ᠤᠭ ᠰᠠᠨᠠᠭ᠎ᠠ ᠪᠠᠨ ᠦᠯᠤ ᠮᠠᠷᠳᠠᠵᠤ ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ ᠲᠤᠬᠠᠢ ᠰᠠᠶᠢᠨ ᠲᠤᠷ᠎ᠠ ᠶᠢᠨ ᠠᠵᠢᠯᠯᠠᠭ᠎ᠠ
ᠨᠡᠶᠢᠲᠡᠯᠡᠭᠰᠡᠨ ᠴᠠᠭ᠄
2019/11/14
     ᠦᠤᠰᠢᠨ ᠬᠤᠰᠢᠭᠤᠨ ᠤ ᠭᠠᠯᠠᠭᠤᠳᠤ ᠪᠠᠯᠭᠠᠰᠤᠨ ᠤ ᠱᠧᠨ ᠱᠦᠢ ᠲᠠᠢ ᠳᠤᠰᠬᠤᠨ ᠤ ᠨᠠᠮ ᠤᠨ ᠡᠬᠦᠷ ᠤᠨ ᠱᠦᠵᠢ ᠵᠥ ᠭᠤᠸᠠᠩ ᠢᠤᠢ ᠬᠦᠳᠡᠭᠡ ᠳᠤᠰᠬᠤᠨ ᠢ ᠬᠦᠭᠵᠢᠬᠦᠯᠬᠦ ᠠᠰᠢᠬᠳᠠᠢ ᠴᠠᠭ ᠳᠤᠬᠢᠶᠠᠯ ᠢ ᠡᠵᠡᠮᠳᠡᠨ᠂ ᠤᠷᠴᠢᠨ ᠳᠤᠭᠤᠷᠢᠨ ᠤ ᠡᠷᠡᠬᠦᠯ ᠬᠠᠮᠠᠭᠠᠯᠠᠯ ᠤᠨ ᠶᠡᠷᠦᠩᠭᠡᠶᠢᠯᠡᠨ ᠵᠠᠰᠠᠨ ᠴᠡᠭᠴᠡᠯᠡᠬᠦ ᠠᠵᠢᠯᠯᠠᠭ᠎ᠠ ᠶᠢ ᠳᠤᠯᠤᠭᠠᠢᠢᠯᠠᠨ ᠦᠷᠨᠢᠬᠦᠯᠵᠤ᠂ ᠰᠠᠭᠤᠷᠢ ᠳᠦᠬᠦᠭᠡᠷᠤᠮᠵᠢ ᠶᠢ ᠳᠠᠰᠤᠷᠠᠯᠳᠠ ᠦᠭᠡᠢ ᠳᠡᠬᠦᠯᠳᠡᠷᠵᠢᠬᠦᠯᠤᠨ᠂ ᠳᠤᠰᠬᠤᠨ ᠤ ᠳᠦᠷᠰᠤ ᠪᠠᠶᠢᠳᠠᠯ ᠢ ᠢᠯᠡᠳᠳᠡ ᠰᠠᠶᠢᠵᠢᠷᠠᠭᠤᠯᠪᠠ᠃ ᠳᠤᠰᠬᠤᠨ ᠤ ᠬᠠᠮᠳᠤ ᠶᠢᠨ ᠠᠵᠤ ᠠᠬᠤᠢ ᠶᠢ ᠬᠦᠭᠵᠢᠬᠦᠯᠤᠨ ᠳᠤᠰᠬᠤᠨ ᠤ ᠠᠷᠠᠳ ᠢ ᠵᠤᠯ ᠵᠢᠷᠭᠠᠯ ᠲᠠᠢ ᠠᠮᠢᠳᠤᠷᠠᠭᠤᠯᠬᠤ ᠶᠢᠨ ᠳᠤᠰᠠᠳᠠ ᠬᠤᠳᠤᠭᠤᠳᠤᠨ ᠦᠮᠡᠨ ᠢᠶᠠᠷ ᠤᠨᠤᠰᠢᠯᠠᠭᠤᠯᠤᠬᠰᠠᠨ ᠴᠤ ᠠᠵᠢᠯ ᠤᠨ ᠪᠠᠶᠢᠷᠢ ᠪᠠᠨ ᠴᠢᠩᠭ᠎ᠠ ᠰᠠᠬᠢᠵᠤ᠂ ᠱᠧᠨ ᠱᠦᠢ ᠲᠠᠢ ᠳᠤᠰᠬᠤᠨ ᠤ ᠳᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠬᠦᠷ ᠢ ᠡᠷᠬᠢᠯᠡᠨ ᠳᠦᠯᠦᠪᠵᠢᠬᠦᠯᠤᠨ ᠪᠠᠶᠢᠭᠤᠯᠵᠤ᠂ ᠤᠰᠤᠨ ᠳᠤᠳᠤᠷᠭ᠎ᠠ᠂ ᠡᠯᠳᠡᠪ ᠠᠮᠤ ᠶᠢᠨ ᠳᠠᠷᠢᠮᠠᠯ ᠪᠠ ᠦᠵᠡᠮᠵᠢ ᠰᠤᠨᠢᠷᠬᠠᠵᠤ ᠵᠢᠭᠠᠰᠤ ᠬᠦᠬᠢᠳᠡᠬᠦ ᠶᠢ ᠴᠤᠬᠴᠠᠵᠢᠭᠤᠯᠤᠬᠰᠠᠨ ᠰᠡᠯᠡᠬᠦᠴᠡᠯ ᠳᠠᠷᠢᠶᠠᠯᠠᠩ ᠤᠨ ᠠᠵᠤ ᠤᠢᠢᠯᠡᠰ ᠢ ᠪᠤᠶᠢᠵᠢᠭᠤᠯᠤᠨ ᠬᠦᠭᠵᠢᠬᠦᠯᠵᠤ᠂ ᠠᠭᠤᠷᠬᠠᠢ ᠶᠢᠨ ᠤᠷᠤᠨ ᠤ ᠨᠡᠬᠦᠳᠡᠯ ᠠᠷᠠᠳ ᠤᠨ ᠳᠤᠭᠤᠷᠢᠭ᠂ ᠢᠳᠡᠭᠡᠨ ᠤᠮᠳᠠᠭᠠᠨ ᠵᠤᠭ᠎ᠠ ᠴᠡᠩᠭᠡᠯ ᠤᠨ ᠭᠠᠵᠠᠷ᠂ ᠬᠡᠤᠬᠡᠳ ᠤᠨ ᠴᠡᠴᠡᠷᠯᠢᠭ ᠤᠨ ᠰᠤᠷᠭᠠᠨ ᠬᠦᠮᠤᠵᠢᠯ᠂ ᠬᠠᠷᠢᠯᠴᠠᠨ ᠬᠠᠪᠰᠤᠷᠤᠯᠴᠠᠬᠰᠠᠨ ᠨᠠᠰᠤᠳᠠᠨ ᠤ ᠠᠰᠠᠷᠠᠮᠵᠢ ᠵᠡᠷᠭᠡ ᠴᠢᠳᠠᠪᠬᠢ ᠶᠢ ᠴᠤᠬᠴᠠᠵᠢᠭᠤᠯᠤᠬᠰᠠᠨ ︽ᠠᠵᠤ ᠤᠢᠢᠯᠡᠰ ᠤᠨ ᠰᠢᠨ᠎ᠠ ᠳᠤᠰᠬᠤᠨ︾ ᠢ ᠪᠦᠷᠢᠯᠳᠦᠬᠦᠯᠦᠭᠰᠡᠨ ᠪᠠᠶᠢᠨ᠎ᠠ᠃       ︵ᠦᠤᠰᠢᠨ ᠬᠤᠰᠢᠭᠤᠨ ᠤ ᠨᠠᠮ ᠤᠨ ᠬᠤᠷᠢᠶᠠᠨ ᠤ ᠭᠤᠤᠯ ᠰᠡᠳᠤᠪᠳᠤ ᠬᠦᠮᠤᠵᠢᠯ ᠤᠨ ᠤᠳᠤᠷᠢᠳᠬᠤ ᠳᠤᠭᠤᠢᠢᠯᠠᠩ ᠤᠨ ᠠᠯᠪᠠᠨ ᠭᠡᠷ︶
ᠢᠷᠡᠯᠲᠡ᠄ ᠣᠷᠳᠣᠰ ᠮᠣᠩᠭᠤᠯ ᠰᠦᠯᠵᠢᠶ᠎ᠠ