ᠠᠬᠢᠴᠨ ᠬᠠᠮᠢᠭ᠎ᠠ ᠬᠦᠷᠴᠤ ᠪᠠᠶᠢᠬᠤ ᠪᠤᠢ︖
ᠨᠡᠶᠢᠲᠡᠯᠡᠭᠰᠡᠨ ᠴᠠᠭ᠄
2019/11/14
     ᠦᠤᠰᠢᠨ ᠬᠤᠰᠢᠭᠤᠨ ᠤ ᠤᠯᠠᠨ ᠲᠦᠮᠠᠨ ᠭᠤᠸᠠᠩ ᠳ᠋ᠢᠶᠠᠨ ᠰᠠᠭᠤᠭᠠᠯᠢ ᠠᠷᠠᠳ ᠤᠨ ᠲᠤᠭᠤᠷᠢᠭ ᠲᠤ ᠵᠠᠮ ᠤᠨ ᠳ᠋ᠸᠡᠭ ᠦᠭᠡᠢ᠂ ᠰᠠᠭᠤᠭᠠᠯᠢ ᠠᠷᠠᠳ ᠦᠳᠡᠰᠢ ᠤᠷᠤᠢ ᠭᠠᠷᠴᠦ ᠤᠷᠤᠬᠤ ᠳᠤ ᠲᠦᠭᠦᠮ ᠦᠭᠡᠢ ᠭᠡᠵᠤ ᠲᠤᠰᠬᠠᠪᠠ᠃      ᠦᠤᠰᠢᠨ ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠪᠤᠯᠪᠠᠰᠤᠨ ᠬᠤᠰᠢᠭᠤ ᠰᠢᠶᠠᠨ ᠢ ᠡᠭᠦᠳᠦᠨ ᠪᠠᠶᠢᠭᠤᠯᠬᠤ ᠠᠵᠢᠯ ᠲᠤᠮᠳᠠ ᠭᠤᠸᠠᠩ ᠳ᠋ᠢᠶᠠᠨ ᠰᠠᠭᠤᠭᠠᠯᠢ ᠠᠷᠠᠳ ᠤᠨ ᠲᠤᠭᠤᠷᠢᠭ ᠤᠨ ᠬᠠᠷᠢᠭᠤᠴᠠᠯᠭᠠᠳᠤ ᠪᠠᠶᠢᠭᠤᠯᠭ᠎ᠠ ᠪᠤᠯᠤᠬᠰᠠᠨ ᠤ ᠬᠤᠪᠢ ᠳᠤ ᠡᠨᠡ ᠭᠦ ᠪᠠᠶᠢᠳᠠᠯ ᠳᠤ ᠴᠢᠭᠯᠡᠭᠦᠯᠦᠨ ᠲᠤᠰᠬᠠᠢ ᠠᠵᠢᠯᠳᠠᠨ ᠢ ᠵᠤᠭᠢᠶᠠᠨ ᠪᠠᠶᠢᠭᠤᠯᠵᠤ ᠲᠠᠷᠤᠢ ᠲᠦᠷᠭᠡᠨ ᠭᠦᠳᠡᠯᠤᠯᠴᠠᠵᠤ᠂ ᠭᠤᠸᠠᠩ ᠳ᠋ᠢᠶᠠᠨ ᠰᠠᠭᠤᠭᠠᠯᠢ ᠠᠷᠠᠳ ᠤᠨ ᠲᠤᠭᠤᠷᠢᠭ ᠲᠤ 6 ᠵᠠᠮ ᠤᠨ ᠳ᠋ᠸᠡᠭ ᠤᠬᠰᠠᠷᠠᠭᠤᠯᠤᠨ᠂ ᠰᠠᠭᠤᠭᠠᠯᠢ ᠠᠷᠠᠳ ᠲᠤ ᠦᠳᠡᠰᠢ ᠤᠷᠤᠢ ᠭᠠᠷᠴᠦ ᠤᠷᠤᠬᠤ ᠳᠤ ᠲᠦᠭᠦᠮ ᠦᠵᠡᠭᠦᠯᠵᠤ᠂ ᠲᠤᠰ ᠰᠠᠭᠤᠭᠠᠯᠢ ᠠᠷᠠᠳ ᠤᠨ ᠲᠤᠭᠤᠷᠢᠭ ᠲᠤ ᠵᠠᠮ ᠤᠨ ᠳ᠋ᠸᠡᠭ ᠦᠭᠡᠢ ᠠᠰᠠᠭᠤᠳᠠᠯ ᠢ ᠰᠢᠢᠳᠪᠤᠷᠢᠯᠡᠪᠡ᠃         ︵ᠦᠤᠰᠢᠨ ᠬᠤᠰᠢᠭᠤᠨ ᠤ ᠨᠠᠮ ᠤᠨ ᠬᠤᠷᠢᠶᠠᠨ ᠤ ᠭᠤᠤᠯ ᠰᠡᠳᠦᠪᠳᠤ ᠭᠦᠮᠦᠵᠢᠯ ᠤᠨ ᠤᠳᠤᠷᠢᠳᠬᠤ ᠲᠤᠭᠤᠢᠢᠯᠠᠩ ᠤᠨ ᠠᠯᠪᠠᠨ ᠭᠡᠷ︶
ᠢᠷᠡᠯᠲᠡ᠄ ᠣᠷᠳᠣᠰ ᠮᠣᠩᠭᠤᠯ ᠰᠦᠯᠵᠢᠶ᠎ᠠ