ᠬᠤᠰᠢᠭᠤ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠣᠳᠣᠷᠢᠳᠬᠤ ᠳᠣᠭᠤᠶᠢᠯᠠᠩ ᠤᠨ ︽ᠣᠭ ᠰᠠᠨᠠᠭ᠎ᠠ ᠪᠠᠨ ᠦᠯᠦ ᠮᠠᠷᠲᠠᠵᠤ ᠡᠬᠦᠷᠭᠡ ᠬᠠᠷᠢᠭᠤᠴᠠᠯᠭ᠎ᠠ ᠪᠠᠨ ᠪᠠᠳᠣ ᠴᠡᠭᠡᠵᠢᠯᠡᠬᠦ︾ ᠭᠤᠣᠯ ᠰᠡᠳᠣᠪᠲᠣ ᠬᠦᠮᠦᠵᠢᠯ ᠤᠨ ᠪᠠᠶᠢᠴᠠᠭᠠᠨ ᠰᠣᠳᠣᠯᠣᠯᠲᠠ ᠶᠢᠨ ᠦᠷ᠎ᠡ ᠪᠦᠲᠦᠮᠵᠢ ᠶᠢᠨ ᠰᠣᠯᠢᠯᠴᠠᠭᠠᠨ ᠤ
ᠨᠡᠶᠢᠲᠡᠯᠡᠭᠰᠡᠨ ᠴᠠᠭ᠄
2019/11/14
     11 ᠰᠠᠷ᠎ᠠ ᠶᠢᠨ 11 ᠤ ᠡᠳᠦᠷ᠂ ᠬᠤᠰᠢᠭᠤ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠣᠳᠣᠷᠢᠳᠬᠤ ᠳᠣᠭᠤᠶᠢᠯᠠᠩ ᠤᠨ ︽ᠣᠭ ᠰᠠᠨᠠᠭ᠎ᠠ ᠪᠠᠨ ᠦᠯᠦ ᠮᠠᠷᠲᠠᠵᠤ᠂ ᠡᠬᠦᠷᠭᠡ ᠬᠠᠷᠢᠭᠤᠴᠠᠯᠭ᠎ᠠ ᠪᠠᠨ ᠪᠠᠳᠣ ᠴᠡᠭᠡᠵᠢᠯᠡᠬᠦ︾ ᠭᠤᠣᠯ ᠰᠡᠳᠣᠪᠲᠣ ᠬᠦᠮᠦᠵᠢᠯ  ᠤᠨ ᠪᠠᠶᠢᠴᠠᠭᠠᠨ ᠰᠣᠳᠣᠯᠣᠯᠲᠠ ᠶᠢᠨ ᠦᠷ᠎ᠡ ᠪᠦᠲᠦᠮᠵᠢ ᠶᠢᠨ ᠰᠣᠯᠢᠯᠴᠠᠭᠠᠨ ᠤ ᠬᠤᠷᠠᠯ ᠬᠤᠷᠠᠯᠳᠣᠪᠠ᠃ ᠬᠤᠰᠢᠭᠤ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠣᠶᠠᠨᠮᠠᠨᠳᠣᠬᠤ ᠬᠤᠷᠠᠯ ᠡᠷᠬᠢᠯᠡᠵᠤ ᠬᠤᠰᠢᠭᠤ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢ ᠰᠢᠦ ᠹᠧᠩ᠂ ᠸᠠᠩ ᠶᠥᠩ ᠴᠢᠩ᠂ ᠸᠠᠩ ᠵᠢᠷᠭᠠᠯ ᠬᠤᠷᠠᠯ ᠳᠤ ᠣᠷᠣᠯᠴᠠᠪᠠ᠃
     ᠬᠤᠷᠠᠯ ᠳᠡᠭᠡᠷ᠎ᠡ᠂ ᠬᠤᠰᠢᠭᠤ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠪᠦᠷᠢᠯᠳᠦᠬᠦᠨ ᠬᠡᠰᠢᠬᠦᠨ ᠲᠤᠰ ᠲᠤᠰ ᠦᠪᠡᠷ ᠤᠨ ᠬᠤᠪᠢᠶᠠᠷᠢᠯᠠᠨ ᠬᠠᠷᠢᠭᠤᠴᠠᠵᠤ ᠪᠠᠶᠢᠭ᠎ᠠ ᠠᠵᠢᠯ ᠲᠠᠢ ᠪᠠᠨ ᠤᠶᠠᠯᠳᠤᠭᠤᠯᠤᠨ ᠪᠠᠶᠢᠴᠠᠭᠠᠨ ᠰᠣᠳᠣᠯᠣᠯᠲᠠ ᠶᠢᠨ ᠳᠣᠭᠤᠷᠢᠨ ᠳᠤ ᠮᠡᠳᠡᠬᠦᠯᠦᠯᠲᠡ ᠬᠢᠬᠦ ᠶᠢᠨ ᠬᠠᠮᠲᠤ ᠬᠠᠷᠢᠯᠴᠠᠨ ᠦᠨᠡᠯᠡᠯᠲᠡ ᠬᠢᠵᠦ ᠰᠠᠨᠠᠯ ᠢᠶᠠᠨ ᠰᠣᠯᠢᠯᠴᠠᠪᠠ᠃
     ᠬᠤᠷᠠᠯ ᠠᠴᠠ ᠴᠢᠬᠤᠯᠠᠴᠢᠯᠠᠬᠤ ᠳᠠᠭᠠᠨ᠂ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ ᠶᠡᠷᠦᠩᠬᠡᠶ ᠱᠦᠵᠢ ᠰᠢ ᠶᠢᠨ ᠫᠢᠩ ᠤᠨ ᠪᠠᠶᠢᠴᠠᠭᠠᠨ ᠰᠤᠳᠤᠯᠤᠯᠲᠠ ᠬᠢᠬᠦ ᠲᠤᠬᠠᠶ ᠠᠯᠢ ᠣᠯᠠᠨ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠦᠢᠯᠡᠳᠦᠯᠭᠡ ᠳᠤ ᠣᠷᠣᠰᠢᠵᠤ ᠪᠠᠶᠢᠭ᠎ᠠ ᠠᠰᠠᠭᠤᠳᠠᠯ ᠢᠶᠠᠷ ᠤᠳᠤᠷᠢᠳᠤᠮᠵᠢ ᠪᠤᠯᠭᠠᠨ ᠪᠠᠶᠢᠴᠠᠭᠠᠨ ᠰᠤᠳᠤᠯᠤᠯᠲᠠ ᠦᠷᠨᠢᠬᠦᠯᠬᠦ ᠦᠵᠡᠯ ᠰᠠᠨᠠᠭᠠᠨ ᠤ ᠤᠬᠠᠮᠰᠠᠷ ᠪᠣᠯᠤᠨ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠴᠢᠩᠭᠠᠳᠬᠠᠨ ᠪᠠᠶᠢᠴᠠᠭᠠᠨ ᠰᠤᠳᠤᠯᠤᠯᠲᠠ ᠬᠢᠬᠦ ᠠᠵᠢᠯ ᠢ ᠦᠨᠡᠨᠬᠦ ᠰᠠᠶᠢᠲᠤᠷ ᠬᠢᠬᠦ ᠬᠡᠷᠡᠭᠲᠡᠶ᠃ ᠬᠤᠷᠠᠯ ᠠᠴᠠ ᠵᠢᠭᠠᠬᠤ ᠳᠠᠭᠠᠨ᠂ ᠳᠠᠷᠠᠭᠠᠴᠢ ᠶᠢᠨ ᠠᠯᠬᠤᠮ ᠤᠨ ᠠᠵᠢᠯ ᠢ ᠰᠠᠶᠢᠲᠤᠷ ᠠᠳᠬᠤᠬᠤ ᠬᠡᠷᠡᠭᠲᠡᠶ᠂ ᠨᠢᠭᠡ ᠳᠤ᠂ ᠥᠪᠡᠷ ᠢ ᠪᠠᠨ ᠬᠤᠪᠢᠰᠬᠠᠬᠤ ᠵᠣᠷᠢᠭ ᠰᠠᠨᠠᠭ᠎ᠠ ᠶᠢ ᠪᠠᠳᠠᠷᠠᠭᠤᠯᠬᠤ ᠬᠡᠷᠡᠭᠲᠡᠶ᠃ ᠬᠤᠶᠠᠷ ᠲᠤ᠂ ᠰᠢᠨᠵᠢᠯᠡᠬᠦ ᠤᠬᠠᠭᠠᠨᠴᠢ ᠠᠷᠭ᠎ᠠ ᠶᠢ ᠡᠵᠡᠮᠰᠢᠬᠦ ᠬᠡᠷᠡᠭᠲᠡᠶ᠃ ᠭᠤᠷᠪᠠ ᠳᠤ᠂ ᠰᠤᠷᠤᠯᠴᠠᠯᠭ᠎ᠠ ᠬᠥᠮᠦᠵᠢᠯ᠂ ᠪᠠᠶᠢᠴᠠᠭᠠᠨ ᠰᠤᠳᠤᠯᠤᠯᠲᠠ᠂ ᠠᠰᠠᠭᠤᠳᠠᠯ ᠢ ᠪᠠᠶᠢᠴᠠᠭᠠᠨ ᠦᠵᠡᠬᠦ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠳᠥᠷᠪᠡᠨ ᠵᠦᠢᠯ ᠤᠨ ᠠᠷᠭ᠎ᠠ ᠬᠡᠮᠵᠢᠶ᠎ᠡ ᠶᠢ ᠬᠤᠯᠪᠤᠵᠤ ᠨᠢᠭᠡ ᠴᠣᠭᠴᠠᠵᠢᠭᠤᠯᠤᠨ ᠠᠬᠢᠭᠤᠯᠬᠤ ᠶᠢ ᠡᠵᠡᠮᠳᠡᠬᠦ ᠬᠡᠷᠡᠭᠲᠡᠶ᠃ ᠳᠥᠷᠪᠡ ᠳᠤ᠂ ᠰᠠᠶᠢᠨ ᠰᠤᠷᠲᠠᠯ ᠢᠶᠠᠷ ᠭᠤᠤᠯ ᠰᠡᠳᠦᠪᠲᠦ ᠬᠥᠮᠦᠵᠢᠯ ᠢ ᠠᠬᠢᠭᠤᠯᠬᠤ ᠬᠡᠷᠡᠭᠲᠡᠶ ᠭᠡᠪᠡ᠃
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ