠭᠠᠨ ᠬᠦᠮᠦᠵᠢᠯ ᠤᠨ ᠠᠵᠢᠯ ᠤᠨ ᠠᠬᠢᠭᠤᠯᠪᠠᠰᠤ ᠵᠣᠬᠢᠬᠤ 15 ᠲᠥᠷᠥᠯ ᠤᠨ ᠪᠤᠲᠠᠲᠠᠢ ᠡᠭᠦᠷᠭᠡ ᠶᠢᠨ ᠵᠢᠭᠰᠠᠭᠠᠯᠲᠠ︾ ᠪᠠ ᠪᠥᠬᠦ ᠬᠤᠲᠠ ᠶᠢᠨ ᠰᠠᠭᠤᠷᠢ ᠰᠤᠷᠭᠠᠨ ᠬᠦᠮᠦᠵᠢᠯ ᠤᠨ ᠠᠵᠢᠯ ᠳᠤ ᠣᠷᠣᠰᠢᠵᠤ ᠪᠠᠶᠢᠭ᠎ᠠ 10 ᠲᠠᠯ᠎ᠠ ᠶᠢᠨ ᠲᠣᠪᠣᠶᠢᠮ᠎ᠠ ᠠᠰᠠᠭᠤᠳᠠᠯ ᠢ ᠤᠯᠠᠮᠵᠢᠯᠠᠨ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠪᠠ ᠬᠤᠰᠢᠭᠤ ᠳᠠᠷᠤᠭ᠎ᠠ ᠵᠣᠣ ᠹᠸᠢ ᠯᠦ ᠶᠢᠨ ᠪᠥᠬᠦ ᠬᠤᠰᠢᠭᠤᠨ ᠤ ᠰᠠᠭᠤᠷᠢ ᠰᠤᠷᠭᠠᠨ ᠬᠦᠮᠦᠵᠢᠯ ᠤᠨ ᠠᠵᠢᠯ ᠤᠨ ᠠᠬᠢᠭᠤᠯᠤᠯᠲᠠ ᠶᠢᠨ ᠬᠤᠷᠠᠯ ᠳᠤ ᠬᠢᠭᠰᠡᠨ ᠴᠣᠬᠤᠯᠠᠪᠤᠷᠢ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠭᠠᠯᠠᠭᠤᠲᠤ ᠪᠠᠯᠭᠠᠰᠤ᠂ ᠬᠤᠰᠢᠭᠤ ᠨᠠᠮ ᠤᠨ ᠬᠤᠷᠢᠶᠠᠨ ᠤ ᠪᠠᠶᠢᠭᠤᠯᠤᠮᠵᠢ ᠣᠷᠣᠨ ᠲᠣᠭᠠᠨ ᠤ ᠵᠥᠪᠯᠡᠯ ᠤᠨ ᠠᠯᠪᠠᠨ ᠭᠡᠷ ᠪᠠ ᠬᠤᠰᠢᠭᠤ ᠡᠳ᠋ ᠤᠨ ᠵᠠᠰᠠᠭ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ  ᠵᠥᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠦᠭᠡᠨ ᠪᠠᠶᠢᠭᠤᠯᠤᠯᠲᠠ ᠶᠢᠨ ᠲᠤᠪᠴᠢᠶ᠎ᠠ᠂ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠵᠡᠷᠭᠡ ᠪᠠᠶᠢᠭᠤᠯᠭ᠎ᠠ ᠨᠢᠭᠡᠴᠢ ᠶᠢᠨ ᠬᠠᠷᠢᠭᠤᠴᠠᠯᠭᠠᠲᠠᠨ ᠠᠴᠠ ᠶᠠᠷᠢᠶ᠎ᠠ ᠲᠠᠯᠪᠢᠵᠤ ᠬᠠᠷᠢᠯᠴᠠᠨ ᠦᠵᠡᠯ ᠪᠣᠳᠣᠯ ᠢᠶᠠᠨ ᠰᠣᠯᠢᠯᠴᠠᠭᠰᠠᠨ ᠪᠠᠶᠢᠨ᠎ᠠ᠃      ᠯᠢᠦ ᠵᠧᠩ ᠬᠤᠷᠠᠯ ᠠᠴᠠ ᠵᠢᠭᠠᠵᠤ ᠭᠠᠷᠭᠠᠬᠤ ᠳᠠᠭᠠᠨ᠂ ᠤᠶᠢᠷ᠎ᠠ ᠶᠢᠨ ᠵᠢᠯ ᠠᠴᠠ ᠦᠤᠰᠢᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠰᠤᠷᠭᠠᠨ ᠬᠥᠮᠦᠵᠢᠯ ᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ ᠰᠤᠷᠭᠠᠨ ᠬᠥᠮᠦᠵᠢᠯ ᠤᠨ ᠪᠠᠲᠤᠯᠠᠭ᠎ᠠ ᠶᠢ ᠴᠢᠩᠭᠠᠳᠬᠠᠨ ᠣᠷᠣᠨ ᠵᠠᠶ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠭᠰᠡᠨ ᠠᠴᠠ ᠪᠦᠬᠦ ᠬᠤᠰᠢᠭᠤᠨ ᠤ ᠰᠠᠭᠤᠷᠢ ᠰᠤᠷᠭᠠᠨ ᠬᠥᠮᠦᠵᠢᠯ ᠲᠦᠷᠭᠡᠨ ᠬᠥᠭᠵᠢᠵᠦ ᠲᠦᠭᠡᠮᠡᠯᠵᠢᠯᠲᠡ ᠶᠢᠨ ᠲᠦᠪᠰᠢᠨ ᠪᠣᠯᠤᠨ ᠬᠦᠮᠦᠵᠢᠬᠦᠯᠦᠯᠲᠡ ᠶᠢᠨ ᠲᠦᠪᠰᠢᠨ ᠶᠡᠬᠡᠪᠡᠷ ᠳᠡᠭᠡᠭᠰᠢᠯᠡᠪᠡ᠃ ᠣᠳᠣᠬᠠᠨ ᠳᠤ ᠰᠠᠭᠤᠷᠢ ᠰᠤᠷᠭᠠᠨ ᠬᠦᠮᠦᠵᠢᠯ ᠨᠢ ᠬᠦᠮᠦᠨ ᠢ ᠬᠦᠮᠦᠵᠢᠭᠦᠯᠬᠦ ᠴᠢᠨᠠᠷ ᠴᠢᠨᠰᠠᠭ᠎ᠠ ᠪᠠᠨ ᠪᠥᠬᠦ ᠲᠠᠯ᠎ᠠ ᠪᠠᠷ ᠳᠡᠭᠡᠭᠰᠢᠯᠡᠭᠦᠯᠬᠦ ᠰᠢᠨ᠎ᠡ ᠱᠠᠲᠤᠨ ᠳᠤ ᠤᠷᠤᠵᠤ ᠪᠠᠶᠢᠨ᠎ᠠ᠂ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠤᠯᠤᠰ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠰᠠᠭᠤᠷᠢ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢᠨ ᠴᠠᠭ ᠤᠨ ᠬᠦᠰᠦᠨᠦᠭᠲᠦ ᠪᠠ ᠡᠭᠦᠷᠭᠡ ᠶᠢᠨ ᠪᠢᠴᠢᠭ ᠢ ᠦᠨᠳᠦᠰᠦᠯᠡᠨ ᠰᠢᠨ᠎ᠡ ᠪᠠᠶᠢᠳᠠᠯ ᠢ ᠣᠨᠣᠪᠴᠢᠲᠠᠶ ᠡᠵᠡᠮᠳᠡᠵᠦ᠂ ᠰᠢᠨ᠎ᠡ ᠴᠠᠭ ᠦᠶ᠎ᠡ ᠶᠢᠨ ᠰᠢᠨ᠎ᠡ ᠱᠠᠭᠠᠷᠳᠠᠯᠭ᠎ᠠ ᠲᠠᠢ ᠬᠠᠷᠢᠴᠠᠭᠤᠯᠵᠤ ᠰᠠᠭᠤᠷᠢ ᠰᠤᠷᠭᠠᠨ ᠬᠥᠮᠦᠵᠢᠯ ᠤᠨ ᠠᠵᠢᠯ ᠢ ᠴᠢᠨᠠᠷ ᠰᠠᠶᠢᠲᠠᠢ ᠭᠦᠭᠵᠢᠬᠦᠯᠬᠦ ᠡᠬᠦᠷᠭᠡ ᠲᠤᠰᠢᠶᠠᠯᠳᠤ ᠲᠦᠷᠦᠭᠳᠡᠯ ᠢᠶᠠᠨ ᠰᠢᠨ᠎ᠡ ᠱᠠᠭᠠᠷᠳᠠᠯᠭ᠎ᠠ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃ ᠪᠠᠭᠤᠷᠠᠶ ᠲᠠᠯ᠎ᠠ ᠶᠢ ᠠᠳᠬᠤᠨ ᠳᠤᠲᠠᠭᠤᠳᠠᠯ ᠢ ᠨᠥᠬᠦᠪᠥᠷᠢᠯᠡᠵᠦ ᠵᠣᠷᠢᠭᠲᠠᠶ ᠪᠠᠷ ᠬᠥᠮᠦᠨ ᠢ ᠬᠥᠮᠦᠵᠢᠭᠦᠯᠬᠦ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠦᠤᠰᠢᠨ ᠰᠠᠭᠤᠷᠢ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠯᠠᠪᠳᠠᠭᠤᠨ ᠪᠠᠲᠤᠲᠠᠶ ᠠᠬᠢᠬᠤ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠠᠢ᠃ ᠣᠬᠢ ᠰᠢᠯᠢᠳᠡᠭ ᠰᠠᠶᠢᠨ ᠲᠥᠷᠦ ᠶᠢᠨ ᠪᠣᠳᠣᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ ᠰᠠᠯᠠᠭ᠎ᠠ ᠮᠥᠴᠢᠷ ᠬᠠᠮᠵᠢᠯᠴᠠᠨ ᠬᠤᠯᠪᠣᠭᠠᠯᠠᠵᠤ ᠰᠠᠭᠤᠷᠢ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢᠨ ᠬᠦᠴᠦᠷᠬᠡᠭ ᠶᠡᠭᠡ ᠬᠠᠮᠲᠤᠷᠠᠯ ᠬᠦᠴᠦᠨ ᠢ ᠨᠢᠭᠲᠠᠷᠠᠭᠤᠯᠵᠤ ᠤᠭ ᠰᠠᠨᠠᠭ᠎ᠠ ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ ᠤᠯᠤᠰ᠂ ᠥᠪᠡᠷᠲᠡᠭᠡᠨ ᠵᠠᠰᠠᠬᠤ ᠣᠷᠣᠨ ᠤ ᠰᠠᠭᠤᠷᠢ ᠰᠤᠷᠭᠠᠨ ᠬᠥᠮᠦᠵᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠪᠦᠬᠦ ᠬᠤᠲᠠ ᠶᠢᠨ ᠰᠠᠭᠤᠷᠢ ᠰᠤᠷᠭᠠᠨ ᠬᠥᠮᠦᠵᠢᠯ ᠤᠨ ᠠᠵᠢᠯ ᠤᠨ ᠭᠤᠣᠯᠳᠠᠯᠭ᠎ᠠ ᠲᠠᠢ ᠨᠢᠭᠲᠠ ᠤᠶᠠᠯᠳᠤᠭᠤᠯᠤᠨ ᠯᠠᠪᠳᠠᠭᠤᠨ ᠪᠠᠲᠤᠲᠠᠢ ᠠᠵᠢᠯᠯᠠᠵᠤ᠂ ᠤᠷᠲᠤ ᠬᠤᠭᠤᠴᠠᠭ᠎ᠠ ᠪᠠᠷ ᠴᠢᠷᠮᠠᠶᠢᠨ ᠠᠵᠢᠯᠯᠠᠵᠤ ᠰᠠᠭᠤᠷᠢ ᠰᠤᠷᠭᠠᠨ ᠬᠥᠮᠦᠵᠢᠯ ᠤᠨ ᠰᠤᠷᠭᠠᠭᠤᠯᠢ ᠡᠷᠬᠢᠯᠡᠬᠦ ᠶᠠᠰᠤ ᠴᠢᠨᠠᠷ ᠪᠠ ᠬᠥᠭᠵᠢᠯᠲᠡ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ ᠠᠷᠠᠳ ᠣᠯᠠᠨ ᠤ ᠰᠢᠯᠢᠳᠡᠭ ᠰᠤᠷᠭᠠᠨ ᠬᠥᠮᠦᠵᠢᠯ ᠤᠨ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠨ ᠬᠠᠩᠭᠠᠵᠤ ᠮᠠᠨ ᠤ ᠬᠤᠰᠢᠭᠤᠨ ᠤ ᠰᠤᠷᠭᠠᠨ ᠬᠥᠮᠦᠵᠢᠯ ᠤᠨ ᠦᠢᠯᠡᠰ ᠤᠨ ᠰᠢᠨ᠎ᠡ ᠬᠠᠭᠤᠳᠠᠰᠤ ᠶᠢ ᠲᠠᠰᠤᠷᠠᠯᠲᠠ ᠦᠭᠡᠢ ᠪᠢᠴᠢᠭᠯᠡᠵᠦ ᠨᠤᠮᠢᠨ ᠲᠠᠩᠰᠤᠭ ᠦᠦᠰᠢᠨ ᠤ ᠰᠢᠨ᠎ᠡ ᠴᠠᠭ ᠦᠶ᠎ᠡ ᠳᠠᠬᠢ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ ᠨᠤᠮᠢᠨ ᠲᠠᠨᠰᠤᠭ ᠬᠦᠭᠵᠢᠨ ᠮᠠᠨᠳᠤᠯᠲᠠ ᠶᠢ ᠪᠡᠶᠡᠯᠡᠬᠦᠯᠬᠦ ᠬᠡᠷᠡᠭᠲᠡᠢ ᠭᠡᠪᠡ᠃  
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号