ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠨᠠᠮ ᠤᠨ ᠡᠭᠦᠷ ᠤᠨ ᠨᠠᠮ ᠤᠨ ᠨᠢᠭᠡᠳᠦᠭᠡᠷ ᠪᠠᠭ᠎ᠠ ᠲᠤᠭᠤᠶᠢᠯᠠᠩ ᠤᠨ ᠬᠤᠶᠠᠳᠤᠭᠠᠷ ᠤᠳᠠᠭᠠᠨ ᠤ ᠶᠠᠷᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2019/11/14
     ᠪᠦᠬᠦ ᠬᠤᠰᠢᠭᠤᠨ ᠤ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾  ᠭᠤᠤᠯ ᠰᠡᠳᠦᠪᠲᠦ ᠬᠥᠮᠦᠵᠢᠯ ᠤᠨ ᠠᠵᠢᠯ ᠤᠨ ᠲᠣᠬᠢᠷᠠᠭᠤᠯᠤᠯᠲᠠ ᠶᠢ ᠦᠨᠳᠦᠰᠦᠯᠡᠨ 11 ᠰᠠᠷ᠎ᠠ ᠶᠢᠨ 13 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠤᠤ ᠹᠧᠶ ᠯᠦ ᠡᠩ ᠤᠨ ᠨᠠᠮ ᠤᠨ ᠭᠡᠰᠢᠭᠦᠨ ᠤ ᠬᠤᠪᠢ ᠪᠠᠷ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠨᠠᠮ ᠤᠨ ᠡᠭᠦᠷ ᠤᠨ ᠨᠢᠭᠡᠳᠦᠭᠡᠷ ᠪᠠᠭ᠎ᠠ ᠲᠤᠭᠤᠶᠢᠯᠠᠩ ᠤᠨ ᠬᠤᠶᠠᠳᠤᠭᠠᠷ ᠤᠳᠠᠭᠠᠨ ᠤ ᠶᠠᠷᠢᠯᠴᠠᠬᠤ ᠬᠤᠷᠠᠯ ᠳᠤ ᠤᠷᠤᠯᠴᠠᠵᠤ ᠨᠠᠮ ᠤᠨ ᠳᠤᠭᠤᠶᠢᠯᠠᠩ ᠤᠨ ᠭᠡᠰᠢᠭᠦᠳ ᠲᠠᠢ ᠰᠤᠯᠢᠯᠴᠠᠭ᠎ᠠ ᠥᠷᠨᠢᠭᠦᠯᠥᠭᠰᠠᠨ ᠪᠠᠶᠢᠨ᠎ᠠ᠃
     ᠬᠤᠷᠠᠯ ᠳᠡᠭᠡᠷ᠎ᠡ᠂ ᠨᠠᠮ ᠤᠨ ᠨᠢᠭᠡᠳᠦᠭᠡᠷ ᠪᠠᠭ᠎ᠠ ᠲᠤᠭᠤᠶᠢᠯᠠᠩ ᠤᠨ ᠭᠡᠰᠢᠭᠦᠳ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠬᠤ ᠬᠥᠲᠥᠯᠪᠦᠷᠢ︾ ᠶᠢᠨ ᠲᠣᠭᠤᠷᠢᠨ ᠳᠤ ᠥᠪᠠᠷ ᠤᠨ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠵᠤ ᠲᠣᠰ ᠲᠣᠰ ᠤᠨ ᠰᠤᠷᠤᠯᠴᠠᠭᠰᠠᠨ ᠣᠯᠤᠯᠲᠠ᠂ ᠲᠠᠨᠢᠯᠲᠠ᠂ ᠲᠥᠷᠥᠭᠳᠡᠯ ᠢᠶᠠᠨ ᠠᠭᠤᠵᠢᠷᠠᠲᠠᠯ᠎ᠠ ᠶᠠᠷᠢᠯᠴᠠᠪᠠ᠃      ᠵᠤᠤ ᠹᠧᠶ ᠯᠦ ᠲᠤᠰ ᠭᠥᠳᠥᠯᠪᠤᠷᠢ ᠨᠢ ᠶᠠᠮᠠᠷ ᠨᠣᠮ ᠪᠣᠯᠬᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠳᠤ ᠶᠠᠮᠠᠷ ᠢᠯᠠ ᠲᠣᠳᠣ ᠣᠨᠴᠠᠯᠢᠭ ᠲᠠᠢ ᠪᠠᠶᠢᠬᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ  ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠬᠡᠷᠬᠢᠨ ᠰᠤᠷᠤᠯᠴᠠᠬᠤ ᠭᠤᠷᠪᠠᠨ ᠲᠠᠯ᠎ᠠ ᠠᠴᠠ ᠬᠤᠰᠢᠭᠤ ᠵᠠᠰᠠᠭ ᠤᠨ ᠣᠷᠳᠣᠨ ᠤ ᠠᠯᠪᠠᠨ ᠭᠡᠷ ᠤᠨ ᠨᠠᠮ ᠤᠨ ᠡᠭᠦᠷ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠳᠤ ᠪᠠᠶᠢᠷᠢ ᠲᠤᠭᠳᠠᠭᠠᠨ ᠴᠢᠭᠯᠡᠯ ᠢ ᠵᠢᠭᠠᠵᠤ ᠥᠭᠴᠡᠶ᠃ ᠲᠡᠷᠡ ᠵᠢᠭᠠᠵᠤ ᠭᠠᠷᠭᠠᠭᠰᠠᠨ ᠨᠢ᠂ ᠨᠠᠮ ᠤᠨ ᠭᠡᠰᠢᠭᠦᠨ ᠺᠠᠳ᠋ᠷᠴᠤᠳ ᠤᠭ ᠵᠣᠬᠢᠶᠠᠯ ᠢ ᠤᠩᠰᠢᠨ ᠰᠤᠷᠤᠯᠴᠠᠵᠤ ᠤᠭ ᠶᠣᠰᠣ ᠶᠢ ᠤᠶᠢᠯᠠᠭᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠶ ᠪᠠᠨ ᠵᠡᠪᠰᠡᠭᠯᠠᠨ ᠣᠨᠣᠯ ᠪᠣᠯᠤᠨ ᠦᠢᠯᠡᠳᠦᠯᠭᠡ ᠶᠢ ᠨᠢᠭᠲᠠ ᠤᠶᠠᠯᠳᠤᠭᠤᠯᠵᠤ ᠴᠢᠨᠠᠷ ᠰᠠᠶᠢᠲᠠᠶ ᠬᠥᠭᠵᠢᠯᠲᠡ ᠶᠢᠨ ᠠᠵᠢᠯ ᠢ ᠠᠬᠢᠭᠤᠯᠬᠤ ᠬᠡᠷᠡᠭᠲᠡᠶ᠃ ᠵᠠᠰᠠᠭ ᠤᠨ ᠣᠷᠳᠣᠨ ᠤ ᠠᠯᠪᠠᠨ ᠭᠡᠷ ᠡᠯ᠎ᠡ ᠲᠥᠷᠤᠯ ᠤᠨ ᠠᠵᠢᠯ ᠢ ᠴᠢᠩᠭ᠎ᠠ ᠠᠳᠬᠤᠨ ᠡᠭᠦᠷᠭᠡ ᠶᠢ ᠪᠣᠳᠠᠲᠠᠶ ᠳᠤ ᠨᠠᠶᠢᠳᠠᠪᠤᠷᠢᠵᠢᠭᠤᠯᠵᠤ ᠨᠠᠷᠢᠨ ᠰᠠᠳᠭᠢᠨ ᠨᠢᠮᠪᠠᠶ ᠠᠵᠢᠯᠯᠠᠵᠤ ᠥᠨᠳᠥᠷ ᠪᠦᠲᠦᠮᠵᠢ ᠭᠠᠷᠭᠠᠬᠤ ᠶᠢ ᠪᠠᠲᠤᠯᠠᠬᠤ ᠬᠡᠷᠡᠭᠲᠡᠶ ᠭᠡᠵᠡᠢ᠃
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ