ᠤᠯᠠᠮᠵᠢᠯᠠᠯᠲᠤ ᠲᠠᠮᠢᠷ ᠤᠷᠠᠯᠢᠭ ᠢᠶᠠᠨ ᠭᠦᠭᠵᠢᠬᠦᠯᠦᠨ ᠦᠨᠳᠦᠰᠦᠲᠡᠨ ᠤ ᠰᠤᠶᠤᠯ ᠢᠶᠠᠨ ᠤᠯᠠᠮᠵᠢᠯᠠᠵᠤ ᠶᠠᠪᠤᠭ᠎ᠠ ᠬᠤᠰᠢᠭᠤ ᠮᠣᠩᠭᠤᠯ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ
ᠨᠡᠶᠢᠲᠡᠯᠡᠭᠰᠡᠨ ᠴᠠᠭ᠄
2019-11-14
     ᠤᠯᠠᠮᠵᠢᠯᠠᠯᠲᠤ ᠲᠠᠮᠢᠷ ᠤᠷᠠᠯᠢᠭ ᠪᠤᠯ ᠨᠢᠭᠡ ᠦᠨᠳᠦᠰᠦᠲᠡᠨ ᠤ ᠲᠡᠦᠬᠡ ᠶᠢᠨ ᠬᠥᠭᠵᠢᠯ ᠤᠨ ᠶᠠᠪᠤᠴᠠ ᠳᠤ ᠪᠦᠷᠢᠯᠳᠦᠨ ᠲᠥᠯᠥᠪᠰᠢᠷᠡᠭᠰᠡᠨ ᠰᠣᠶᠣᠯ ᠤᠨ ᠣᠬᠢ ᠨᠢ ᠪᠣᠯᠬᠤ ᠶᠤᠮ᠃ ᠬᠤᠰᠢᠭᠤ ᠮᠣᠩᠭᠤᠯ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠨᠢ ᠦᠨᠳᠦᠰᠦᠲᠡᠨ ᠤ ᠪᠠᠨ ᠤᠯᠠᠮᠵᠢᠯᠠᠯᠲᠤ ᠰᠢᠯᠢᠳᠡᠭ ᠰᠣᠶᠣᠯ ᠢ ᠤᠯᠠᠮᠵᠢᠯᠠᠨ ᠵᠠᠯᠭᠠᠮᠵᠢᠯᠠᠬᠤ ᠠᠵᠢᠯ ᠢ ᠡᠷᠴᠢᠮᠲᠡᠢ ᠠᠳᠬᠤᠵᠤ ᠪᠠᠶᠢᠨ᠎ᠠ᠃      ᠤᠶᠢᠷ᠎ᠠ ᠶᠢᠨ ᠡᠳᠦᠷ᠂ ᠬᠤᠰᠢᠭᠤ ᠮᠣᠩᠭᠤᠯ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠲᠠᠮᠢᠷ ᠤᠨ ᠲᠠᠯᠠᠪᠠᠢ ᠳᠤ ᠮᠢᠩᠭ᠎ᠠ ᠭᠠᠷᠤᠢ ᠰᠤᠷᠤᠭᠴᠢ ᠶᠢᠨ ᠣᠷᠣᠯᠴᠠᠯᠭ᠎ᠠ ᠲᠠᠢ ᠮᠣᠩᠭᠤᠯ ᠪᠥᠬᠡ ᠶᠢᠨ ᠲᠡᠮᠡᠴᠡᠭᠡᠨ ᠢᠳᠡ ᠭᠦᠭ ᠲᠠᠢ ᠶᠠᠪᠤᠭᠳᠠᠵᠤ ᠪᠠᠶᠢᠯ᠎ᠠ᠃ ᠪᠢᠴᠢᠬᠠᠨ ᠰᠤᠷᠤᠭᠴᠢᠳ ᠪᠠᠷᠢᠴᠠ ᠪᠤᠯᠢᠶᠠᠯᠳᠤᠬᠤ᠂ ᠪᠠᠷᠢᠴᠠ ᠵᠠᠳᠠᠯᠬᠤ᠂ ᠡᠭᠦᠷᠬᠦ᠂ ᠭᠤᠬᠠᠳᠠᠬᠤ ᠵᠡᠷᠭᠡ ᠦᠢᠯᠡ ᠨᠦᠭᠦᠳ ᠢ ᠤᠭᠰᠠᠷᠠᠭᠤᠯᠤᠨ ᠬᠢᠵᠦ ᠮᠣᠩᠭᠤᠯ ᠪᠥᠬᠡ ᠨᠢ ᠵᠥᠪᠬᠡᠨ ᠬᠦᠴᠦ ᠴᠢᠳᠠᠯ ᠤᠨ ᠮᠥᠷᠥᠶᠢᠴᠡᠭᠡᠨ ᠪᠢᠰᠢ᠂ ᠪᠠᠰᠠ ᠣᠶᠤᠨ ᠤᠬᠠᠭᠠᠨ ᠤ ᠰᠢᠯᠭᠠᠯᠲᠠ ᠪᠣᠯᠬᠤ ᠶᠢ ᠢᠳᠡᠲᠡᠢ ᠬᠠᠷᠠᠭᠤᠯᠵᠤ ᠪᠠᠶᠢᠯ᠎ᠠ᠃ ᠬᠡᠦᠬᠡᠳ ᠤᠳ ᠴᠤ ᠤᠷᠤᠯᠳᠤᠭᠠᠨ ᠤ ᠳᠤᠮᠳᠠ ᠠᠴᠠ ᠣᠯᠠᠨ ᠵᠦᠢᠯ ᠢ ᠪᠡᠶᠡᠴᠢᠯᠡᠨ ᠤᠶᠢᠯᠠᠭᠠᠵᠤ ᠠᠪᠤᠯ᠎ᠠ᠃      ᠬᠤᠰᠢᠭᠤ ᠮᠣᠩᠭᠤᠯ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠨᠢ ᠦᠨᠳᠦᠰᠦᠲᠡᠨ ᠤ ᠰᠢᠯᠢᠳᠡᠭ ᠰᠣᠶᠣᠯ ᠢᠶᠠᠨ ᠤᠯᠠᠮᠵᠢᠯᠠᠨ ᠵᠠᠯᠭᠠᠮᠵᠢᠯᠠᠬᠤ ᠠᠵᠢᠯ ᠢ ᠵᠢᠭᠠᠨ ᠰᠤᠷᠭᠠᠯᠲᠠ ᠶᠢᠨ ᠴᠢᠬᠤᠯᠠ ᠠᠭᠤᠯᠭ᠎ᠠ ᠪᠣᠯᠭᠠᠨ ᠦᠢᠯᠡᠳᠦᠯᠭᠡ ᠪᠠᠷ ᠳᠠᠮᠵᠢᠨ ᠪᠡᠶᠡᠴᠢᠯᠡᠨ ᠣᠶᠢᠯᠠᠭᠠᠭᠤᠯᠬᠤ ᠶᠢ ᠴᠢᠬᠤᠯᠠᠴᠢᠯᠠᠨ ᠠᠳᠬᠤᠵᠤ ᠵᠢᠯ ᠪᠣᠯᠭᠠᠨ ᠦᠨᠳᠦᠰᠦᠲᠡᠨ ᠤ ᠤᠯᠠᠮᠵᠢᠯᠠᠯᠲᠤ ᠲᠠᠮᠢᠷ ᠤᠷᠠᠯᠢᠭ ᠤᠨ ᠴᠤᠭᠯᠠᠭᠠᠨ ᠢ ᠥᠷᠨᠢᠭᠦᠯᠦᠨ ᠪᠥᠬᠡ ᠪᠠᠷᠢᠯᠳᠤᠬᠤ᠂ ᠰᠤᠷ ᠬᠠᠷᠪᠤᠬᠤ᠂ ᠮᠣᠩᠭᠤᠯ ᠰᠢᠲᠠᠷ᠎ᠠ᠂ ᠠᠷᠠᠳ ᠤᠨ ᠳᠠᠭᠤᠨ ᠤ ᠤᠷᠤᠯᠳᠤᠭᠠᠨ ᠵᠡᠷᠭᠡ 11 ᠲᠥᠷᠥᠯ ᠤᠨ ᠤᠷᠤᠯᠳᠤᠭᠠᠨ ᠢ ᠶᠠᠪᠤᠭᠳᠠᠭᠤᠯᠤᠨ ᠪᠦᠬᠦ ᠰᠤᠷᠭᠠᠭᠤᠯᠢ ᠶᠢᠨ ᠰᠤᠷᠤᠭᠴᠢᠳ ᠪᠦᠭᠦᠳᠡᠭᠡᠷ ᠢᠶᠠᠨ ᠣᠷᠣᠯᠴᠠᠬᠤ ᠶᠢ ᠤᠷᠢᠶᠠᠯᠠᠵᠤ ᠡᠳᠦᠭᠡ ᠨᠢᠭᠡᠨᠲᠡ ᠵᠢᠷᠭᠤᠳᠤᠭᠠᠷ ᠬᠤᠭᠤᠴᠠᠭ᠎ᠠ ᠪᠣᠯᠣᠭᠰᠠᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号