ᠪᠦᠬᠦ ᠬᠤᠰᠢᠭᠤᠨ ᠤ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ | ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠠᠵᠢᠯ ᠤᠨ ᠲᠣᠬᠢᠷᠠᠭᠤᠯᠤᠯᠲᠠ ᠶᠢ ᠦᠨᠳᠦᠰᠦᠯᠡᠨ 11 | ᠰᠠᠷ᠎ᠠ ᠶᠢᠨ 13 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠤᠤ ᠹᠧᠶ ᠯᠦ | ᠡᠩ ᠤᠨ ᠨᠠᠮ ᠤᠨ ᠭᠡᠰᠢᠭᠦᠨ ᠤ ᠬᠤᠪᠢ ᠪᠠᠷ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ | ᠨᠠᠮ ᠤᠨ ᠡᠭᠦᠷ ᠤᠨ ᠨᠢᠭᠡᠳᠦᠭᠡᠷ ᠪᠠᠭ᠎ᠠ ᠲᠤᠭᠤᠶᠢᠯᠠᠩ ᠤᠨ ᠬᠤᠶᠠᠳᠤᠭᠠᠷ ᠤᠳᠠᠭᠠᠨ ᠤ ᠶᠠᠷᠢᠯᠴᠠᠬᠤ ᠬᠤᠷᠠᠯ ᠳᠤ | ᠤᠷᠤᠯᠴᠠᠵᠤ ᠨᠠᠮ ᠤᠨ ᠳᠤᠭᠤᠶᠢᠯᠠᠩ ᠤᠨ ᠭᠡᠰᠢᠭᠦᠳ ᠲᠠᠢ ᠰᠤᠯᠢᠯᠴᠠᠭ᠎ᠠ ᠥᠷᠨᠢᠭᠦᠯᠥᠭᠰᠠᠨ ᠪᠠᠶᠢᠨ᠎ᠠ᠃ | | | | | | | ᠬᠤᠷᠠᠯ ᠳᠡᠭᠡᠷ᠎ᠡ᠂ ᠨᠠᠮ ᠤᠨ ᠨᠢᠭᠡᠳᠦᠭᠡᠷ ᠪᠠᠭ᠎ᠠ ᠲᠤᠭᠤᠶᠢᠯᠠᠩ ᠤᠨ ᠭᠡᠰᠢᠭᠦᠳ ︽ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠬᠤ | ᠬᠥᠲᠥᠯᠪᠦᠷᠢ︾ ᠶᠢᠨ ᠲᠣᠭᠤᠷᠢᠨ ᠳᠤ ᠥᠪᠠᠷ ᠤᠨ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠵᠤ ᠲᠣᠰ | ᠲᠣᠰ ᠤᠨ ᠰᠤᠷᠤᠯᠴᠠᠭᠰᠠᠨ ᠣᠯᠤᠯᠲᠠ᠂ ᠲᠠᠨᠢᠯᠲᠠ᠂ ᠲᠥᠷᠥᠭᠳᠡᠯ ᠢᠶᠠᠨ ᠠᠭᠤᠵᠢᠷᠠᠲᠠᠯ᠎ᠠ ᠶᠠᠷᠢᠯᠴᠠᠪᠠ᠃ | ᠵᠤᠤ ᠹᠧᠶ ᠯᠦ ᠲᠤᠰ ᠭᠥᠳᠥᠯᠪᠤᠷᠢ ᠨᠢ ᠶᠠᠮᠠᠷ ᠨᠣᠮ ᠪᠣᠯᠬᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠳᠤ ᠶᠠᠮᠠᠷ ᠢᠯᠠ ᠲᠣᠳᠣ | ᠣᠨᠴᠠᠯᠢᠭ ᠲᠠᠢ ᠪᠠᠶᠢᠬᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠬᠡᠷᠬᠢᠨ ᠰᠤᠷᠤᠯᠴᠠᠬᠤ ᠭᠤᠷᠪᠠᠨ ᠲᠠᠯ᠎ᠠ ᠠᠴᠠ ᠬᠤᠰᠢᠭᠤ ᠵᠠᠰᠠᠭ ᠤᠨ | ᠣᠷᠳᠣᠨ ᠤ ᠠᠯᠪᠠᠨ ᠭᠡᠷ ᠤᠨ ᠨᠠᠮ ᠤᠨ ᠡᠭᠦᠷ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ | ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠳᠤ ᠪᠠᠶᠢᠷᠢ | ᠲᠤᠭᠳᠠᠭᠠᠨ ᠴᠢᠭᠯᠡᠯ ᠢ ᠵᠢᠭᠠᠵᠤ ᠥᠭᠴᠡᠶ᠃ ᠲᠡᠷᠡ ᠵᠢᠭᠠᠵᠤ ᠭᠠᠷᠭᠠᠭᠰᠠᠨ ᠨᠢ᠂ ᠨᠠᠮ ᠤᠨ ᠭᠡᠰᠢᠭᠦᠨ ᠺᠠᠳ᠋ᠷᠴᠤᠳ | ᠤᠭ ᠵᠣᠬᠢᠶᠠᠯ ᠢ ᠤᠩᠰᠢᠨ ᠰᠤᠷᠤᠯᠴᠠᠵᠤ ᠤᠭ ᠶᠣᠰᠣ ᠶᠢ ᠤᠶᠢᠯᠠᠭᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠶ ᠪᠠᠨ | ᠵᠡᠪᠰᠡᠭᠯᠠᠨ ᠣᠨᠣᠯ ᠪᠣᠯᠤᠨ ᠦᠢᠯᠡᠳᠦᠯᠭᠡ ᠶᠢ ᠨᠢᠭᠲᠠ ᠤᠶᠠᠯᠳᠤᠭᠤᠯᠵᠤ ᠴᠢᠨᠠᠷ ᠰᠠᠶᠢᠲᠠᠶ ᠬᠥᠭᠵᠢᠯᠲᠡ ᠶᠢᠨ ᠠᠵᠢᠯ ᠢ | ᠠᠬᠢᠭᠤᠯᠬᠤ ᠬᠡᠷᠡᠭᠲᠡᠶ᠃ ᠵᠠᠰᠠᠭ ᠤᠨ ᠣᠷᠳᠣᠨ ᠤ ᠠᠯᠪᠠᠨ ᠭᠡᠷ ᠡᠯ᠎ᠡ ᠲᠥᠷᠤᠯ ᠤᠨ ᠠᠵᠢᠯ ᠢ ᠴᠢᠩᠭ᠎ᠠ ᠠᠳᠬᠤᠨ | ᠡᠭᠦᠷᠭᠡ ᠶᠢ ᠪᠣᠳᠠᠲᠠᠶ ᠳᠤ ᠨᠠᠶᠢᠳᠠᠪᠤᠷᠢᠵᠢᠭᠤᠯᠵᠤ ᠨᠠᠷᠢᠨ ᠰᠠᠳᠭᠢᠨ ᠨᠢᠮᠪᠠᠶ ᠠᠵᠢᠯᠯᠠᠵᠤ ᠥᠨᠳᠥᠷ ᠪᠦᠲᠦᠮᠵᠢ | ᠭᠠᠷᠭᠠᠬᠤ ᠶᠢ ᠪᠠᠲᠤᠯᠠᠬᠤ ᠬᠡᠷᠡᠭᠲᠡᠶ ᠭᠡᠵᠡᠢ᠃ |