︵2019 ᠤᠨ ᠤ 10 ᠰᠠᠷ᠎ᠠ ᠶᠢᠨ 31 ᠤ ᠡᠳᠤᠷ ᠲᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ | ᠶᠢᠰᠦᠳᠦᠬᠡᠷ ᠬᠤᠭᠤᠴᠠᠭᠠᠨ ᠤ ᠲᠦᠪ ᠬᠤᠷᠢᠶᠡᠨ ᠤ ᠲᠦᠷᠪᠡᠳᠤᠭᠡᠷ ᠪᠦᠬᠦᠳᠡ ᠬᠤᠷᠡᠯ ᠠᠴᠠ ᠪᠠᠳᠤᠯᠠᠪᠠ︶ | ᠲᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ ᠶᠢᠰᠦᠳᠦᠬᠡᠷ ᠬᠤᠭᠤᠴᠠᠭᠠᠨ ᠤ ᠲᠦᠪ ᠬᠤᠷᠢᠶᠡᠨ ᠤ | ᠲᠦᠷᠪᠡᠳᠤᠭᠡᠷ ᠪᠦᠬᠦᠳᠡ ᠬᠤᠷᠡᠯ 2019 ᠤᠨ ᠤ 10 ᠰᠠᠷ᠎ᠠ ᠶᠢᠨ 28 ᠤ ᠡᠳᠤᠷ ᠠᠴᠠ 31 ᠤ ᠡᠳᠤᠷ ᠪᠤᠯᠳᠠᠯ᠎ᠠ | ᠪᠡᠭᠡᠵᠢᠩ ᠳᠤ ᠬᠤᠷᠡᠯᠳᠤᠪᠠ᠃ | ᠡᠨᠡ ᠤᠳᠠᠭ᠎ᠠ ᠶᠢᠨ ᠪᠦᠬᠦᠳᠡ ᠬᠤᠷᠡᠯ ᠳᠤ᠂ ᠲᠦᠪ ᠬᠤᠷᠢᠶᠡᠨ ᠤ ᠬᠡᠰᠢᠬᠦᠨ 202 ᠬᠦᠮᠥᠨ᠂ ᠲᠦᠪ | ᠬᠤᠷᠢᠶᠡᠨ ᠤ ᠤᠷᠤᠯᠠᠬᠴᠢ ᠬᠡᠰᠢᠬᠦᠨ 169 ᠬᠦᠮᠥᠨ ᠤᠷᠤᠯᠴᠠᠪᠠ᠃ ᠲᠦᠪ ᠤᠨ ᠰᠠᠬᠢᠯᠭ᠎ᠠ ᠪᠠᠳᠤ ᠪᠠᠶᠢᠴᠠᠭᠠᠬᠤ | ᠬᠤᠷᠢᠶᠡᠨ ᠤ ᠪᠠᠶᠢᠩᠭᠤ ᠶᠢᠨ ᠬᠤᠷᠢᠶᠡᠨ ᠤ ᠬᠡᠰᠢᠬᠦᠨ ᠪᠤᠯᠤᠨ ᠬᠠᠮᠢᠶ᠎ᠠ ᠪᠦᠬᠦᠢ ᠲᠠᠯ᠎ᠠ ᠶᠢᠨ ᠬᠠᠷᠢᠭᠤᠴᠠᠯᠭᠠᠳᠠᠨ | ᠨᠦᠬᠦᠳ ᠬᠤᠷᠡᠯ ᠳᠤ ᠰᠤᠯᠠ ᠤᠷᠤᠯᠴᠠᠪᠠ᠃ ᠨᠠᠮ ᠤᠨ ᠠᠷᠪᠠ ᠶᠢᠰᠦᠳᠦᠬᠡᠷ ᠶᠡᠭᠡ ᠬᠤᠷᠡᠯ ᠤᠨ ᠲᠦᠯᠥᠬᠡᠯᠡᠭᠴᠢ ᠶᠢᠨ | ᠲᠤᠳᠤᠷᠠᠬᠢ ᠦᠨᠳᠦᠰᠦᠨ ᠱᠠᠳᠤᠨ ᠤ ᠬᠡᠰᠡᠭ ᠨᠦᠬᠦᠳ ᠪᠤᠯᠤᠨ ᠲᠤᠰᠬᠠᠢ ᠮᠡᠷᠬᠡᠵᠢᠯᠳᠡᠨ ᠡᠷᠳᠡᠮᠳᠡᠨ ᠪᠠᠰᠠ | ᠬᠤᠷᠡᠯ ᠳᠤ ᠰᠤᠯᠠ ᠤᠷᠤᠯᠴᠠᠵᠠᠢ᠃ | ᠪᠦᠬᠦᠳᠡ ᠬᠤᠷᠡᠯ ᠢ ᠨᠠᠮ ᠤᠨ ᠲᠦᠪ ᠬᠤᠷᠢᠶᠡᠨ ᠤ ᠤᠯᠤᠰ ᠲᠦᠷᠦ ᠶᠢᠨ ᠲᠤᠪᠴᠢᠶ᠎ᠠ ᠡᠷᠬᠢᠯᠡᠪᠡ᠃ ᠨᠠᠮ ᠤᠨ | ᠲᠦᠪ ᠬᠤᠷᠢᠶᠡᠨ ᠤ ᠶᠡᠷᠤᠩᠬᠡᠢ ᠱᠦᠵᠢ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ | | | | | | | | | | | ᠪᠦᠬᠦᠳᠡ ᠬᠤᠷᠡᠯ ᠠᠴᠠ ᠰᠢ ᠶᠢᠨ ᠫᠢᠩ ᠤᠨ ᠨᠠᠮ ᠤᠨ ᠲᠦᠪ ᠬᠤᠷᠢᠶᠡᠨ ᠤ ᠤᠯᠤᠰ ᠲᠦᠷᠦ ᠶᠢᠨ | ᠲᠤᠪᠴᠢᠶᠠᠨ ᠤ ᠨᠠᠶᠢᠳᠠᠯᠭ᠎ᠠ ᠪᠠᠷ ᠬᠢᠭᠰᠡᠡ ᠠᠵᠢᠯ ᠤᠨ ᠢᠯᠡᠳᠬᠡᠯ ᠢ ᠰᠤᠨᠤᠰᠤᠨ ᠶᠠᠷᠢᠯᠴᠠᠵᠥ᠂ ︽ᠲᠤᠮᠳᠠᠳᠤ | ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠪᠠᠶᠢᠭᠤᠯᠤᠯ ᠢ ᠪᠠᠷᠢᠮᠳᠠᠯᠠᠨ ᠪᠦᠷᠢᠨᠰᠢᠬᠦᠯᠬᠦ᠂ ᠤᠯᠤᠰ ᠤᠨ | ᠵᠠᠰᠠᠯᠳᠠ ᠶᠢᠨ ᠰᠢᠰᠲ᠋ᠧᠮ ᠪᠤᠯᠤᠨ ᠵᠠᠰᠠᠯᠳᠠ ᠶᠢᠨ ᠴᠢᠳᠠᠪᠤᠷᠢ ᠶᠢᠨ ᠤᠳᠤᠬᠢᠴᠢᠯᠠᠯᠳᠠ ᠶᠢ ᠠᠬᠢᠭᠤᠯᠬᠤ ᠴᠢᠬᠤᠯᠠ ᠶᠡᠭᠡ | ᠠᠰᠠᠭᠤᠳᠠᠯ ᠤᠳ ᠤᠨ ᠲᠤᠬᠠᠢ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶᠡᠨ ᠤ ᠲᠤᠭᠳᠠᠭᠠᠯ︾ ᠢ | ᠬᠢᠨᠠᠨ ᠵᠦᠪᠯᠡᠵᠥ ᠪᠠᠳᠤᠯᠠᠪᠠ᠃ ᠰᠢ ᠶᠢᠨ ᠫᠢᠩ ︽ᠲᠤᠭᠳᠠᠭᠠᠯ ︵ᠶᠠᠷᠢᠯᠴᠠᠬᠤ ᠨᠤᠤᠷᠠᠬ︶︾ ᠤᠨ ᠲᠤᠬᠠᠢ ᠪᠦᠬᠦᠳᠡ | ᠬᠤᠷᠡᠯ ᠳᠤ ᠲᠤᠳᠤᠷᠬᠠᠢᠢᠯᠠᠯᠳᠡ ᠬᠢᠪᠡ᠃ | ᠪᠦᠬᠦᠳᠡ ᠬᠤᠷᠡᠯ ᠠᠴᠠ ᠨᠠᠮ ᠤᠨ ᠠᠷᠪᠠ ᠶᠢᠰᠦᠳᠦᠬᠡᠷ ᠬᠤᠭᠤᠴᠠᠭᠠᠨ ᠤ ᠲᠦᠪ ᠬᠤᠷᠢᠶᠡᠨ ᠤ ᠭᠤᠷᠪᠠᠳᠤᠭᠠᠷ | ᠪᠦᠬᠦᠳᠡ ᠬᠤᠷᠡᠯ ᠠᠴᠠ ᠨᠠᠭᠠᠰᠢᠬᠢ ᠲᠦᠪ ᠬᠤᠷᠢᠶᠡᠨ ᠤ ᠤᠯᠤᠰ ᠲᠦᠷᠦ ᠶᠢᠨ ᠲᠤᠪᠴᠢᠶᠠᠨ ᠤ ᠠᠵᠢᠯ ᠢ ᠬᠦᠢᠴᠡᠳ | ᠨᠤᠳᠠᠯᠠᠪᠠ᠃ ᠪᠦᠬᠦᠳᠡ ᠬᠤᠷᠡᠯ ᠠᠴᠠ᠂ ᠤᠯᠤᠰ ᠤᠨ ᠲᠤᠳᠤᠭᠠᠳᠤ ᠭᠠᠳᠠᠭᠠᠳᠤ ᠶᠢᠨ ᠠᠶᠤᠯ ᠲᠦᠭᠰᠢᠬᠦᠷᠢ | ᠦᠷᠢᠰᠦᠯᠳᠦᠬᠡᠨ ᠢᠯᠡᠳᠳᠡ ᠨᠡᠮᠡᠭᠳᠡᠵᠥ ᠪᠠᠶᠢᠭ᠎ᠠ ᠨᠠᠷᠢᠨ ᠪᠤᠳᠤᠯᠢᠶᠠᠨᠳᠠᠢ ᠪᠠᠶᠢᠳᠠᠯ ᠤᠨ ᠡᠮᠤᠨ᠎ᠡ᠂ ᠲᠦᠪ ᠬᠤᠷᠢᠶᠡᠨ ᠤ | ᠤᠯᠤᠰ ᠲᠦᠷᠦ ᠶᠢᠨ ᠲᠤᠪᠴᠢᠶ᠎ᠠ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠠᠭᠤᠤ ᠶᠡᠭᠡ | ᠲᠤᠭ ᠢ ᠦᠨᠳᠤᠷ ᠮᠠᠨᠳᠤᠭᠤᠯᠵᠥ᠂ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ | ᠰᠢᠶᠤᠤ ᠫᠢᠩ ᠤᠨ ᠤᠨᠤᠯ᠂ ︽ᠭᠤᠷᠪᠠ ᠶᠢ ᠲᠦᠯᠥᠬᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ | ᠬᠦᠭᠵᠢᠯᠳᠡ ᠶᠢᠨ ᠦᠵᠡᠯᠳᠡ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ | ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠵᠥ᠂ ᠨᠠᠮ ᠤᠨ ᠠᠷᠪᠠ | ᠶᠢᠰᠦᠳᠦᠬᠡᠷ ᠶᠡᠭᠡ ᠬᠤᠷᠡᠯ ᠪᠤᠯᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠡᠨ ᠤ ᠬᠤᠶᠠᠳᠤᠭᠠᠷ᠂ | ᠭᠤᠷᠪᠠᠳᠤᠭᠠᠷ ᠪᠦᠬᠦᠳᠡ ᠬᠤᠷᠡᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠥ᠂ ᠤᠯᠤᠰ ᠤᠨ | ᠲᠤᠳᠤᠭᠠᠳᠤ ᠪᠠ ᠲᠡᠯᠡᠬᠡᠢ ᠶᠢᠨ ᠬᠤᠶᠠᠷ ᠶᠡᠭᠡ ᠲᠠᠯ᠎ᠠ ᠶᠢ ᠤᠨᠤᠪᠴᠢᠳᠠᠢ ᠡᠵᠡᠮᠰᠢᠵᠥ᠂ ᠬᠦᠭᠵᠢᠯᠳᠡ ᠪᠠ ᠠᠮᠤᠷ | ᠲᠦᠪᠰᠢᠨ ᠬᠤᠶᠠᠷ ᠶᠡᠭᠡ ᠶᠠᠪᠤᠳᠠᠯ ᠢ ᠬᠦᠴᠦᠯᠡᠨ ᠰᠠᠶᠢᠳᠤᠷ ᠠᠳᠬᠤᠵᠤ᠂ ᠪᠠᠶᠢᠯᠳᠤᠬᠤ ᠪᠤᠳᠤᠯᠭ᠎ᠠ ᠶᠢᠨ | ᠲᠦᠯᠦᠪᠵᠢᠭᠦᠯᠭᠡ ᠪᠠᠨ ᠴᠢᠩᠭᠠᠳᠬᠠᠵᠥ᠂ ᠪᠠᠶᠢᠯᠳᠤᠬᠤ ᠪᠤᠳᠤᠯᠭ᠎ᠠ ᠶᠢᠨ ᠲᠤᠭᠳᠠᠯ ᠬᠦᠴᠦᠨ ᠢᠶᠠᠨ ᠴᠢᠩᠭᠠᠷᠠᠭᠤᠯᠵᠥ᠂ | ᠲᠤᠭᠳᠠᠭᠤᠨ ᠤ ᠲᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠤᠩᠬᠡᠢ ᠬᠦᠭ ᠠᠶᠠᠰ ᠢ ᠪᠠᠷᠢᠮᠳᠠᠯᠠᠵᠥ᠂ ︽ᠲᠠᠪᠤ ᠶᠢ | ᠨᠢᠬᠡ ᠴᠤᠭᠴᠠᠵᠢᠭᠤᠯᠬᠤ︾ ᠶᠡᠷᠤᠩᠬᠡᠢ ᠪᠠᠶᠢᠷᠢᠰᠢᠭᠤᠯᠤᠯᠳᠠ ᠶᠢ ᠦᠷᠬᠦᠯᠵᠢᠯᠡᠨ ᠲᠦᠯᠥᠪᠵᠢᠬᠦᠯᠥᠨ ᠠᠬᠢᠭᠤᠯᠵᠥ᠂ ︽ | ᠲᠦᠷᠪᠡᠨ ᠪᠦᠬᠦ ᠲᠡᠯ᠎ᠡ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠶᠢ ᠵᠤᠬᠢᠴᠠᠭᠤᠯᠤᠨ ᠠᠬᠢᠭᠤᠯᠵᠥ᠂ | ᠪᠦᠬᠦ ᠨᠠᠮ ᠪᠦᠬᠦ ᠤᠯᠤᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠢ ᠪᠦᠯᠬᠦᠮᠳᠡᠬᠦᠯᠥᠨ ᠲᠠᠭᠠᠭᠤᠯᠵᠤ | ᠬᠦᠴᠢᠷ ᠢ ᠲᠤᠭᠤᠯᠵᠤ ᠪᠡᠷᠬᠡ ᠶᠢ ᠲᠠᠪᠠᠵᠤ᠂ ᠡᠷᠡᠮᠡᠬᠡᠶᠢᠯᠡᠨ ᠤᠷᠤᠭᠰᠢᠯᠠᠵᠥ᠂ ᠪᠦᠬᠦᠳᠡ ᠨᠠᠶᠢᠷᠠᠮᠳᠠᠬᠤ ᠲᠤᠮᠳᠠᠳᠤ | ᠠᠷᠠᠳ ᠤᠯᠤᠰ ᠪᠠᠶᠢᠭᠤᠯᠤᠬᠳᠠᠭᠰᠠᠠ 70 ᠵᠢᠯ ᠤᠨ ᠤᠢ ᠶᠢ ᠪᠡᠯᠬᠡᠯᠡᠬᠦ ᠰᠢᠷᠢᠰ ᠠᠵᠢᠯᠯᠠᠭ᠎ᠠ ᠨᠠᠮ ᠤᠨ ᠰᠡᠳᠬᠢᠯ | ᠴᠡᠷᠢᠭ ᠤᠨ ᠰᠡᠳᠬᠢᠯ ᠠᠷᠠᠳ ᠤᠨ ᠰᠡᠳᠬᠢᠯ ᠢ ᠲᠦᠢᠯ ᠤᠨ ᠶᠡᠭᠡ ᠪᠠᠷ ᠬᠦᠭᠵᠢᠬᠡᠨ ᠨᠢᠬᠳᠠᠷᠠᠭᠤᠯᠵᠥ᠂ | ᠦᠬᠡᠷᠡᠴᠢᠯᠡᠯᠳᠡ ᠨᠡᠬᠡᠬᠡᠯᠳᠡ ᠬᠢᠭᠰᠡᠡ 40 ᠵᠢᠯ ᠤᠨ ᠤᠢ ᠶᠢ ᠪᠡᠯᠬᠡᠯᠡᠬᠦ ᠰᠢᠷᠢᠰ ᠠᠵᠢᠯᠯᠠᠭ᠎ᠠ ᠦᠬᠡᠷᠡᠴᠢᠯᠡᠯᠳᠡ ᠶᠢ | ᠡᠴᠤᠰ ᠲᠤᠨᠢ ᠲᠤᠯᠳᠠᠯ᠎ᠠ ᠬᠢᠬᠦ ᠢᠳᠡᠬᠡᠯ ᠢ ᠨᠡᠮᠡᠭᠳᠡᠬᠦᠯᠵᠥ᠂ ︽ᠤᠭ ᠰᠠᠨᠠᠭ᠎ᠠ ᠪᠠᠨ ᠦᠯᠥ ᠮᠠᠷᠳᠠᠵᠥ ᠡᠬᠦᠷᠬᠡ | ᠬᠠᠷᠢᠭᠤᠴᠠᠯᠭ᠎ᠠ ᠪᠠᠨ ᠪᠡᠳᠤ ᠴᠡᠬᠡᠵᠢᠯᠡᠬᠦ︾ ᠭᠤᠤᠯ ᠰᠡᠳᠤᠪᠳᠤ ᠬᠦᠮᠥᠵᠢᠯ ᠢᠯᠡᠳᠳᠡ ᠦᠷ᠎ᠡ ᠪᠦᠳᠦᠮᠵᠢ ᠤᠯᠵᠥ᠂ | ᠨᠠᠮ ᠪᠤᠯᠤᠨ ᠤᠯᠤᠰ ᠤᠨ ᠪᠠᠶᠢᠭᠤᠯᠤᠮᠵᠢ ᠶᠢᠨ ᠦᠬᠡᠷᠡᠴᠢᠯᠡᠯᠳᠡ ᠶᠢ ᠬᠦᠨᠵᠡᠬᠡᠶᠢᠷᠡᠬᠦᠯᠬᠦ ᠡᠯ᠎ᠡ ᠵᠦᠢᠯ ᠤᠨ ᠠᠵᠢᠯ ᠢ | ᠤᠷᠤᠭᠰᠢᠳᠠᠢ ᠪᠡᠶᠡᠯᠡᠬᠦᠯᠵᠥ᠂ ᠦᠬᠡᠷᠡᠴᠢᠯᠡᠯᠳᠡ ᠨᠡᠬᠡᠬᠡᠯᠳᠡ ᠪᠦᠬᠦ ᠲᠡᠯ᠎ᠡ ᠪᠠᠷ ᠬᠦᠨᠵᠡᠬᠡᠶᠢᠷᠡᠵᠥ᠂ ᠠᠵᠥ ᠠᠬᠤᠢ | ᠨᠡᠶᠢᠬᠡᠮ ᠡᠷᠡᠬᠦᠯ ᠲᠤᠭᠳᠠᠭᠤᠨ ᠢᠶᠠᠷ ᠬᠦᠭᠵᠢᠬᠦ ᠶᠢ ᠪᠠᠳᠤᠯᠠᠵᠥ᠂ ᠭᠤᠷᠪᠠᠨ ᠶᠡᠭᠡ ᠪᠤᠭᠤᠮᠳᠠ ᠰᠢᠪᠳᠤᠯᠬᠤ | ᠲᠠᠶᠢᠯᠠᠯᠳᠤᠭᠠᠨ ᠢ ᠡᠷᠡᠰ ᠰᠠᠶᠢᠳᠤᠷ ᠬᠢᠬᠦ ᠪᠠ ᠡᠯ᠎ᠡ ᠵᠦᠢᠯ ᠤᠨ ᠠᠶᠤᠯ ᠲᠦᠭᠰᠢᠬᠦᠷᠢ ᠦᠷᠢᠰᠦᠯᠳᠦᠬᠡᠨ ᠢ | ᠠᠷᠭᠠᠴᠠᠭᠠᠬᠤ ᠠᠵᠢᠯ ᠡᠷᠴᠢᠮᠳᠠᠢ ᠪᠦᠳᠦᠮᠵᠢᠳᠡᠢ ᠪᠤᠯᠵᠥ᠂ ᠤᠯᠤᠰ ᠤᠨ ᠪᠠᠳᠤᠯᠠᠨ ᠬᠠᠮᠠᠭᠠᠯᠠᠯᠳᠠ ᠪᠤᠯᠤᠨ ᠴᠡᠷᠢᠭ | ᠠᠩᠬᠢ ᠶᠢᠨ ᠤᠳᠤᠬᠢᠴᠢᠯᠠᠯᠳᠠ ᠬᠦᠨᠵᠡᠬᠡᠶᠢᠷᠡᠨ ᠠᠬᠢᠵᠥ᠂ ᠨᠠᠮ ᠪᠤᠯᠤᠨ ᠤᠯᠤᠰ ᠤᠨ ᠡᠯ᠎ᠡ ᠵᠦᠢᠯ ᠤᠨ ᠠᠵᠢᠯ | ᠦᠢᠯᠡᠰ ᠰᠢᠨ᠎ᠡ ᠴᠢᠬᠤᠯᠠ ᠶᠡᠭᠡ ᠠᠬᠢᠴᠠ ᠲᠠᠢ ᠪᠤᠯᠬᠤ ᠶᠢ ᠠᠬᠢᠭᠤᠯᠵᠠᠢ ᠬᠡᠵᠥ ᠰᠠᠨᠠᠯ ᠨᠢᠬᠡᠳᠡᠢ ᠦᠵᠡᠪᠡ᠃ | ᠪᠦᠬᠦᠳᠡ ᠬᠤᠷᠡᠯ ᠠᠴᠠ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠪᠠᠶᠢᠭᠤᠯᠤᠯ ᠪᠤᠯ | ᠨᠠᠮ ᠪᠤᠯᠤᠨ ᠠᠷᠠᠳ ᠲᠦᠮᠡᠨ ᠤ ᠤᠷᠳᠤ ᠬᠤᠭᠤᠴᠠᠭᠠᠨ ᠤ ᠦᠢᠯᠡᠳᠦᠯᠬᠡ ᠶᠢᠨ ᠰᠦᠪᠡᠭᠴᠢᠯᠡᠯᠳᠡ ᠶᠢᠨ ᠲᠤᠮᠳᠠ | ᠪᠦᠷᠢᠯᠳᠦᠭᠰᠡᠡ ᠰᠢᠨᠵᠢᠯᠡᠬᠦ ᠤᠬᠠᠭᠠᠨᠴᠢ ᠪᠠᠶᠢᠭᠤᠯᠤᠯ ᠤᠨ ᠰᠢᠰᠲ᠋ᠧᠮ ᠪᠤᠯᠤᠨ᠎ᠠ᠂ ᠮᠠᠨ ᠤ ᠤᠯᠤᠰ ᠤᠨ ᠤᠯᠤᠰ ᠤᠨ | ᠵᠠᠰᠠᠯᠳᠠ ᠶᠢᠨ ᠠᠯᠢᠪᠠ ᠠᠵᠢᠯ ᠪᠤᠯᠤᠨ ᠠᠵᠢᠯᠯᠠᠭ᠎ᠠ ᠪᠦᠷ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ | ᠵᠢᠷᠤᠮ ᠤᠨ ᠪᠠᠶᠢᠭᠤᠯᠤᠯ ᠢ ᠵᠢᠷᠤᠮᠯᠠᠨ ᠦᠷᠨᠢᠭᠰᠡᠨ ᠶᠤᠮ᠂ ᠮᠠᠨ ᠤ ᠤᠯᠤᠰ ᠤᠨ ᠤᠯᠤᠰ ᠤᠨ ᠵᠠᠰᠠᠯᠳᠠ ᠶᠢᠨ | ᠰᠢᠰᠲ᠋ᠧᠮ ᠪᠤᠯᠤᠨ ᠵᠠᠰᠠᠯᠳᠠ ᠶᠢᠨ ᠴᠢᠳᠠᠪᠤᠷᠢ ᠪᠤᠯ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ | ᠪᠠᠶᠢᠭᠤᠯᠤᠯ ᠵᠢᠴᠢ ᠬᠡᠷᠡᠭᠵᠢᠬᠦᠯᠬᠦ ᠴᠢᠳᠠᠪᠤᠷᠢ ᠶᠢᠨ ᠲᠦᠪᠯᠡᠷᠡᠩᠬᠦᠢ ᠢᠯᠡᠷᠡᠯ ᠪᠤᠯᠤᠨ᠎ᠡ ᠬᠡᠵᠥ ᠲᠤᠷᠠᠳᠪᠠ᠃ | ᠪᠦᠬᠦᠳᠡ ᠬᠤᠷᠡᠯ ᠠᠴᠠ᠂ ᠲᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠭᠳᠠᠭᠰᠠᠠ ᠠᠴᠠ ᠪᠠᠨ ᠨᠠᠭᠠᠰᠢ | ᠂ ᠠᠷᠠᠳ ᠲᠦᠮᠡᠨ ᠢ ᠪᠦᠯᠬᠦᠮᠳᠡᠬᠦᠯᠥᠨ ᠲᠠᠭᠠᠭᠤᠯᠵᠤ᠂ ᠮᠠᠷᠺᠰ ᠤᠨ ᠦᠵᠡᠯ ᠤᠨ ᠦᠨᠳᠦᠰᠦᠨ ᠤᠭ ᠶᠤᠰᠤ ᠶᠢ | ᠲᠤᠮᠳᠠᠳᠤ ᠤᠯᠤᠰ ᠤᠨ ᠪᠤᠳᠠᠳᠤ ᠪᠠᠶᠢᠳᠠᠯ ᠲᠠᠢ ᠤᠶᠠᠯᠳᠤᠭᠤᠯᠬᠤ ᠶᠢ ᠪᠠᠷᠢᠮᠳᠠᠯᠠᠵᠥ᠂ ᠲᠤᠮᠳᠠᠳᠤ ᠤᠯᠤᠰ ᠤᠨ | ᠬᠤᠪᠢᠰᠬᠠᠯ ᠤᠨ ᠢᠯᠠᠯᠳᠠ ᠶᠢ ᠤᠯᠤᠬᠰᠠᠠ ᠪᠦᠬᠡᠳ ᠤᠯᠤᠰ ᠤᠨ ᠲᠤᠳᠤᠭᠠᠳᠤ ᠭᠠᠳᠠᠭᠠᠳᠤ ᠶᠢᠨ ᠵᠦᠪ ᠪᠤᠷᠤᠭᠤ | ᠬᠤᠶᠠᠷ ᠲᠠᠯ᠎ᠠ ᠶᠢᠨ ᠲᠤᠷᠰᠢᠯᠭ᠎ᠠ ᠶᠢ ᠬᠦᠨᠵᠡᠬᠡᠢ ᠳ᠋ᠦᠩᠨᠡᠵᠥ᠂ ᠦᠢᠯᠡᠳᠦᠯᠭᠡ ᠶᠢ ᠲᠠᠰᠤᠷᠠᠯᠳᠠ ᠦᠭᠡᠢ ᠰᠦᠪᠡᠭᠴᠢᠯᠡᠵᠤ | ᠂ ᠲᠠᠰᠤᠷᠠᠯᠳᠠ ᠦᠭᠡᠢ ᠦᠭᠡᠷᠡᠴᠢᠯᠡᠯᠳᠡ ᠬᠢᠵᠤ ᠰᠢᠨ᠎ᠡ ᠶᠢ ᠡᠭᠦᠳᠦᠨ᠂ ᠨᠡᠶᠢᠬᠡᠮ ᠵᠢᠷᠤᠮ ᠤᠨ ᠪᠠᠶᠢᠭᠤᠯᠤᠯ ᠢ | ᠪᠠᠶᠢᠭᠤᠯᠤᠨ ᠪᠦᠷᠢᠨᠰᠢᠬᠦᠯᠵᠥ᠂ ᠨᠠᠮ ᠤᠨ ᠤᠳᠤᠷᠢᠳᠤᠯᠭ᠎ᠠ ᠪᠤᠯᠤᠨ ᠠᠵᠥ ᠠᠬᠤᠢ᠂ ᠤᠯᠤᠰ ᠲᠦᠷᠦ᠂ ᠰᠤᠶᠤᠯ᠂ | ᠨᠡᠶᠢᠬᠡᠮ᠂ ᠠᠮᠢ ᠠᠬᠤᠢ ᠶᠢᠨ ᠪᠤᠯᠪᠠᠰᠤᠨ᠂ ᠴᠡᠷᠢᠭ ᠤᠨ ᠶᠠᠪᠤᠳᠠᠯ᠂ ᠭᠠᠳᠠᠭᠠᠳᠤ ᠬᠠᠷᠢᠯᠴᠠᠭ᠎ᠠ ᠵᠡᠷᠬᠡ ᠡᠯ᠎ᠡ ᠲᠠᠯ᠎ᠠ ᠶᠢᠨ | ᠲᠦᠷᠢᠮ ᠢ ᠪᠦᠷᠢᠯᠳᠦᠬᠦᠯᠥᠨ ᠬᠦᠭᠵᠢᠬᠦᠯᠵᠥ᠂ ᠤᠯᠤᠰ ᠤᠨ ᠵᠠᠰᠠᠯᠳᠠ ᠶᠢ ᠴᠢᠩᠭᠠᠳᠬᠠᠨ ᠲᠡᠭᠦᠯᠳᠡᠷᠵᠢᠭᠦᠯᠵᠤ᠂ | ᠲᠡᠤᠬᠡᠳᠤ ᠴᠢᠨᠠᠷᠳᠠᠢ ᠠᠮᠵᠢᠯᠳᠡ ᠤᠯᠪᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠡᠯ ᠠᠴᠠ ᠨᠠᠭᠠᠰᠢ᠂ ᠮᠠᠨ ᠤ | ᠨᠠᠮ ᠠᠷᠠᠳ ᠲᠦᠮᠡᠨ ᠢ ᠤᠳᠤᠷᠢᠳᠤᠨ ︽ᠲᠠᠪᠤ ᠶᠢ ᠨᠢᠬᠡ ᠴᠤᠭᠴᠠᠵᠢᠭᠤᠯᠬᠤ︾ ᠶᠡᠷᠤᠩᠬᠡᠢ ᠪᠠᠶᠢᠷᠢᠰᠢᠭᠤᠯᠤᠯᠳᠠ ᠶᠢ | ᠲᠦᠯᠥᠪᠵᠢᠬᠦᠯᠥᠨ ᠠᠬᠢᠭᠤᠯᠵᠥ᠂ ︽ᠲᠦᠷᠪᠡᠨ ᠪᠦᠬᠦ ᠲᠡᠯ᠎ᠡ︾ ᠶᠢᠨ ᠪᠠᠶᠢᠯᠳᠤᠬᠤ ᠪᠤᠳᠤᠯᠭ᠎ᠠ ᠶᠢᠨ | ᠪᠠᠶᠢᠷᠢᠰᠢᠭᠤᠯᠤᠯᠳᠠ ᠶᠢ ᠵᠤᠬᠢᠴᠠᠭᠤᠯᠤᠨ ᠠᠬᠢᠭᠤᠯᠵᠥ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ | ᠪᠠᠶᠢᠭᠤᠯᠤᠯ ᠤᠯᠠᠮ ᠪᠦᠷᠢᠨᠰᠢᠬᠦ᠂ ᠤᠯᠤᠰ ᠤᠨ ᠵᠠᠰᠠᠯᠳᠠ ᠶᠢᠨ ᠰᠢᠰᠲ᠋ᠧᠮ ᠪᠤᠯᠤᠨ ᠵᠠᠰᠠᠯᠳᠠ ᠶᠢᠨ ᠴᠢᠳᠠᠪᠤᠷᠢ ᠶᠢᠨ | ᠤᠳᠤᠬᠢᠴᠢᠯᠠᠯᠳᠠ ᠶᠢᠨ ᠲᠦᠪᠰᠢᠨ ᠢᠯᠡᠳᠳᠡ ᠲᠡᠭᠡᠭᠰᠢᠯᠡᠬᠦ ᠶᠢ ᠠᠬᠢᠭᠤᠯᠵᠥ᠂ ᠤᠯᠤᠰ ᠲᠦᠷᠦ ᠶᠢᠨ ᠲᠤᠭᠳᠠᠭᠤᠨ᠂ | ᠠᠵᠥ ᠠᠬᠤᠢ ᠶᠢᠨ ᠬᠦᠭᠵᠢᠯᠳᠡ᠂ ᠰᠤᠶᠤᠯ ᠤᠨ ᠴᠡᠴᠡᠭᠯᠡᠯ᠂ ᠦᠨᠳᠦᠰᠦᠳᠡᠨ ᠤ ᠪᠦᠯᠬᠦᠮᠳᠡᠯ᠂ ᠠᠷᠠᠳ ᠲᠦᠮᠡᠨ ᠤ | ᠵᠤᠯ ᠵᠢᠷᠭᠠᠯ᠂ ᠨᠡᠶᠢᠬᠡᠮ ᠤᠨ ᠠᠮᠤᠷ ᠲᠤᠭᠳᠠᠭᠤᠨ᠂ ᠤᠯᠤᠰ ᠤᠨ ᠨᠢᠬᠡᠳᠤᠯ ᠳᠤ ᠬᠦᠴᠦᠳᠦ ᠪᠠᠳᠤᠯᠠᠭ᠎ᠠ ᠬᠠᠩᠭᠠᠪᠠ᠃ | ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠪᠠᠶᠢᠭᠤᠯᠤᠯ ᠪᠤᠯᠤᠨ ᠤᠯᠤᠰ ᠤᠨ ᠵᠠᠰᠠᠯᠳᠠ ᠶᠢᠨ | ᠰᠢᠰᠲ᠋ᠧᠮ ᠪᠤᠯ ᠮᠠᠷᠺᠰ ᠤᠨ ᠦᠵᠡᠯ ᠢᠶᠠᠷ ᠵᠢᠯᠤᠭᠤᠳᠤᠯᠭ᠎ᠠ ᠪᠤᠯᠭᠠᠭᠰᠠᠠ᠂ ᠲᠤᠮᠳᠠᠳᠤ ᠤᠯᠤᠰ ᠤᠨ ᠡᠬᠡ ᠭᠠᠵᠠᠷ ᠲᠤ | ᠦᠨᠳᠦᠰᠦᠯᠡᠭᠰᠡᠡ᠂ ᠲᠤᠮᠳᠠᠳᠤ ᠶᠢᠨ ᠰᠤᠶᠤᠯ ᠤᠨ ᠬᠦᠨ ᠵᠤᠵᠠᠭᠠᠨ ᠰᠠᠭᠤᠷᠢ ᠲᠠᠢ᠂ ᠠᠷᠠᠳ ᠲᠦᠮᠡᠨ ᠤ ᠬᠦᠷᠢᠶᠡᠯᠡᠯ ᠢ | ᠶᠡᠬᠡᠳᠡ ᠤᠯᠤᠭᠰᠠᠠ ᠪᠠᠶᠢᠭᠤᠯᠤᠯ ᠪᠤᠯᠤᠨ ᠵᠠᠰᠠᠯᠳᠠ ᠶᠢᠨ ᠰᠢᠰᠲ᠋ᠧᠮ ᠮᠥᠨ᠂ ᠬᠦᠴᠦᠷᠬᠡᠭ ᠶᠡᠭᠡ ᠠᠮᠢᠵᠢᠷᠡᠯ ᠤᠨ | ᠬᠦᠴᠦᠨ ᠪᠤᠯᠤᠨ ᠯᠤᠳᠤ ᠶᠡᠭᠡ ᠲᠠᠪᠠᠭᠤᠯᠢᠭ ᠴᠢᠨᠠᠷᠳᠠᠢ ᠪᠠᠶᠢᠭᠤᠯᠤᠯ ᠪᠠ ᠵᠠᠰᠠᠯᠳᠠ ᠶᠢᠨ ᠰᠢᠰᠲ᠋ᠧᠮ ᠮᠥᠨ᠂ 14 | ᠳ᠋ᠦᠩᠰᠢᠭᠤᠷ ᠰᠢᠬᠠᠮ ᠬᠦᠮᠥᠨ ᠠᠮᠠ ᠲᠠᠢ ᠶᠡᠭᠡ ᠤᠯᠤᠰ ᠤᠨ ᠲᠠᠪᠰᠢᠯᠳᠠ ᠪᠤᠯᠤᠨ ᠬᠦᠭᠵᠢᠯᠳᠡ ᠶᠢ ᠦᠷᠬᠦᠯᠵᠢᠯᠡᠨ | ᠠᠬᠢᠭᠤᠯᠬᠤ᠂ ᠲᠠᠪᠤᠨ ᠮᠢᠩᠭ᠎ᠠ ᠭᠠᠷᠤᠢ ᠵᠢᠯ ᠤᠨ ᠪᠤᠯᠪᠠᠰᠤᠨ ᠲᠡᠤᠬᠡ ᠲᠠᠢ ᠲᠤᠮᠳᠠᠳᠤ ᠶᠢᠨ ᠦᠨᠳᠦᠰᠦᠳᠡᠨ ᠤ ︽ | ᠬᠤᠤᠰ ᠵᠠᠭᠤᠨ ᠵᠢᠯ︾ ᠤᠨ ᠲᠡᠮᠡᠴᠡᠬᠦ ᠬᠠᠷᠠᠯᠳᠡ ᠶᠢ ᠪᠡᠶᠡᠯᠡᠬᠦᠯᠵᠥ ᠡᠬᠦᠨ ᠤ ᠤᠯᠠᠮ ᠢᠶᠠᠷ ᠠᠭᠤᠤ ᠶᠡᠭᠡ ᠰᠡᠷᠬᠦᠨ | ᠮᠠᠨᠳᠤᠯᠳᠠ ᠶᠢ ᠪᠡᠶᠡᠯᠡᠬᠦᠯᠬᠦ ᠶᠢ ᠦᠨᠡᠨ ᠬᠦ ᠪᠠᠳᠤᠯᠠᠬᠤ ᠪᠠᠶᠢᠭᠤᠯᠤᠯ ᠪᠤᠯᠤᠨ ᠵᠠᠰᠠᠯᠳᠠ ᠶᠢᠨ ᠰᠢᠰᠲᠧᠮ ᠮᠥᠨ ᠬᠡᠳᠡᠭ ᠢ | ᠦᠢᠯᠡᠳᠦᠯᠬᠡ ᠬᠡᠷᠡᠴᠢᠯᠡᠭᠰᠡᠡ ᠪᠠᠶᠢᠨ᠎ᠠ ᠬᠡᠵᠥ ᠦᠵᠡᠪᠡ᠃ | ᠪᠦᠬᠦᠳᠡ ᠬᠤᠷᠡᠯ ᠠᠴᠠ᠂ ᠮᠠᠨ ᠤ ᠤᠯᠤᠰ ᠤᠨ ᠤᠯᠤᠰ ᠤᠨ ᠪᠠᠶᠢᠭᠤᠯᠤᠯ ᠪᠤᠯᠤᠨ ᠤᠯᠤᠰ ᠤᠨ ᠵᠠᠰᠠᠯᠳᠠ ᠶᠢᠨ | ᠰᠢᠰᠲ᠋ᠧᠮ ᠨᠢ ᠤᠯᠠᠨ ᠲᠠᠯ᠎ᠠ ᠶᠢᠨ ᠢᠯᠡᠳᠳᠡ ᠲᠠᠪᠠᠭᠤᠯᠢᠭ ᠲᠠᠢ ᠶᠤᠮ᠂ ᠭᠤᠤᠯᠳᠠᠭᠤ᠄ ᠨᠠᠮ ᠤᠨ ᠲᠦᠪᠯᠡᠷᠡᠩᠬᠦᠢ | ᠨᠢᠬᠡᠳᠤᠯᠳᠡᠢ ᠤᠳᠤᠷᠢᠳᠤᠯᠭ᠎ᠠ ᠶᠢ ᠪᠠᠷᠢᠮᠳᠠᠯᠠᠵᠥ᠂ ᠨᠠᠮ ᠤᠨ ᠰᠢᠨᠵᠢᠯᠡᠬᠦ ᠤᠬᠠᠭᠠᠨᠴᠢ ᠤᠨᠤᠯ ᠢ ᠪᠠᠷᠢᠮᠳᠠᠯᠠᠵᠥ᠂ ᠤᠯᠤᠰ | ᠲᠦᠷᠦ ᠶᠢᠨ ᠲᠤᠭᠳᠠᠭᠤᠨ ᠢ ᠪᠠᠳᠤᠯᠠᠵᠥ᠂ ᠤᠯᠤᠰ ᠭᠦ᠋ᠷᠦᠨ ᠢᠮᠠᠬᠳᠠ ᠨᠡᠶᠢᠬᠡᠮ ᠵᠢᠷᠤᠮ ᠤᠨ ᠴᠢᠭᠯᠡᠯ ᠢᠶᠠᠷ | ᠤᠷᠤᠭᠰᠢᠯᠠᠬᠤ ᠶᠢ ᠪᠠᠳᠤᠯᠠᠬᠤ ᠢᠯᠡᠳᠳᠡ ᠲᠠᠪᠠᠭᠤᠯᠢᠭ︔ ᠠᠷᠠᠳ ᠲᠦᠮᠡᠨ ᠡᠷᠬᠡ ᠮᠡᠳᠡᠵᠥ ᠡᠵᠡᠨ ᠰᠠᠭᠤᠬᠤ ᠶᠢ | ᠪᠠᠷᠢᠮᠳᠠᠯᠠᠵᠥ᠂ ᠠᠷᠠᠳ ᠤᠨ ᠠᠷᠠᠳᠴᠢᠯᠠᠯ ᠢ ᠬᠦᠭᠵᠢᠬᠦᠯᠵᠥ᠂ ᠤᠯᠠᠨ ᠲᠦᠮᠡᠨ ᠲᠠᠢ ᠨᠢᠬᠳᠠ ᠬᠠᠷᠢᠯᠴᠠᠵᠥ᠂ ᠠᠷᠠᠳ | ᠲᠦᠮᠡᠨ ᠳᠤ ᠨᠢᠬᠳᠠ ᠲᠦᠰᠢᠭᠯᠡᠵᠥ ᠪᠠᠶᠢᠭᠠᠳ ᠤᠯᠤᠰ ᠤᠨ ᠬᠦᠭᠵᠢᠯᠳᠡ ᠶᠢ ᠠᠬᠢᠭᠤᠯᠬᠤ ᠢᠯᠡᠳᠳᠡ ᠲᠠᠪᠠᠭᠤᠯᠢᠭ︔ | ᠪᠦᠬᠦ ᠲᠡᠯ᠎ᠡ ᠪᠠᠷ ᠬᠠᠤᠯᠢ ᠪᠠᠷ ᠤᠯᠤᠰ ᠢᠶᠠᠨ ᠵᠠᠰᠠᠬᠤ ᠶᠢ ᠪᠠᠷᠢᠮᠳᠠᠯᠠᠵᠥ᠂ ᠨᠡᠶᠢᠬᠡᠮ ᠵᠢᠷᠤᠮ ᠤᠨ ᠬᠠᠤᠯᠢᠵᠢᠯ ᠤᠨ | ᠤᠯᠤᠰ ᠢ ᠪᠠᠶᠢᠭᠤᠯᠵᠥ᠂ ᠨᠡᠶᠢᠬᠡᠮ ᠤᠨ ᠲᠦᠪ ᠭᠤᠤᠯᠴᠢ ᠰᠢᠳᠤᠷᠭᠤ ᠶᠤᠰᠤ ᠪᠤᠯᠤᠨ ᠠᠷᠠᠳ ᠲᠦᠮᠡᠨ ᠤ ᠡᠷᠬᠡ | ᠠᠰᠢᠭ ᠢ ᠦᠨᠡᠨ ᠬᠦ ᠪᠠᠳᠤᠯᠠᠬᠤ ᠢᠯᠡᠳᠳᠡ ᠲᠠᠪᠠᠭᠤᠯᠢᠭ︔ ᠪᠦᠬᠦ ᠤᠯᠤᠰ ᠢᠶᠠᠷ ᠢᠶᠠᠨ ᠬᠦᠯᠬᠡ ᠰᠢᠳᠡᠷ᠎ᠡ ᠪᠤᠯᠬᠤ ᠶᠢ | ᠪᠠᠷᠢᠮᠳᠠᠯᠠᠵᠥ᠂ ᠡᠯ᠎ᠡ ᠲᠠᠯ᠎ᠠ ᠶᠢᠨ ᠢᠳᠡᠪᠬᠢᠵᠢᠯ ᠢ ᠲᠠᠶᠢᠴᠢᠯᠠᠵᠥ᠂ ᠬᠦᠴᠦ ᠪᠠᠨ ᠲᠦᠪᠯᠡᠷᠡᠬᠦᠯᠥᠨ ᠶᠡᠭᠡ ᠶᠠᠪᠤᠳᠠᠯ ᠢ | ᠪᠦᠳᠦᠬᠡᠬᠦ ᠢᠯᠡᠳᠳᠡ ᠲᠠᠪᠠᠭᠤᠯᠢᠬ︔ ᠡᠯ᠎ᠡ ᠦᠨᠳᠦᠰᠦᠳᠡᠨ ᠡᠷᠬᠡ ᠲᠡᠭᠰᠢ ᠪᠠᠶᠢᠬᠤ ᠶᠢ ᠪᠠᠷᠢᠮᠳᠠᠯᠠᠵᠥ᠂ | ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠭᠴᠠ ᠶᠢᠨ ᠤᠬᠠᠮᠰᠠᠷ ᠢ ᠪᠠᠳᠤ ᠪᠤᠢ ᠪᠤᠯᠭᠠᠵᠥ᠂ ᠬᠠᠮᠳᠤ ᠪᠠᠷ | ᠪᠦᠯᠬᠦᠮᠳᠡᠨ ᠲᠡᠮᠡᠴᠡᠵᠥ᠂ ᠬᠠᠮᠳᠤ ᠪᠠᠷ ᠴᠡᠴᠡᠭᠯᠡᠨ ᠬᠦᠭᠵᠢᠬᠦ ᠶᠢ ᠪᠡᠶᠡᠯᠡᠬᠦᠯᠬᠦ ᠢᠯᠡᠳᠳᠡ ᠲᠠᠪᠠᠭᠤᠯᠢᠭ︔ | ᠨᠡᠶᠢᠳᠡ ᠶᠢᠨ ᠦᠮᠴᠢᠯᠡᠯ ᠢᠶᠠᠷ ᠭᠤᠤᠯ ᠪᠤᠯᠭᠠᠵᠥ᠂ ᠤᠯᠠᠨ ᠵᠦᠢᠯ ᠤᠨ ᠦᠮᠴᠢᠯᠡᠯ ᠤᠨ ᠠᠵᠥ ᠠᠬᠤᠢ ᠬᠠᠮᠳᠤ ᠪᠠᠷ | ᠬᠦᠭᠵᠢᠬᠦ ᠪᠠ ᠬᠦᠳᠡᠯᠮᠤᠷᠢᠯᠡᠭᠰᠡᠡ ᠤ ᠬᠢᠨᠢ ᠬᠢᠷᠢ ᠪᠠᠷ ᠬᠤᠪᠢᠶᠡᠷᠢᠯᠡᠬᠤ ᠪᠠᠷ ᠭᠤᠤᠯ ᠴᠤᠭᠴᠠ ᠪᠤᠯᠭᠠᠵᠥ᠂ ᠤᠯᠠᠨ | ᠵᠦᠢᠯ ᠤᠨ ᠬᠤᠪᠢᠶᠡᠷᠢᠯᠡᠯᠳᠡ ᠶᠢᠨ ᠬᠡᠯᠪᠡᠷᠢ ᠵᠡᠷᠬᠡ ᠪᠠᠷ ᠤᠷᠤᠰᠢᠬᠤ ᠶᠢ ᠪᠠᠷᠢᠮᠳᠠᠯᠠᠵᠥ᠂ ᠨᠡᠶᠢᠬᠡᠮ ᠵᠢᠷᠤᠮ ᠤᠨ | ᠪᠠᠶᠢᠭᠤᠯᠤᠯ ᠪᠤᠯᠤᠨ ᠵᠠᠬ᠎ᠠ ᠲᠡᠯᠬᠡᠬᠦᠷ ᠤᠨ ᠠᠵᠥ ᠠᠬᠤᠢ ᠶᠢ ᠤᠷᠭᠠᠨᠢᠭ ᠢᠶᠠᠷ ᠤᠶᠠᠯᠳᠤᠭᠤᠯᠵᠥ᠂ ᠨᠡᠶᠢᠬᠡᠮ ᠤᠨ | ᠦᠢᠯᠡᠳᠪᠤᠷᠢᠯᠡᠯ ᠤᠨ ᠬᠦᠴᠦᠨ ᠢ ᠲᠠᠰᠤᠷᠠᠯᠳᠡ ᠦᠭᠡᠢ ᠴᠢᠯᠥᠬᠡᠯᠡᠨ ᠬᠦᠭᠵᠢᠬᠦᠯᠬᠦ ᠢᠯᠡᠳᠳᠡ ᠲᠠᠪᠠᠭᠤᠯᠢᠭ︔ | ᠬᠠᠮᠲᠤ ᠶᠢᠨ ᠬᠦᠰᠡᠯᠡᠩ ᠢᠲᠡᠭᠡᠯ ᠪᠢᠰᠢᠷᠡᠯ᠂ ᠥᠷᠲᠡᠭ ᠤᠨ ᠣᠶᠢᠯᠠᠭᠠᠭᠳᠠᠬᠤᠨ᠂ ᠶᠣᠰᠣ ᠮᠣᠷᠠᠯ ᠤᠨ ᠦᠵᠡᠯᠳᠡ ᠶᠢ | ᠪᠠᠷᠢᠮᠲᠠᠯᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ᠂ ᠬᠤᠪᠢᠰᠬᠠᠯᠲᠤ ᠰᠣᠶᠣᠯ᠂ ᠨᠡᠶᠢᠭᠡᠮ ᠵᠢᠷᠤᠮ ᠤᠨ | ᠲᠡᠷᠢᠭᠦᠨ ᠤ ᠰᠣᠶᠣᠯ ᠢ ᠪᠠᠳᠠᠷᠠᠭᠤᠯᠵᠤ᠂ ᠪᠦᠬᠦ ᠠᠷᠠᠳ ᠲᠦᠮᠡᠨ ᠤ ᠦᠵᠡᠯ ᠰᠠᠨᠠᠭ᠎ᠠ ᠣᠶᠤᠨ ᠰᠠᠨᠠᠭᠠᠨ ᠤ ᠲᠠᠯ᠎ᠠ ᠪᠠᠷ | ᠨᠢᠭᠲᠠ ᠪᠦᠯᠬᠦᠮᠳᠡᠬᠦ ᠶᠢ ᠠᠬᠢᠭᠤᠯᠬᠤ ᠢᠯᠡᠳᠲᠡ ᠳᠠᠪᠠᠭᠤᠯᠢᠭ︔ ᠠᠷᠠᠳ ᠲᠦᠮᠡᠨ ᠢᠶᠠᠷ ᠭᠤᠤᠯ ᠪᠣᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠢ ᠲᠠᠰᠤᠷᠠᠯᠲᠠ ᠦᠭᠡᠢ ᠪᠠᠲᠤᠯᠠᠨ | ᠰᠠᠶᠢᠵᠢᠷᠠᠭᠤᠯᠵᠤ᠂ ᠠᠷᠠᠳ ᠲᠦᠮᠡᠨ ᠤ ᠠᠵᠠ ᠵᠢᠷᠭᠠᠯ ᠢ ᠨᠡᠮᠡᠭᠳᠡᠭᠦᠯᠵᠦ᠂ ᠬᠠᠮᠲᠤ ᠪᠠᠷ ᠴᠢᠨᠡᠭᠡᠯᠢᠭᠵᠢᠬᠦ ᠵᠠᠮ ᠢᠶᠠᠷ | ᠵᠠᠮᠨᠠᠬᠤ ᠢᠯᠡᠳᠳᠡ ᠳᠠᠪᠠᠭᠤᠯᠢᠭ︔ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠴᠠᠭ ᠦᠶ᠎ᠡ ᠶᠢ ᠲᠠᠭᠠᠨ ᠪᠦᠬᠦ | ᠲᠠᠯ᠎ᠠ ᠪᠠᠷ ᠤᠷᠤᠭᠰᠢᠯᠠᠬᠤ ᠶᠢ ᠪᠠᠷᠢᠮᠲᠠᠯᠠᠵᠤ᠂ ᠦᠪᠡᠷ ᠢ ᠪᠠᠨ ᠳᠡᠬᠦᠯᠳᠡᠷᠵᠢᠬᠦᠯᠬᠦ᠂ ᠥᠪᠡᠷ ᠢ ᠪᠠᠨ ᠬᠥᠭᠵᠢᠭᠦᠯᠬᠦ ᠳᠤ | ᠴᠢᠳᠠᠮᠠᠭᠠᠶ ᠪᠠᠶᠢᠵᠤ᠂ ᠨᠡᠶᠢᠭᠡᠮ ᠢ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠪᠤᠯᠭᠠᠬᠤ ᠢᠯᠡᠳᠲᠡ ᠳᠠᠪᠠᠭᠤᠯᠢᠬ︔ | ᠮᠣᠷᠠᠯ ᠴᠢᠳᠠᠪᠤᠷᠢ ᠬᠤᠤᠰᠯᠠᠭᠰᠠᠨ᠂ ᠡᠷᠳᠡᠮᠲᠡᠨ ᠴᠢᠳᠠᠪᠤᠷᠢᠲᠠᠨ ᠢ ᠰᠢᠯᠢᠨ ᠬᠡᠷᠡᠭᠯᠡᠬᠦ ᠶᠢ ᠪᠠᠷᠢᠮᠲᠠᠯᠠᠵᠤ᠂ ᠳᠡᠯᠡᠬᠡᠶ | ᠳ᠋ᠠᠬᠢᠨ ᠤ ᠡᠷᠳᠡᠮᠲᠡᠨ ᠴᠢᠳᠠᠪᠤᠷᠢᠲᠠᠨ ᠢ ᠴᠤᠭᠯᠠᠭᠤᠯᠤᠨ ᠬᠡᠷᠡᠭᠯᠡᠵᠦ᠂ ᠨᠠᠩ ᠣᠯᠠᠨ ᠨᠠᠩ ᠰᠢᠯᠢᠳᠡᠭ ᠴᠢᠳᠠᠪᠤᠷᠢᠲᠠᠨ ᠢ | ᠬᠥᠮᠦᠵᠢᠭᠦᠯᠦᠨ ᠪᠤᠶᠢᠵᠢᠭᠤᠯᠬᠤ ᠢᠯᠡᠳᠲᠡ ᠳᠠᠪᠠᠭᠤᠯᠢᠬ︔ ᠨᠠᠮ ᠠᠴᠠ ᠵᠡᠪᠰᠡᠭ ᠢ ᠵᠢᠯᠣᠭᠤᠳᠬᠤ ᠶᠢ ᠪᠠᠷᠢᠮᠲᠠᠯᠠᠵᠤ᠂ | ᠠᠷᠠᠳ ᠤᠨ ᠴᠡᠷᠢᠭ ᠠᠩᠭᠢ ᠨᠠᠮ ᠪᠠ ᠠᠷᠠᠳ ᠲᠦᠮᠡᠨ ᠳᠤ ᠬᠠᠷᠢᠴᠠᠯᠠᠰᠢᠬᠦᠢ ᠦᠨᠡᠨᠴᠢ ᠰᠢᠳᠤᠷᠭᠤ ᠪᠠᠶᠢᠬᠤ ᠶᠢ | ᠦᠨᠡᠨ ᠬᠦ ᠪᠠᠲᠤᠯᠠᠵᠤ᠂ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ | ᠬᠦᠴᠦᠳᠠᠢ ᠪᠠᠳᠤᠯᠠᠬᠤ ᠢᠯᠡᠳᠳᠡ ᠳᠠᠪᠠᠭᠤᠯᠢᠬ︔ ︽ᠨᠢᠭᠡ ᠤᠯᠤᠰ ᠬᠤᠶᠠᠷ ᠪᠠᠶᠢᠭᠤᠯᠤᠯ︾ ᠢ ᠪᠠᠷᠢᠮᠲᠠᠯᠠᠵᠤ᠂ | ᠰᠢᠶᠠᠩᠭᠠᠩ᠂ ᠣᠣᠮᠧᠨ ᠤ ᠤᠷᠳᠤ ᠬᠤᠭᠤᠴᠠᠭᠠᠨ ᠤ ᠴᠡᠴᠡᠭᠯᠡᠯ ᠬᠥᠭᠵᠢᠯ ᠪᠠ ᠲᠣᠭᠲᠠᠭᠤᠨ ᠪᠠᠶᠢᠳᠠᠯ ᠢ ᠪᠠᠲᠤᠯᠠᠵᠤ᠂ | ᠡᠬᠡ ᠤᠯᠤᠰ ᠢᠶᠠᠨ ᠨᠠᠶᠢᠷᠠᠮᠳᠠᠯ ᠢᠶᠠᠷ ᠨᠢᠭᠡᠳᠭᠡᠬᠦ ᠶᠢ ᠠᠬᠢᠭᠤᠯᠬᠤ ᠢᠯᠡᠳᠲᠡ ᠳᠠᠪᠠᠭᠤᠯᠢᠬ︔ ᠪᠡᠶ᠎ᠡ ᠪᠠᠨ ᠳᠠᠭᠠᠭᠠᠵᠤ | ᠡᠵᠡᠨ ᠮᠡᠳᠡᠬᠦ ᠪᠠ ᠭᠠᠳᠠᠭᠠᠳᠤ ᠨᠡᠭᠡᠭᠡᠯᠲᠡ ᠶᠢ ᠨᠢᠭᠡᠳᠭᠡᠬᠦ ᠶᠢ ᠪᠠᠷᠢᠮᠲᠠᠯᠠᠵᠤ᠂ ᠪᠦᠬᠦ ᠪᠥᠮᠪᠥᠷᠴᠡᠭ ᠤᠨ ᠵᠠᠰᠠᠯᠲᠠ ᠳᠤ | ᠢᠳᠡᠪᠬᠢᠲᠡᠢ ᠣᠷᠣᠯᠴᠠᠵᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ | ᠪᠠᠶᠢᠭᠤᠯᠬᠤ ᠳᠤ ᠲᠠᠰᠤᠷᠠᠯᠲᠠ ᠦᠭᠡᠢ ᠬᠤᠪᠢ ᠨᠡᠮᠡᠷᠢ ᠦᠵᠡᠭᠦᠯᠬᠦ ᠢᠯᠡᠳᠲᠡ ᠳᠠᠪᠠᠭᠤᠯᠢᠭ ᠪᠣᠯᠤᠨ᠎ᠠ᠃ ᠡᠳᠡᠭᠡᠷ | ᠢᠯᠡᠳᠲᠡ ᠳᠠᠪᠠᠭᠤᠯᠢᠭ ᠪᠣᠯ ᠪᠢᠳᠡᠨ ᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠤᠨ | ᠢᠲᠡᠭᠡᠯ᠂ ᠣᠨᠣᠯ ᠤᠨ ᠢᠲᠡᠭᠡᠯ᠂ ᠪᠠᠶᠢᠭᠤᠯᠤᠯ ᠤᠨ ᠢᠲᠡᠭᠡᠯ᠂ ᠰᠣᠶᠣᠯ ᠤᠨ ᠢᠲᠡᠭᠡᠯ ᠢᠶᠠᠨ ᠪᠠᠲᠤᠳᠬᠠᠬᠤ ᠶᠢᠨ | ᠦᠨᠳᠦᠰᠦᠨ ᠦᠨᠳᠦᠰᠦᠯᠡᠯ ᠮᠥᠨ ᠬᠡᠵᠥ ᠴᠢᠬᠤᠯᠠᠴᠢᠯᠠᠪᠠ᠃ | ᠪᠥᠬᠦᠳᠡ ᠬᠤᠷᠠᠯ ᠠᠴᠠ᠂ ᠡᠷᠬᠡᠪᠰᠢ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ | ᠳ᠋ᠧᠩ ᠰᠢᠶᠣᠤ ᠫᠢᠩ ᠤᠨ ᠣᠨᠣᠯ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ | ᠤᠬᠠᠭᠠᠨᠴᠢ ᠬᠥᠭᠵᠢᠯᠲᠡ ᠶᠢᠨ ᠦᠵᠡᠯᠲᠡ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ︽ | ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ | ᠬᠠᠮᠠᠭᠠᠯᠠᠬᠤ︾ ᠶᠢ ᠪᠡᠶᠡᠯᠡᠭᠦᠯᠵᠥ᠂ ᠨᠠᠮ ᠤᠨ ᠤᠳᠤᠷᠢᠳᠤᠯᠭ᠎ᠠ᠂ ᠠᠷᠠᠳ ᠲᠦᠮᠡᠨ ᠡᠷᠬᠡ ᠮᠡᠳᠡᠵᠦ ᠡᠵᠡᠨ ᠰᠠᠭᠤᠬᠤ᠂ | ᠬᠠᠤᠯᠢ ᠪᠠᠷ ᠤᠯᠤᠰ ᠢᠶᠠᠨ ᠵᠠᠰᠠᠬᠤ ᠶᠢ ᠣᠷᠭᠠᠨᠢᠭ ᠢᠶᠠᠷ ᠨᠢᠭᠡᠳᠭᠡᠬᠦ ᠶᠢ ᠪᠠᠷᠢᠮᠲᠠᠯᠠᠵᠤ᠂ ᠦᠵᠡᠯ ᠰᠠᠨᠠᠭ᠎ᠠ ᠪᠠᠨ | ᠴᠢᠯᠥᠭᠡᠯᠡᠬᠦ᠂ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ | ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠲᠤᠯᠭᠠᠭᠤᠷᠢᠯᠠᠬᠤ | ᠦᠨᠳᠦᠰᠦᠨ ᠪᠠᠶᠢᠭᠤᠯᠤᠯ᠂ ᠰᠠᠭᠤᠷᠢ ᠪᠠᠶᠢᠭᠤᠯᠤᠯ᠂ ᠴᠢᠬᠤᠯᠠ ᠪᠠᠶᠢᠭᠤᠯᠤᠯ ᠢ ᠳᠤᠪᠤᠶᠢᠮ᠎ᠠ ᠪᠠᠶᠢᠷᠢᠨ ᠳᠤ ᠲᠠᠯᠪᠢᠨ | ᠪᠠᠷᠢᠮᠲᠠᠯᠠᠨ ᠲᠡᠭᠦᠯᠳᠡᠷᠵᠢᠭᠦᠯᠵᠥ᠂ ᠦᠨᠳᠦᠰᠦ ᠰᠠᠭᠤᠷᠢ ᠶᠢ ᠪᠠᠬᠢᠵᠢᠭᠦᠯᠬᠦ᠂ ᠳᠠᠪᠠᠭᠤᠯᠢᠭ ᠢ ᠪᠠᠳᠠᠷᠠᠭᠤᠯᠬᠤ᠂ | ᠳᠤᠲᠠᠭᠤᠳᠠᠯ ᠢ ᠨᠥᠬᠦᠪᠥᠷᠢᠯᠡᠬᠦ᠂ ᠪᠠᠭᠤᠷᠠᠢ ᠳᠠᠯ᠎ᠠ ᠶᠢ ᠬᠦᠴᠦᠷᠬᠡᠭᠵᠢᠬᠦᠯᠬᠦ ᠲᠠᠯ᠎ᠠ ᠪᠠᠷ ᠬᠦᠴᠦᠯᠡᠵᠥ᠂ ᠰᠢᠰᠲ᠋ᠧᠮ | ᠪᠦᠷᠢᠨ ᠲᠡᠭᠦᠯᠳᠡᠷ᠂ ᠰᠢᠨᠵᠢᠯᠡᠬᠦ ᠤᠬᠠᠭᠠᠨᠴᠢ ᠵᠢᠷᠤᠮᠵᠢᠯ ᠲᠠᠢ᠂ ᠠᠵᠢᠯᠯᠠᠭ᠎ᠠ ᠪᠦᠲᠦᠮᠵᠢᠲᠡᠶ ᠳᠦᠷᠢᠮ ᠤᠨ ᠰᠢᠰᠲ᠋ᠧᠮ ᠢ | ᠪᠠᠶᠢᠭᠤᠯᠵᠤ᠂ ᠰᠢᠰᠲ᠋ᠧᠮ ᠲᠠᠢ ᠵᠠᠰᠠᠬᠤ᠂ ᠬᠠᠤᠯᠢ ᠪᠠᠷ ᠵᠠᠰᠠᠬᠤ᠂ ᠶᠡᠷᠦᠩᠬᠡᠶᠢᠯᠡᠨ ᠵᠠᠰᠠᠬᠤ᠂ ᠡᠬᠢ ᠡᠭᠦᠰᠦᠯ ᠠᠴᠠ ᠨᠢ | ᠵᠠᠰᠠᠬᠤ ᠶᠢ ᠴᠢᠩᠭᠠᠳᠬᠠᠵᠤ᠂ ᠮᠠᠨ ᠤ ᠤᠯᠤᠰ ᠤᠨ ᠪᠠᠶᠢᠭᠤᠯᠤᠯ ᠤᠨ ᠳᠠᠪᠠᠭᠤᠯᠢᠭ ᠢ ᠤᠯᠤᠰ ᠤᠨ ᠵᠠᠰᠠᠯᠳᠠ ᠶᠢᠨ | ᠴᠢᠳᠠᠪᠦᠷᠢ ᠪᠤᠯᠭᠠᠨ ᠨᠠᠩ ᠰᠠᠶᠢᠲᠤᠷ ᠬᠤᠪᠢᠷᠠᠭᠤᠯᠵᠤ᠂ ︽ᠬᠤᠤᠰ ᠵᠠᠭᠤᠨ ᠵᠢᠯ︾ ᠤᠨ ᠲᠡᠮᠡᠴᠡᠯ ᠤᠨ ᠬᠠᠷᠠᠯᠲᠠ ᠶᠢ | ᠪᠡᠶᠡᠯᠡᠭᠦᠯᠬᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ | ᠲᠡᠷᠭᠡᠯᠰᠢᠭᠦᠯᠬᠦ ᠳᠤ ᠬᠦᠴᠦᠳᠦ ᠪᠠᠲᠤᠯᠠᠭ᠎ᠠ ᠬᠠᠩᠭᠠᠬᠤ ᠬᠡᠷᠡᠭᠳᠠᠢ ᠬᠡᠵᠥ ᠴᠢᠬᠤᠯᠠᠴᠢᠯᠠᠪᠠ᠃ | ᠪᠥᠬᠦᠳᠡ ᠬᠤᠷᠠᠯ ᠠᠴᠠ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ | ᠪᠠᠷᠢᠮᠲᠠᠯᠠᠨ ᠲᠡᠭᠦᠯᠳᠡᠷᠵᠢᠭᠦᠯᠵᠥ᠂ ᠤᠯᠤᠰ ᠤᠨ ᠵᠠᠰᠠᠯᠳᠠ ᠶᠢᠨ ᠰᠢᠰᠲ᠋ᠧᠮ ᠪᠠ ᠵᠠᠰᠠᠯᠳᠠ ᠶᠢᠨ ᠴᠢᠳᠠᠪᠤᠷᠢ ᠶᠢᠨ | ᠣᠳᠣᠬᠢᠴᠢᠯᠠᠯᠲᠠ ᠶᠢ ᠠᠬᠢᠭᠤᠯᠬᠤ ᠶᠡᠷᠦᠩᠬᠡᠶ ᠬᠠᠷᠠᠯᠲᠠ ᠪᠣᠯ᠂ ᠮᠠᠨ ᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ | ᠣᠢ ᠪᠣᠯᠬᠤ ᠦᠶ᠎ᠡ ᠳᠤ᠂ ᠡᠯ᠎ᠡ ᠲᠠᠯ᠎ᠠ ᠶᠢᠨ ᠳᠦᠷᠢᠮ ᠢ ᠨᠠᠩ ᠪᠣᠯᠪᠠᠰᠤᠷᠠᠩᠭᠤᠶ ᠨᠠᠩ ᠬᠡᠪᠰᠢᠭᠰᠡᠨ ᠲᠦᠷᠢᠮ ᠪᠤᠯᠭᠠᠬᠤ | ᠳᠠᠯ᠎ᠠ ᠪᠠᠷ ᠮᠡᠳᠡᠭᠳᠡᠮ᠎ᠡ ᠠᠮᠵᠢᠯᠲᠠ ᠪᠦᠲᠦᠮᠵᠢ ᠤᠯᠤᠨ᠎ᠠ︔ 2035 ᠣᠨ ᠪᠣᠯᠬᠤ ᠳᠤ᠂ ᠡᠯ᠎ᠡ ᠲᠠᠯ᠎ᠠ ᠶᠢᠨ | ᠳᠦᠷᠢᠮ ᠢ ᠨᠠᠩ ᠲᠡᠭᠦᠯᠳᠡᠷᠵᠢᠭᠦᠯᠵᠦ᠂ ᠤᠯᠤᠰ ᠤᠨ ᠵᠠᠰᠠᠯᠳᠠ ᠶᠢᠨ ᠰᠢᠰᠲ᠋ᠧᠮ ᠪᠠ ᠵᠠᠰᠠᠯᠳᠠ ᠶᠢᠨ ᠴᠢᠳᠠᠪᠤᠷᠢ ᠶᠢᠨ | ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠤᠨ᠎ᠡ︔ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ | ᠵᠠᠭᠤᠨ ᠵᠢᠯ ᠤᠨ ᠣᠢ ᠪᠣᠯᠬᠤ ᠦᠶ᠎ᠡ ᠳᠤ᠂ ᠤᠯᠤᠰ ᠤᠨ ᠵᠠᠰᠠᠯᠳᠠ ᠶᠢᠨ ᠰᠢᠰᠲ᠋ᠧᠮ ᠪᠠ ᠵᠠᠰᠠᠯᠳᠠ ᠶᠢᠨ | ᠴᠢᠳᠠᠪᠤᠷᠢ ᠶᠢᠨ ᠣᠳᠣᠬᠢᠴᠢᠯᠠᠯᠲᠠ ᠶᠢ ᠪᠦᠬᠦ ᠲᠠᠯ᠎ᠠ ᠪᠠᠷ ᠪᠡᠶᠡᠯᠡᠭᠦᠯᠵᠦ᠂ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠪᠠᠶᠢᠭᠤᠯᠤᠯ ᠢ ᠨᠠᠩ ᠪᠠᠬᠢᠵᠢᠭᠦᠯᠵᠦ᠂ ᠳᠠᠪᠠᠭᠤᠯᠢᠭ ᠴᠢᠨᠠᠷ ᠢ ᠭᠦᠢᠴᠡᠳ ᠢᠯᠡᠷᠡᠭᠦᠯᠤᠨ᠎ᠠ ᠬᠡᠵᠥ | ᠳᠤᠷᠠᠳᠪᠠ᠃ | ᠪᠥᠬᠦᠳᠡ ᠬᠤᠷᠠᠯ ᠠᠴᠠ᠂ ᠨᠠᠮ ᠤᠨ ᠤᠳᠤᠷᠢᠳᠤᠯᠭ᠎ᠠ ᠶᠢᠨ ᠳᠦᠷᠢᠮ ᠤᠨ ᠰᠢᠰᠲ᠋ᠧᠮ ᠢ ᠪᠠᠷᠢᠮᠲᠠᠯᠠᠨ | ᠲᠡᠭᠦᠯᠳᠡᠷᠵᠢᠭᠦᠯᠵᠦ᠂ ᠨᠠᠮ ᠤᠨ ᠰᠢᠨᠵᠢᠯᠡᠬᠦ ᠤᠬᠠᠭᠠᠨᠴᠢ ᠪᠠᠷ ᠲᠥᠷᠥ ᠪᠠᠷᠢᠬᠤ᠂ ᠠᠷᠠᠳᠴᠢᠯᠠᠯ ᠢᠶᠠᠷ ᠲᠥᠷᠥ ᠪᠠᠷᠢᠬᠤ᠂ | ᠬᠠᠤᠯᠢ ᠶᠣᠰᠣᠭᠠᠷ ᠲᠥᠷᠥ ᠪᠠᠷᠢᠬᠤ ᠲᠦᠪᠰᠢᠨ ᠢ ᠳᠡᠭᠡᠭᠰᠢᠯᠡᠭᠦᠯᠤᠨ᠎ᠡ᠃ ᠨᠠᠮ ᠵᠠᠰᠠᠭ ᠴᠡᠷᠢᠭ ᠠᠷᠠᠳ ᠰᠤᠷᠭᠠᠭᠤᠯᠢ᠂ | ᠳᠦᠷᠪᠡᠨ ᠵᠦᠭ ᠨᠠᠢᠮᠠᠨ ᠵᠤᠪᠬᠢᠰ ᠲᠤ ᠨᠠᠮ ᠪᠤᠯ ᠠᠯᠢᠪᠠ ᠶᠢ ᠤᠳᠤᠷᠢᠳᠬᠤ ᠶᠢ ᠡᠷᠬᠡᠪᠰᠢ ᠪᠠᠷᠢᠮᠲᠠᠯᠠᠵᠥ᠂ ᠨᠠᠮ ᠤᠨ | ᠲᠥᠪ ᠬᠤᠷᠢᠶᠠᠨ ᠤ ᠡᠷᠬᠡ ᠰᠦᠷ ᠢ ᠡᠷᠡᠰ ᠬᠠᠮᠠᠭᠠᠯᠠᠵᠤ᠂ ᠪᠦᠬᠦ ᠳᠠᠯ᠎ᠠ ᠶᠢ ᠶᠡᠷᠦᠩᠬᠡᠶᠢᠯᠡᠨ ᠡᠵᠡᠮᠳᠡᠬᠦ᠂ ᠡᠯ᠎ᠡ | ᠲᠠᠯ᠎ᠠ ᠶᠢ ᠵᠣᠬᠢᠴᠠᠭᠤᠯᠬᠤ ᠨᠠᠮ ᠤᠨ ᠤᠳᠤᠷᠢᠳᠤᠯᠭ᠎ᠠ ᠶᠢᠨ ᠳᠦᠷᠢᠮ ᠤᠨ ᠰᠢᠰᠲ᠋ᠧᠮ ᠢ ᠪᠦᠷᠢᠨᠰᠢᠬᠦᠯᠵᠥ᠂ ᠨᠠᠮ ᠤᠨ | ᠤᠳᠤᠷᠢᠳᠤᠯᠭ᠎ᠠ ᠶᠢ ᠤᠯᠤᠰ ᠤᠨ ᠵᠠᠰᠠᠯᠲᠠ ᠶᠢᠨ ᠡᠯ᠎ᠡ ᠬᠦᠷᠢᠶ᠎ᠡ ᠡᠯ᠎ᠡ ᠲᠠᠯ᠎ᠠ ᠡᠯ᠎ᠡ ᠭᠤᠭᠴᠤᠭ᠎ᠠ ᠳᠤ | ᠨᠠᠶᠢᠳᠠᠪᠤᠷᠢᠵᠢᠭᠤᠯᠬᠤ ᠬᠡᠷᠡᠭᠲᠡᠶ᠃ ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ | ᠴᠡᠭᠡᠵᠢᠯᠡᠬᠦ ᠳᠦᠷᠢᠮ ᠢ ᠲᠤᠬᠳᠠᠭᠠᠵᠤ᠂ ᠨᠠᠮ ᠤᠨ ᠲᠥᠪ ᠬᠤᠷᠢᠶᠠᠨ ᠤ ᠡᠷᠬᠡ ᠰᠦᠷ ᠪᠣᠯᠤᠨ ᠲᠥᠪᠯᠡᠷᠡᠩᠭᠦᠶ | ᠨᠢᠭᠡᠳᠦᠯᠲᠡᠶ ᠤᠳᠤᠷᠢᠳᠤᠯᠭ᠎ᠠ ᠶᠢ ᠡᠷᠡᠰ ᠬᠠᠮᠠᠭᠠᠯᠠᠬᠤ ᠡᠯ᠎ᠡ ᠵᠦᠶ᠋ᠯ ᠤᠨ ᠳᠦᠷᠢᠮ ᠢ ᠲᠡᠭᠦᠯᠳᠡᠷᠵᠢᠭᠦᠯᠵᠦ᠂ ᠨᠠᠮ ᠤᠨ | ᠪᠦᠬᠦ ᠲᠠᠯ᠎ᠠ ᠶᠢᠨ ᠤᠳᠤᠷᠢᠳᠤᠯᠭ᠎ᠠ ᠶᠢᠨ ᠳᠦᠷᠢᠮ ᠢ ᠪᠦᠷᠢᠨᠰᠢᠭᠦᠯᠵᠤ᠂ ᠠᠷᠠᠳ ᠲᠦᠮᠡᠨ ᠤ ᠲᠥᠯᠥᠭᠡ ᠲᠥᠷᠥ ᠪᠠᠷᠢᠬᠤ | ᠂ ᠠᠷᠠᠳ ᠲᠦᠮᠡᠨ ᠳᠤ ᠲᠦᠰᠢᠭᠯᠡᠨ ᠲᠥᠷᠥ ᠪᠠᠷᠢᠬᠤ ᠡᠯ᠎ᠡ ᠵᠦᠢᠯ ᠤᠨ ᠳᠦᠷᠢᠮ ᠢ ᠪᠦᠷᠢᠨᠰᠢᠭᠦᠯᠵᠤ᠂ ᠨᠠᠮ ᠤᠨ | ᠲᠥᠷᠥ ᠪᠠᠷᠢᠬᠤ ᠴᠢᠳᠠᠪᠤᠷᠢ ᠪᠣᠯᠤᠨ ᠤᠳᠤᠷᠢᠳᠬᠤ ᠲᠦᠪᠰᠢᠨ ᠢ ᠳᠡᠭᠡᠭᠰᠢᠯᠡᠭᠦᠯᠬᠦ ᠳᠦᠷᠢᠮ ᠢ ᠪᠦᠷᠢᠨᠰᠢᠭᠦᠯᠵᠤ᠂ ᠪᠦᠬᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠳᠦᠷᠢᠮ ᠢ ᠲᠡᠭᠦᠯᠳᠡᠷᠵᠢᠭᠦᠯᠬᠦ ᠬᠡᠷᠡᠭᠳᠠᠢ ᠬᠡᠵᠥ ᠳᠤᠷᠠᠳᠪᠠ᠃ | ᠪᠥᠬᠦᠳᠡ ᠬᠤᠷᠠᠯ ᠠᠴᠠ᠂ ᠠᠷᠠᠳ ᠲᠦᠮᠡᠨ ᠡᠷᠬᠡ ᠮᠡᠳᠡᠵᠦ ᠡᠵᠡᠨ ᠰᠠᠭᠤᠬᠤ ᠳᠦᠷᠢᠮ ᠤᠨ ᠰᠢᠰᠲ᠋ᠧᠮ ᠢ | ᠪᠠᠷᠢᠮᠲᠠᠯᠠᠨ ᠲᠡᠭᠦᠯᠳᠡᠷᠵᠢᠭᠦᠯᠵᠦ᠂ ᠨᠡᠶᠢᠭᠡᠮ ᠵᠢᠷᠤᠮ ᠤᠨ ᠠᠷᠠᠳᠴᠢᠯᠠᠭᠰᠠᠨ ᠤᠯᠤᠰ ᠲᠥᠷᠥ ᠶᠢ ᠬᠥᠭᠵᠢᠭᠦᠯᠤᠨ᠎ᠡ᠃ | ᠠᠷᠠᠳ ᠲᠦᠮᠡᠨ ᠤ ᠭᠤᠤᠯ ᠴᠣᠭᠴᠠ ᠶᠢᠨ ᠪᠠᠶᠢᠷᠢ ᠰᠠᠭᠤᠷᠢ ᠶᠢ ᠡᠷᠬᠡᠪᠰᠢ ᠪᠠᠷᠢᠮᠲᠠᠯᠠᠵᠤ᠂ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠤᠯᠤᠰ ᠲᠥᠷᠦ ᠶᠢᠨ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ | ᠵᠠᠮᠨᠠᠵᠤ᠂ ᠠᠷᠠᠳ ᠲᠦᠮᠡᠨ ᠤ ᠬᠠᠤᠯᠢ ᠶᠣᠰᠣᠭᠠᠷ ᠡᠯ᠎ᠡ ᠵᠦᠢᠯ ᠤᠨ ᠠᠷᠭ᠎ᠠ ᠵᠠᠮ ᠪᠠ ᠬᠡᠯᠪᠡᠷᠢ ᠪᠠᠷ ᠳᠠᠮᠵᠢᠭᠤᠯᠤᠨ | ᠤᠯᠤᠰ ᠤᠨ ᠬᠡᠷᠡᠭ ᠶᠠᠪᠤᠳᠠᠯ ᠢ ᠬᠠᠮᠢᠶᠠᠷᠬᠤ᠂ ᠠᠵᠤ ᠠᠬᠤᠶ ᠰᠣᠶᠣᠯ ᠤᠨ ᠦᠶ᠋ᠯᠡᠰ ᠢ ᠬᠠᠮᠢᠶᠠᠷᠬᠤ᠂ ᠨᠡᠶᠢᠭᠡᠮ ᠤᠨ | ᠬᠡᠷᠡᠭ ᠶᠠᠪᠤᠳᠠᠯ ᠢ ᠬᠠᠮᠢᠶᠠᠷᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠭᠤᠯᠤᠯ ᠭᠡᠬᠦ ᠡᠨᠡ ᠬᠦ ᠦᠨᠳᠦᠰᠦᠨ ᠤᠯᠤᠰ ᠲᠥᠷᠥ ᠶᠢᠨ ᠪᠠᠶᠢᠭᠤᠯᠤᠯ ᠢ ᠪᠠᠷᠢᠮᠲᠠᠯᠠᠨ | ᠲᠡᠭᠦᠯᠳᠡᠷᠵᠢᠭᠦᠯᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠭᠰᠠᠨ ᠣᠯᠠᠨ ᠨᠠᠮ ᠬᠠᠮᠲᠤᠷᠠᠨ | ᠠᠵᠢᠯᠯᠠᠬᠤ ᠪᠠ ᠤᠯᠤᠰ ᠲᠥᠷᠥ ᠶᠢᠨ ᠵᠥᠪᠯᠡᠯᠭᠡ ᠬᠢᠬᠦ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠬᠠᠮᠤᠭ ᠤᠨ | ᠥᠷᠭᠡᠨ ᠳᠡᠯᠭᠡᠷ ᠡᠬᠡ ᠣᠷᠣᠨᠴᠢ ᠨᠢᠭᠡᠳᠦᠮᠡᠯ ᠹᠷᠣᠨᠲ ᠢ ᠪᠠᠬᠢᠵᠢᠭᠦᠯᠦᠨ ᠬᠥᠭᠵᠢᠭᠦᠯᠵᠦ᠂ ᠦᠨᠳᠦᠰᠦᠲᠡᠨ ᠤ ᠣᠷᠣᠨ ᠤ | ᠥᠪᠡᠷᠲᠡᠭᠡᠨ ᠵᠠᠰᠠᠬᠤ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ | ᠦᠨᠳᠦᠰᠦᠨ ᠱᠠᠲᠤᠨ ᠤ ᠣᠯᠠᠨ ᠲᠦᠮᠡᠨ ᠤ ᠥᠪᠡᠷᠲᠡᠭᠡᠨ ᠵᠠᠰᠠᠬᠤ ᠪᠠᠶᠢᠭᠤᠯᠤᠯ ᠢ ᠲᠡᠭᠦᠯᠳᠡᠷᠵᠢᠭᠦᠯᠬᠦ ᠬᠡᠷᠡᠭᠳᠠᠢ ᠬᠡᠵᠥ | ᠳᠤᠷᠠᠳᠪᠠ᠃ | ᠪᠥᠬᠦᠳᠡ ᠬᠤᠷᠠᠯ ᠠᠴᠠ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢᠵᠢᠯ ᠤᠨ | ᠰᠢᠰᠲ᠋ᠧᠮ ᠢ ᠪᠠᠷᠢᠮᠲᠠᠯᠠᠨ ᠲᠡᠭᠦᠯᠳᠡᠷᠵᠢᠭᠦᠯᠵᠦ᠂ ᠨᠠᠮ ᠤᠨ ᠬᠠᠤᠯᠢ ᠶᠣᠰᠣᠭᠠᠷ ᠤᠯᠤᠰ ᠢ ᠵᠠᠰᠠᠬᠤ᠂ ᠬᠠᠤᠯᠢ ᠶᠣᠰᠣᠭᠠᠷ | ᠲᠥᠷᠥ ᠪᠠᠷᠢᠬᠤ ᠴᠢᠳᠠᠪᠤᠷᠢ ᠶᠢ ᠳᠡᠭᠡᠭᠰᠢᠯᠡᠭᠦᠯᠤᠨ᠎ᠡ᠃ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠬᠠᠤᠯᠢᠵᠢᠯ ᠤᠨ ᠰᠢᠰᠲ᠋ᠧᠮ ᠢ ᠪᠠᠶᠢᠭᠤᠯᠬᠤ᠂ ᠨᠡᠶᠢᠭᠡᠮ ᠵᠢᠷᠤᠮ ᠤᠨ ᠬᠠᠤᠯᠢᠵᠢᠯ ᠤᠨ ᠤᠯᠤᠰ ᠢ ᠪᠠᠶᠢᠭᠤᠯᠬᠤ ᠪᠣᠯ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠳᠣᠲᠣᠭᠠᠳᠤ ᠱᠠᠭᠠᠷᠳᠠᠯᠭ᠎ᠠ | ᠮᠥᠨ᠃ ᠡᠷᠬᠡᠪᠰᠢ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢᠵᠢᠯ ᠤᠨ ᠵᠠᠮ ᠢᠶᠠᠷ ᠡᠷᠡᠰ | ᠭᠤᠶᠢᠪᠢᠰᠢ ᠦᠭᠡᠢ ᠵᠠᠮᠨᠠᠵᠤ᠂ ᠬᠠᠤᠯᠢ ᠶᠤᠰᠤᠭᠠᠷ ᠤᠯᠤᠰ ᠢ ᠵᠠᠰᠠᠬᠤ ᠶᠢ ᠪᠦᠬᠦ ᠲᠠᠯ᠎ᠠ ᠪᠠᠷ ᠠᠬᠢᠭᠤᠯᠵᠤ᠂ ᠬᠠᠤᠯᠢ | ᠶᠤᠰᠤᠭᠠᠷ ᠤᠯᠤᠰ ᠢ ᠵᠠᠰᠠᠬᠤ᠂ ᠬᠠᠤᠯᠢ ᠶᠤᠰᠤᠭᠠᠷ ᠲᠥᠷᠥ ᠪᠠᠷᠢᠬᠤ᠂ ᠬᠠᠤᠯᠢ ᠶᠤᠰᠤᠭᠠᠷ ᠵᠠᠰᠠᠭ ᠶᠠᠪᠤᠭᠤᠯᠬᠤ ᠶᠢ | ᠬᠠᠮᠲᠤ ᠪᠠᠷ ᠠᠬᠢᠭᠤᠯᠬᠤ ᠶᠢ ᠪᠠᠷᠢᠮᠲᠠᠯᠠᠵᠤ᠂ ᠬᠠᠤᠯᠢᠵᠢᠯ ᠤᠨ ᠤᠯᠤᠰ᠂ ᠬᠠᠤᠯᠢᠵᠢᠯ ᠤᠨ ᠵᠠᠰᠠᠭ ᠤᠨ ᠣᠷᠳᠣᠨ᠂ | ᠬᠠᠤᠯᠢᠵᠢᠯ ᠤᠨ ᠨᠡᠶᠢᠭᠡᠮ ᠢ ᠨᠢᠭᠡ ᠴᠣᠭᠴᠠᠵᠢᠭᠤᠯᠤᠨ ᠪᠦᠲᠦᠭᠡᠨ ᠪᠠᠶᠢᠭᠤᠯᠬᠤ ᠶᠢ ᠪᠠᠷᠢᠮᠲᠠᠯᠠᠬᠤ ᠬᠡᠷᠡᠭᠲᠡᠶ᠃ | ᠦᠨᠳᠦᠰᠦᠨ ᠬᠠᠤᠯᠢ ᠶᠢ ᠪᠦᠬᠦ ᠲᠠᠯ᠎ᠠ ᠪᠠᠷ ᠬᠡᠷᠡᠭᠵᠢᠭᠦᠯᠬᠦ ᠶᠢ ᠪᠠᠲᠤᠯᠠᠬᠤ ᠪᠠᠶᠢᠭᠤᠯᠤᠮᠵᠢ ᠲᠣᠭᠲᠠᠴᠠ ᠶᠢ | ᠪᠦᠷᠢᠨᠰᠢᠬᠦᠯᠵᠥ᠂ ᠬᠠᠤᠯᠢ ᠲᠣᠭᠲᠠᠭᠠᠬᠤ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠵᠦ᠂ ᠨᠡᠶᠢᠭᠡᠮ ᠤᠨ ᠲᠥᠪ | ᠭᠤᠤᠯᠴᠢ ᠰᠢᠳᠤᠷᠭᠤ ᠶᠣᠰᠣᠨ ᠤ ᠬᠠᠤᠯᠢᠵᠢᠯ ᠤᠨ ᠪᠠᠲᠤᠯᠠᠭ᠎ᠠ ᠶᠢᠨ ᠳᠦᠷᠢᠮ ᠢ ᠪᠦᠷᠢᠨᠰᠢᠬᠦᠯᠵᠥ᠂ ᠬᠠᠤᠯᠢ | ᠴᠠᠭᠠᠵᠠ ᠶᠢᠨ ᠬᠡᠷᠡᠭᠵᠢᠭᠦᠯᠦᠯᠲᠡ ᠳᠤ ᠬᠢᠨᠠᠯᠲᠠ ᠳᠠᠯᠪᠢᠬᠤ ᠶᠢ ᠴᠢᠩᠭᠠᠳᠬᠠᠬᠤ ᠬᠡᠷᠡᠭᠲᠡᠶ ᠭᠡᠵᠤ ᠲᠤᠷᠠᠳᠪᠠ᠃ | ᠪᠦᠬᠦᠳᠠ ᠬᠤᠷᠠᠯ ᠠᠴᠠ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠵᠠᠰᠠᠭ ᠵᠠᠬᠢᠷᠭᠠᠨ ᠤ | ᠪᠠᠶᠢᠭᠤᠯᠤᠮᠵᠢ ᠶᠢ ᠪᠠᠷᠢᠮᠳᠠᠯᠠᠨ ᠲᠡᠬᠦᠯᠳᠡᠷᠵᠢᠬᠦᠯᠵᠤ᠂ ᠲᠤᠰᠢᠶᠠᠯ ᠬᠠᠷᠢᠭᠤᠴᠠᠯᠭ᠎ᠠ ᠲᠤᠳᠤᠷᠬᠠᠢ᠂ ᠬᠠᠤᠯᠢ ᠶᠤᠰᠤᠭᠠᠷ | ᠵᠠᠰᠠᠭ ᠶᠠᠪᠤᠭᠤᠯᠬᠤ ᠵᠠᠰᠠᠭ ᠤᠨ ᠤᠷᠳᠤᠨ ᠤ ᠵᠠᠰᠠᠯᠳᠠ ᠶᠢᠨ ᠰᠢᠰᠲ᠋ᠧᠮ ᠢ ᠪᠠᠶᠢᠭᠤᠯᠤᠨ᠎ᠠ᠃ ᠤᠯᠤᠰ ᠤᠨ ᠵᠠᠰᠠᠭ | ᠵᠠᠬᠢᠷᠭᠠᠨ ᠤ ᠬᠠᠮᠢᠶᠠᠷᠤᠯᠳᠠ ᠨᠠᠮ ᠪᠤᠯᠤᠨ ᠤᠯᠤᠰ ᠤᠨ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠤᠰᠤᠭᠠᠷ | ᠠᠵᠤ ᠠᠬᠤᠢ ᠨᠡᠶᠢᠭᠡᠮ ᠤᠨ ᠬᠦᠭᠵᠢᠯᠳᠠ ᠶᠢ ᠠᠬᠢᠭᠤᠯᠬᠤ᠂ ᠨᠡᠶᠢᠭᠡᠮ ᠤᠨ ᠭᠡᠷᠡᠭ ᠶᠠᠪᠤᠳᠠᠯ ᠢ ᠬᠠᠮᠢᠶᠠᠷᠬᠤ᠂ ᠤᠯᠠᠨ | ᠲᠦᠮᠡᠨ ᠳᠤ ᠦᠢᠯᠡᠴᠢᠯᠡᠬᠦ ᠴᠢᠬᠤᠯᠠ ᠶᠡᠭᠡ ᠡᠭᠦᠷᠭᠡ ᠬᠠᠷᠢᠭᠤᠴᠠᠯᠭ᠎ᠠ ᠶᠢ ᠡᠬᠦᠷᠭᠡᠯᠡᠵᠤ ᠪᠠᠶᠢᠳᠠᠭ᠃ ᠡᠷᠭᠡᠪᠰᠢ ᠠᠯᠢᠪᠠ | ᠵᠠᠰᠠᠭ ᠵᠠᠬᠢᠷᠭᠠᠨ ᠤ ᠪᠠᠶᠢᠭᠤᠯᠭ᠎ᠠ ᠠᠷᠠᠳ ᠲᠦᠮᠡᠨ ᠳᠤ ᠦᠢᠯᠡᠴᠢᠯᠡᠬᠦ᠂ ᠠᠷᠠᠳ ᠲᠦᠮᠡᠨ ᠳᠤ ᠬᠠᠷᠢᠭᠤᠴᠠᠬᠤ᠂ | ᠠᠷᠠᠳ ᠲᠦᠮᠡᠨ ᠤ ᠬᠢᠨᠠᠯᠳᠠ ᠶᠢ ᠬᠦᠯᠢᠶᠠᠬᠦ ᠶᠢ ᠪᠠᠷᠢᠮᠳᠠᠯᠠᠵᠤ᠂ ᠵᠠᠰᠠᠭ ᠵᠠᠬᠢᠷᠭᠠᠨ ᠤ ᠠᠷᠭ᠎ᠠ ᠬᠡᠯᠪᠡᠷᠢ ᠪᠠᠨ | ᠰᠢᠨᠡᠴᠢᠯᠡᠵᠤ᠂ ᠵᠠᠰᠠᠭ ᠵᠠᠬᠢᠷᠭᠠᠨ ᠤ ᠦᠢᠯᠡᠳᠦᠯ ᠴᠢᠳᠠᠪᠬᠢ ᠪᠠᠨ ᠲᠡᠭᠡᠭᠰᠢᠯᠡᠬᠦᠯᠵᠤ᠂ ᠠᠷᠠᠳ ᠲᠦᠮᠡᠨ ᠳᠤ | ᠲᠠᠭᠠᠰᠢᠶᠠᠬᠳᠠᠬᠰᠡᠨ ᠦᠢᠯᠡᠴᠢᠯᠡᠭᠡᠨ ᠤ ᠮᠠᠶᠢᠭ ᠤᠨ ᠵᠠᠰᠠᠭ ᠤᠨ ᠤᠷᠳᠤᠨ ᠢ ᠪᠠᠶᠢᠭᠤᠯᠬᠤ ᠭᠡᠷᠡᠭᠳᠠᠢ᠃ ᠤᠯᠤᠰ ᠤᠨ | ᠵᠠᠰᠠᠭ ᠵᠠᠬᠢᠷᠭᠠᠨ ᠤ ᠪᠠᠶᠢᠭᠤᠯᠤᠮᠵᠢ ᠶᠢ ᠲᠡᠬᠦᠯᠳᠡᠷᠵᠢᠬᠦᠯᠵᠤ᠂ ᠵᠠᠰᠠᠭ ᠤᠨ ᠤᠷᠳᠤᠨ ᠤ ᠲᠤᠰᠢᠶᠠᠯ | ᠬᠠᠷᠢᠭᠤᠴᠠᠯᠭ᠎ᠠ ᠶᠢᠨ ᠰᠢᠰᠲ᠋ᠧᠮ ᠢ ᠰᠢᠯᠢᠳᠡᠭᠵᠢᠬᠦᠯᠵᠤ᠂ ᠵᠠᠰᠠᠭ ᠤᠨ ᠤᠷᠳᠤᠨ ᠤ ᠵᠤᠬᠢᠶᠠᠨ ᠪᠠᠶᠢᠭᠤᠯᠤᠯᠳᠠ ᠶᠢᠨ | ᠪᠦᠳᠦᠴᠡ ᠶᠢ ᠰᠢᠯᠢᠳᠡᠭᠵᠢᠬᠦᠯᠵᠤ᠂ ᠲᠦᠪ ᠤᠨ ᠪᠠ ᠤᠷᠤᠨ ᠨᠤᠳᠤᠭ ᠤᠨ ᠬᠤᠶᠠᠷ ᠲᠠᠯ᠎ᠠ ᠶᠢᠨ ᠢᠳᠡᠪᠬᠢᠵᠢᠯ ᠢ | ᠬᠦᠢᠴᠡᠳ ᠪᠠᠳᠠᠷᠠᠭᠤᠯᠬᠤ ᠪᠠᠶᠢᠭᠤᠯᠤᠮᠵᠢ ᠲᠤᠬᠳᠠᠴᠠ ᠶᠢ ᠪᠦᠷᠢᠨᠰᠢᠬᠦᠯᠬᠦ ᠭᠡᠷᠡᠭᠳᠠᠢ ᠭᠡᠵᠤ ᠲᠤᠷᠠᠳᠪᠠ᠃ | ᠪᠦᠬᠦᠳᠠ ᠬᠤᠷᠠᠯ ᠠᠴᠠ᠂ ᠨᠡᠶᠢᠭᠡᠮ ᠵᠢᠷᠤᠮ ᠤᠨ ᠦᠨᠳᠦᠰᠦᠨ ᠠᠵᠤ ᠠᠬᠤᠢ ᠶᠢᠨ ᠲᠦᠷᠢᠮ ᠢ ᠪᠠᠷᠢᠮᠳᠠᠯᠠᠨ | ᠲᠡᠬᠦᠯᠳᠡᠷᠵᠢᠬᠦᠯᠵᠤ᠂ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠠ ᠶᠢ ᠠᠬᠢᠭᠤᠯᠤᠨ᠎ᠠ᠃ ᠨᠡᠶᠢᠳᠠ ᠶᠢᠨ | ᠦᠮᠴᠢᠯᠡᠯ ᠢᠶᠠᠷ ᠭᠤᠤᠯ ᠴᠤᠬᠴᠠ ᠪᠤᠯᠭᠠᠨ᠂ ᠤᠯᠠᠨ ᠵᠦᠢᠯ ᠤᠨ ᠦᠮᠴᠢᠯᠡᠯ ᠤᠨ ᠠᠵᠤ ᠠᠬᠤᠢ ᠶᠢ ᠬᠠᠮᠳᠤ ᠪᠠᠷ | ᠬᠦᠭᠵᠢᠬᠦᠯᠬᠦ᠂ ᠬᠦᠳᠡᠯᠮᠤᠷᠢᠯᠡᠭᠰᠡᠨ ᠤ ᠬᠢᠨᠢ ᠬᠢᠷᠢ ᠪᠠᠷ ᠬᠤᠪᠢᠶᠠᠷᠢᠯᠠᠬᠤ ᠪᠠᠷ ᠭᠤᠤᠯ ᠴᠤᠬᠴᠠ ᠪᠤᠯᠭᠠᠨ᠂ ᠤᠯᠠᠨ | ᠵᠦᠢᠯ ᠤᠨ ᠬᠤᠪᠢᠶᠠᠷᠢᠯᠠᠯᠳᠠ ᠶᠢᠨ ᠠᠷᠭ᠎ᠠ ᠬᠡᠯᠪᠡᠷᠢ ᠵᠡᠷᠭᠡ ᠪᠠᠷ ᠤᠷᠤᠰᠢᠬᠤ᠂ ᠨᠡᠶᠢᠭᠡᠮ ᠵᠢᠷᠤᠮ ᠤᠨ ᠵᠠᠬ᠎ᠠ | ᠲᠡᠯᠭᠡᠬᠦᠷ ᠤᠨ ᠠᠵᠤ ᠠᠬᠤᠢ ᠶᠢᠨ ᠪᠠᠶᠢᠭᠤᠯᠤᠮᠵᠢ ᠵᠡᠷᠭᠡ ᠨᠡᠶᠢᠭᠡᠮ ᠵᠢᠷᠤᠮ ᠤᠨ ᠦᠨᠳᠦᠰᠦᠨ ᠠᠵᠤ ᠠᠬᠤᠢ ᠶᠢᠨ | ᠪᠠᠶᠢᠭᠤᠯᠤᠯ ᠨᠢ ᠨᠡᠶᠢᠭᠡᠮ ᠵᠢᠷᠤᠮ ᠤᠨ ᠪᠠᠶᠢᠭᠤᠯᠤᠯ ᠤᠨ ᠲᠠᠪᠠᠭᠤᠯᠢᠭ ᠢ ᠢᠯᠡᠷᠡᠬᠦᠯᠦᠭᠰᠡᠨ ᠪᠦᠭᠡᠳ ᠪᠠᠰᠠ ᠮᠠᠨ ᠤ | ᠤᠯᠤᠰ ᠤᠨ ᠨᠡᠶᠢᠭᠡᠮ ᠵᠢᠷᠤᠮ ᠤᠨ ᠠᠩᠬᠠᠨ ᠤ ᠱᠠᠳᠤᠨ ᠤ ᠨᠡᠶᠢᠭᠡᠮ ᠤᠨ ᠦᠢᠯᠡᠳᠪᠤᠷᠢᠯᠡᠯ ᠤᠨ ᠬᠦᠴᠦᠨ ᠤ | ᠬᠦᠭᠵᠢᠯᠳᠠ ᠶᠢᠨ ᠲᠦᠪᠰᠢᠨ ᠳᠤ ᠨᠡᠶᠢᠴᠡᠵᠦ᠂ ᠨᠠᠮ ᠪᠤᠯᠤᠨ ᠠᠷᠠᠳ ᠲᠦᠮᠡᠨ ᠤ ᠠᠭᠤᠤ ᠶᠡᠭᠡ ᠡᠬᠦᠳᠦᠯᠳᠠ ᠪᠤᠯᠤᠨ᠎ᠡ | ᠃ ᠡᠷᠬᠡᠪᠰᠢ ᠨᠡᠶᠢᠭᠡᠮ ᠵᠢᠷᠤᠮ ᠤᠨ ᠦᠨᠳᠦᠰᠦᠨ ᠠᠵᠤ ᠠᠬᠤᠢ ᠶᠢᠨ ᠪᠠᠶᠢᠭᠤᠯᠤᠯ ᠢ ᠪᠠᠷᠢᠮᠳᠠᠯᠠᠵᠤ᠂ ᠵᠠᠬ᠎ᠠ | ᠲᠡᠯᠬᠡᠬᠦᠷ ᠤᠨ ᠡᠬᠢ ᠪᠠᠶᠠᠯᠢᠭ ᠤᠨ ᠳᠤᠬᠢᠷᠠᠭᠤᠯᠤᠯᠳᠠ ᠳᠠᠬᠢ ᠰᠢᠢᠳᠪᠤᠷᠢᠯᠡᠭᠴᠢ ᠴᠢᠨᠠᠷᠳᠠᠢ ᠦᠢᠯᠡᠳᠦᠯ ᠢ ᠬᠦᠢᠴᠡᠳ | ᠪᠠᠳᠠᠷᠠᠭᠤᠯᠵᠤ᠂ ᠵᠠᠰᠠᠭ ᠤᠨ ᠤᠷᠳᠤᠨ ᠤ ᠦᠢᠯᠡᠳᠦᠯ ᠢ ᠨᠡᠩ ᠰᠠᠶᠢᠳᠤᠷ ᠪᠠᠳᠠᠷᠠᠭᠤᠯᠵᠤ᠂ ᠰᠢᠨ᠎ᠡ ᠬᠦᠭᠵᠢᠯᠳᠠ ᠶᠢᠨ | ᠤᠢᠢᠯᠠᠭᠠᠬᠳᠠᠬᠤᠨ ᠢ ᠪᠦᠬᠦ ᠲᠠᠯ᠎ᠡ ᠪᠠᠷ ᠲᠤᠭᠤᠰᠢᠯᠠᠭᠤᠯᠵᠤ᠂ ᠬᠠᠨᠭ᠍ᠭᠠᠯᠭ᠎ᠠ ᠶᠢᠨ ᠲᠠᠯ᠎ᠡ ᠶᠢᠨ ᠪᠦᠳᠦᠴᠠ ᠶᠢᠨ ᠴᠢᠨᠠᠷᠳᠠᠢ | ᠦᠭᠡᠷᠡᠴᠢᠯᠡᠯᠳᠠ ᠪᠠᠷ ᠭᠤᠤᠯ ᠱᠤᠭᠤᠮ ᠪᠤᠯᠭᠠᠬᠤ ᠶᠢ ᠪᠠᠷᠢᠮᠳᠠᠯᠠᠵᠤ᠂ ᠤᠳᠤᠬᠢᠴᠢᠯᠠᠬᠰᠡᠨ ᠠᠵᠤ ᠠᠬᠤᠢ ᠶᠢᠨ | ᠰᠢᠰᠲ᠋ᠧᠮ ᠢ ᠱᠠᠯᠠᠪᠳᠠᠨ ᠪᠠᠶᠢᠭᠤᠯᠬᠤ ᠭᠡᠷᠡᠭᠳᠠᠢ᠃ ᠨᠠᠶᠢᠳᠠ ᠶᠢᠨ ᠦᠮᠴᠢᠯᠡᠯ ᠤᠨ ᠠᠵᠤ ᠠᠬᠤᠢ ᠶᠢ ᠤᠭᠳᠤ | ᠭᠤᠶᠢᠪᠢᠰᠢ ᠦᠭᠡᠢ ᠪᠠᠬᠢᠵᠢᠬᠦᠯᠤᠨ ᠬᠦᠭᠵᠢᠬᠦᠯᠵᠤ᠂ ᠨᠠᠶᠢᠳᠠ ᠶᠢᠨ ᠦᠮᠴᠢᠯᠡᠯ ᠤᠨ ᠪᠤᠰᠤ ᠠᠵᠤ ᠠᠬᠤᠢ ᠶᠢᠨ | ᠬᠦᠭᠵᠢᠯᠳᠠ ᠶᠢ ᠤᠭᠳᠤ ᠭᠤᠶᠢᠪᠢᠰᠢ ᠦᠭᠡᠢ ᠵᠤᠷᠢᠬᠵᠢᠭᠤᠯᠵᠤ᠂ ᠲᠠᠮᠵᠢᠵᠤ᠂ ᠬᠦᠳᠦᠯᠤᠨ ᠲᠠᠭᠠᠭᠤᠯᠵᠤ᠂ | ᠬᠦᠳᠡᠯᠮᠤᠷᠢᠯᠡᠭᠰᠡᠨ ᠤ ᠬᠢᠨᠢ ᠬᠢᠷᠢ ᠪᠠᠷ ᠬᠤᠪᠢᠶᠠᠷᠢᠯᠠᠬᠤ ᠪᠠᠷ ᠭᠤᠤᠯ ᠴᠤᠭᠴᠠ ᠪᠤᠯᠭᠠᠨ᠂ ᠤᠯᠠᠨ ᠵᠦᠢᠯ ᠤᠨ | ᠬᠤᠪᠢᠶᠠᠷᠢᠯᠠᠯᠳᠠ ᠶᠢᠨ ᠠᠷᠭ᠎ᠠ ᠬᠡᠯᠪᠡᠷᠢ ᠵᠡᠷᠭᠡ ᠪᠠᠷ ᠤᠷᠤᠰᠢᠬᠤ ᠶᠢ ᠪᠠᠷᠢᠮᠳᠠᠯᠠᠵᠤ᠂ ᠨᠡᠶᠢᠭᠡᠮ ᠵᠢᠷᠤᠮ ᠤᠨ ᠵᠠᠬ᠎ᠠ | ᠲᠡᠯᠬᠡᠬᠦᠷ ᠤᠨ ᠠᠵᠤ ᠠᠬᠤᠢ ᠶᠢᠨ ᠪᠠᠶᠢᠭᠤᠯᠤᠮᠵᠢ ᠶᠢ ᠱᠠᠯᠠᠪᠳᠠᠨ ᠲᠡᠬᠦᠯᠳᠡᠷᠵᠢᠬᠦᠯᠵᠤ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠬᠦᠳᠬᠦ ᠪᠠᠶᠢᠭᠤᠯᠤᠮᠵᠢ ᠲᠤᠬᠳᠠᠴᠠ ᠶᠢ ᠲᠡᠬᠦᠯᠳᠡᠷᠵᠢᠬᠦᠯᠵᠤ᠂ ᠨᠡᠩ ᠦᠨᠳᠦᠷ ᠲᠦᠪᠰᠢᠨ | ᠪᠦᠬᠦᠢ ᠨᠡᠭᠡᠭᠡᠯᠳᠠᠳᠤ ᠮᠠᠶᠢᠭ ᠤᠨ ᠠᠵᠤ ᠠᠬᠤᠢ ᠶᠢᠨ ᠰᠢᠨ᠎ᠡ ᠪᠠᠶᠢᠭᠤᠯᠤᠮᠵᠢ ᠶᠢ ᠪᠠᠶᠢᠭᠤᠯᠬᠤ ᠭᠡᠷᠡᠭᠳᠠᠢ ᠭᠡᠵᠤ | ᠲᠤᠷᠠᠳᠪᠠ᠃ | ᠪᠦᠬᠦᠳᠠ ᠬᠤᠷᠠᠯ ᠠᠴᠠ᠂ ᠨᠡᠶᠢᠭᠡᠮ ᠵᠢᠷᠤᠮ ᠤᠨ ᠲᠡᠷᠢᠬᠦᠨ ᠤ ᠰᠤᠶᠤᠯ ᠢ ᠴᠡᠴᠡᠭᠯᠡᠬᠦᠯᠤᠨ ᠬᠦᠭᠵᠢᠬᠦᠯᠬᠦ | ᠲᠦᠷᠢᠮ ᠢ ᠪᠠᠷᠢᠮᠳᠠᠯᠠᠨ ᠲᠡᠬᠦᠯᠳᠡᠷᠵᠢᠬᠦᠯᠵᠤ᠂ ᠪᠦᠬᠦ ᠠᠷᠠᠳ ᠲᠦᠮᠡᠨ ᠤ ᠪᠦᠯᠬᠦᠮᠳᠡᠨ ᠲᠡᠮᠡᠴᠡᠬᠦ ᠬᠠᠮᠳᠤ ᠶᠢᠨ ᠦᠵᠡᠯ | ᠰᠠᠨᠠᠭᠠᠨ ᠤ ᠰᠠᠭᠤᠷᠢ ᠶᠢ ᠪᠠᠬᠢᠵᠢᠬᠦᠯᠤᠨ᠎ᠡ᠃ ᠨᠡᠶᠢᠭᠡᠮ ᠵᠢᠷᠤᠮ ᠤᠨ ᠲᠡᠷᠢᠬᠦᠨ ᠤ ᠰᠤᠶᠤᠯ ᠢ ᠬᠦᠭᠵᠢᠬᠦᠯᠵᠤ᠂ ᠠᠷᠠᠳ | ᠲᠦᠮᠡᠨ ᠤ ᠤᠶᠤᠨ ᠰᠠᠨᠠᠭᠠᠨ ᠤ ᠬᠦᠴᠦᠨ ᠴᠢᠳᠠᠯ ᠢ ᠦᠷᠭᠡᠨ ᠢᠶᠠᠷ ᠨᠢᠬᠳᠠᠷᠠᠭᠤᠯᠬᠤ ᠪᠤᠯ ᠤᠯᠤᠰ ᠤᠨ ᠵᠠᠰᠠᠯᠳᠠ ᠶᠢᠨ | ᠰᠢᠰᠲ᠋ᠧᠮ ᠪᠤᠯᠤᠨ ᠵᠠᠰᠠᠯᠳᠠ ᠶᠢᠨ ᠴᠢᠳᠠᠪᠤᠷᠢ ᠶᠢᠨ ᠤᠳᠤᠬᠢᠴᠢᠯᠠᠯᠳᠠ ᠶᠢᠨ ᠬᠦᠨ ᠵᠤᠵᠠᠭᠠᠨ ᠲᠤᠯᠭᠠᠭᠤᠷᠢᠯᠡᠯ ᠮᠦᠨ᠃ | ᠡᠷᠭᠡᠪᠰᠢ ᠰᠤᠶᠤᠯ ᠤᠨ ᠢᠳᠡᠭᠡᠯ ᠢᠶᠠᠨ ᠪᠠᠳᠤᠳᠬᠠᠵᠤ᠂ ᠨᠡᠶᠢᠭᠡᠮ ᠵᠢᠷᠤᠮ ᠤᠨ ᠲᠡᠷᠢᠬᠦᠨ ᠤ ᠰᠤᠶᠤᠯ ᠤᠨ | ᠤᠷᠤᠬᠰᠢᠯᠠᠬᠤ ᠴᠢᠭᠯᠡᠯ ᠢ ᠪᠠᠳᠤ ᠡᠵᠡᠮᠳᠡᠨ᠂ ᠪᠦᠬᠦ᠋ᠢᠯᠡ ᠦᠨᠳᠦᠰᠦᠳᠡᠨ ᠤ ᠰᠤᠶᠤᠯ ᠤᠨ ᠡᠬᠦᠳᠤᠨ ᠪᠦᠳᠦᠭᠡᠯᠳᠠ ᠶᠢᠨ | ᠠᠮᠢᠵᠢᠷᠠᠯ ᠤᠨ ᠬᠦᠴᠦᠨ ᠢ ᠬᠦᠭᠵᠢᠬᠡᠵᠤ᠂ ᠲᠤᠮᠳᠠᠳᠤ ᠤᠯᠤᠰ ᠤᠨ ᠵᠤᠷᠢᠭ ᠰᠠᠨᠠᠭ᠎ᠠ᠂ ᠲᠤᠮᠳᠠᠳᠤ ᠤᠯᠤᠰ ᠤᠨ | ᠦᠷᠳᠡᠭ᠂ ᠲᠤᠮᠳᠠᠳᠤ ᠤᠯᠤᠰ ᠤᠨ ᠬᠦᠴᠤᠨ ᠴᠢᠳᠠᠯ ᠢ ᠨᠡᠩ ᠰᠠᠶᠢᠨ ᠢᠶᠠᠷ ᠴᠤᠬᠴᠠᠯᠠᠬᠤ ᠭᠡᠷᠡᠭᠳᠠᠢ᠃ ᠮᠠᠷᠺᠰ ᠤᠨ | ᠦᠵᠡᠯ ᠤᠨ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠠᠨ ᠳᠠᠬᠢ ᠵᠢᠯᠤᠭᠤᠳᠬᠤ ᠪᠠᠶᠢᠷᠢ ᠰᠠᠭᠤᠷᠢ ᠶᠢᠨ ᠦᠨᠳᠦᠰᠦᠨ | ᠲᠦᠷᠢᠮ ᠢ ᠪᠠᠷᠢᠮᠳᠠᠯᠠᠵᠤ᠂ ᠨᠡᠶᠢᠭᠡᠮ ᠵᠢᠷᠤᠮ ᠤᠨ ᠭᠤᠤᠯᠯᠠᠬᠴᠢ ᠦᠷᠳᠡᠭ ᠤᠨ ᠦᠵᠡᠯᠳᠠ ᠪᠠᠷ ᠰᠤᠶᠤᠯ ᠤᠨ | ᠪᠠᠶᠢᠭᠤᠯᠤᠯᠳᠠ ᠶᠢ ᠬᠦᠳᠦᠯᠤᠨ ᠲᠠᠭᠠᠭᠤᠯᠬᠤ ᠲᠦᠷᠢᠮ ᠢ ᠪᠠᠷᠢᠮᠳᠠᠯᠠᠵᠤ᠂ ᠠᠷᠠᠳ ᠲᠦᠮᠡᠨ ᠤ ᠰᠤᠶᠤᠯ ᠤᠨ ᠡᠷᠭᠡ | ᠠᠰᠢᠭ ᠢ ᠪᠠᠳᠤᠯᠬᠠᠤ ᠲᠦᠷᠢᠮ ᠢ ᠪᠦᠷᠢᠨᠰᠢᠬᠦᠯᠵᠤ᠂ ᠵᠦᠪ ᠤᠳᠤᠷᠢᠳᠤᠮᠵᠢ ᠶᠢ ᠪᠠᠷᠢᠮᠳᠠᠯᠠᠬᠤ ᠶᠠᠷᠢᠶ᠎ᠡ ᠬᠡᠯᠡᠯᠴᠡᠭᠡᠨ ᠤ | ᠤᠳᠤᠷᠢᠳᠤᠮᠵᠢ ᠶᠢᠨ ᠠᠵᠢᠯ ᠤᠨ ᠲᠤᠬᠳᠠᠴᠠ ᠶᠢ ᠲᠡᠬᠦᠯᠳᠡᠷᠵᠢᠬᠦᠯᠵᠤ᠂ ᠨᠡᠶᠢᠭᠡᠮ ᠤᠨ ᠦᠷ᠎ᠡ ᠠᠰᠢᠭ ᠢ ᠲᠡᠷᠢᠬᠦᠨ | ᠪᠠᠶᠢᠷᠢᠨ ᠳᠤ ᠲᠠᠯᠪᠢᠬᠤ᠂ ᠨᠡᠶᠢᠭᠡᠮ ᠤᠨ ᠦᠷ᠎ᠡ ᠠᠰᠢᠭ ᠪᠤᠯᠤᠨ ᠠᠵᠤ ᠠᠬᠤᠢ ᠶᠢᠨ ᠦᠷ᠎ᠡ ᠠᠰᠢᠭ ᠢ ᠨᠢᠭᠡᠳᠭᠡᠬᠦ | ᠰᠤᠶᠤᠯ ᠤᠨ ᠵᠤᠬᠢᠶᠠᠨ ᠪᠦᠳᠦᠭᠡᠯᠳᠠ ᠦᠢᠯᠡᠳᠪᠤᠷᠢᠯᠡᠯ ᠤᠨ ᠪᠠᠶᠢᠭᠤᠯᠤᠮᠵᠢ ᠲᠤᠬᠳᠠᠴᠠ ᠶᠢ ᠪᠠᠶᠢᠭᠤᠯᠤᠨ | ᠪᠦᠷᠢᠨᠰᠢᠬᠦᠯᠬᠦ ᠭᠡᠷᠡᠭᠳᠠᠢ ᠭᠡᠵᠤ ᠲᠤᠷᠠᠳᠪᠠ᠃ | ᠪᠦᠬᠦᠳᠠ ᠬᠤᠷᠠᠯ ᠠᠴᠠ᠂ ᠬᠤᠳᠠ ᠬᠦᠳᠡᠭᠡ ᠶᠢ ᠨᠢᠭᠡᠳᠦᠯᠳᠠᠢ ᠲᠦᠯᠦᠪᠵᠢᠬᠦᠯᠦᠭᠰᠡᠨ ᠠᠷᠠᠳ ᠤᠨ | ᠠᠮᠢᠳᠤᠷᠠᠯ ᠤᠨ ᠪᠠᠳᠤᠯᠠᠭ᠎ᠠ ᠶᠢᠨ ᠲᠦᠷᠢᠮ ᠢ ᠪᠠᠷᠢᠮᠳᠠᠯᠠᠨ ᠲᠡᠬᠦᠯᠳᠡᠷᠵᠢᠬᠦᠯᠵᠤ᠂ ᠠᠷᠠᠳ ᠲᠦᠮᠡᠨ ᠤ ᠡᠳᠦᠷ ᠢᠷᠡᠬᠦᠶ᠎ᠡ | ᠨᠡᠮᠡᠭᠳᠡᠵᠤ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠭᠡᠷᠡᠭᠴᠡᠭᠡ ᠶᠢ ᠬᠠᠩᠭᠠᠨ᠎ᠠ᠃ ᠠᠷᠠᠳ ᠲᠦᠮᠡᠨ ᠤ ᠠᠵᠠ | ᠵᠢᠷᠭᠠᠯ ᠢ ᠨᠡᠮᠡᠭᠳᠡᠬᠦᠯᠵᠤ᠂ ᠬᠦᠮᠦᠨ ᠤ ᠪᠦᠬᠦ ᠲᠠᠯ᠎ᠡ ᠶᠢᠨ ᠬᠦᠭᠵᠢᠯᠳᠠ ᠶᠢ ᠠᠬᠢᠭᠤᠯᠬᠤ ᠪᠤᠯ ᠮᠠᠨ ᠤ ᠨᠠᠮ ᠤᠨ | ᠨᠡᠶᠢᠳᠠ ᠶᠢᠨ ᠲᠦᠯᠦᠭᠡ ᠨᠠᠮ ᠪᠠᠶᠢᠭᠤᠯᠬᠤ᠂ ᠠᠷᠠᠳ ᠤᠨ ᠲᠦᠯᠦᠭᠡ ᠵᠠᠰᠠᠭ ᠪᠠᠷᠢᠬᠤ ᠶᠢᠨ ᠮᠦᠨ ᠴᠢᠨᠠᠷ ᠤᠨ | ᠱᠠᠭᠠᠷᠳᠠᠯᠭ᠎ᠠ ᠪᠤᠯᠤᠨ᠎ᠡ᠃ ᠡᠷᠭᠡᠪᠰᠢ ᠪᠠᠯᠴᠢᠷ ᠲᠤᠨᠢ ᠪᠤᠶᠢᠵᠢᠭᠤᠯᠬᠤ ᠭᠠᠵᠠᠷ ᠲᠠᠢ᠂ ᠰᠤᠷᠤᠯᠴᠠᠬᠤ ᠠᠴᠠ ᠰᠤᠷᠭᠠᠨ | ᠬᠦᠮᠦᠵᠢᠯ ᠲᠠᠢ᠂ ᠬᠦᠳᠡᠯᠮᠦᠷᠢᠯᠡᠪᠡᠯ ᠬᠦᠯᠦᠰᠤ ᠤᠯᠭᠤᠮᠵᠢ ᠲᠠᠢ᠂ ᠡᠪᠡᠳᠴᠢᠯᠡᠪᠡᠯ ᠦᠵᠡᠭᠦᠯᠬᠦ ᠡᠮᠨᠡᠯᠭᠡ ᠲᠠᠢ᠂ | ᠦᠳᠡᠯᠪᠡᠯ ᠬᠦᠷᠳᠡᠬᠦ ᠠᠰᠠᠷᠠᠮᠵᠢ ᠲᠠᠢ᠂ ᠰᠠᠭᠤᠬᠤ ᠠᠴᠠ ᠤᠷᠤᠨ ᠰᠠᠭᠤᠴᠠ ᠲᠠᠢ᠂ ᠪᠠᠭᠤᠷᠠᠶᠢᠴᠤᠤᠯ ᠨᠢ ᠬᠦᠷᠳᠡᠬᠦ | ᠲᠤᠰᠠᠯᠠᠮᠵᠢ ᠲᠠᠢ ᠵᠡᠷᠭᠡ ᠲᠠᠯ᠎ᠡ ᠶᠢᠨ ᠤᠯᠤᠰ ᠤᠨ ᠦᠨᠳᠦᠰᠦᠨ ᠤᠯᠠᠨ ᠨᠠᠶᠢᠳᠠ ᠶᠢᠨ ᠦᠢᠯᠡᠴᠢᠯᠡᠭᠡᠨ ᠤ ᠲᠦᠷᠢᠮ ᠤᠨ | ᠰᠢᠰᠲᠧᠮ ᠢ ᠪᠦᠷᠢᠨᠰᠢᠬᠦᠯᠵᠤ᠂ ᠲᠦᠭᠡᠮᠡᠯ ᠠᠰᠢᠭ ᠬᠦᠷᠳᠡᠭᠡᠬᠦ ᠴᠢᠨᠠᠷᠳᠠᠢ᠂ ᠰᠠᠭᠤᠷᠢ ᠴᠢᠨᠠᠷᠳᠠᠢ᠂ ᠦᠨᠳᠦᠰᠦᠨ | ᠵᠦᠢᠯ ᠢ ᠪᠠᠳᠤᠯᠠᠬᠤ ᠴᠢᠨᠠᠷᠳᠠᠢ ᠠᠷᠠᠳ ᠤᠨ ᠠᠮᠢᠳᠤᠷᠠᠯ ᠤᠨ ᠪᠦᠲᠦᠭᠡᠨ ᠪᠠᠶᠢᠭᠤᠯᠤᠯᠳᠠ ᠶᠢ ᠴᠢᠩᠭᠠᠳᠬᠠᠬᠤ ᠶᠢ | ᠠᠩᠬᠠᠷᠴᠤ᠂ ᠤᠯᠠᠨ ᠲᠦᠮᠡᠨ ᠤ ᠦᠨᠳᠦᠰᠦᠨ ᠠᠮᠢᠳᠤᠷᠠᠯ ᠢ ᠪᠠᠳᠤᠯᠠᠬᠤ ᠭᠡᠷᠡᠭᠳᠠᠢ᠃ ᠠᠷᠠᠳ ᠲᠦᠮᠡᠨ ᠤ ᠤᠯᠠᠨ | ᠲᠠᠰ ᠲᠠᠪᠬᠤᠷᠭ᠎ᠠ ᠶᠢᠨ ᠤᠯᠠᠨ ᠶᠠᠩᠵᠤᠴᠢᠯᠠᠬᠰᠡᠨ ᠭᠡᠷᠡᠭᠴᠡᠭᠡ ᠶᠢ ᠬᠠᠨᠭ᠍ᠭᠠᠵᠤ᠂ ᠦᠭᠡᠷᠡᠴᠢᠯᠡᠯᠳᠠ ᠬᠦᠭᠵᠢᠯᠳᠠ ᠶᠢᠨ | ᠦᠷ᠎ᠡ ᠪᠦᠳᠦᠭᠡᠯ ᠢ ᠨᠡᠩ ᠤᠯᠠᠨ ᠨᠡᠩ ᠡᠷᠬᠡ ᠳᠡᠭᠰᠢ ᠪᠠᠷ ᠪᠦᠬᠦ ᠠᠷᠠᠳ ᠲᠦᠮᠡᠨ ᠳᠤ ᠬᠦᠷᠳᠡᠭᠡᠬᠦ ᠭᠡᠷᠡᠭᠳᠠᠢ᠃ ᠨᠡᠩ | ᠬᠦᠢᠴᠡᠳ ᠨᠡᠩ ᠴᠢᠨᠠᠷ ᠰᠠᠶᠢᠳᠠᠢ ᠠᠵᠢᠯ ᠤᠯᠭᠤᠯᠳᠠ ᠳᠤ ᠠᠰᠢᠬᠳᠠᠢ ᠠᠬᠢᠭᠤᠯᠬᠤ ᠲᠤᠬᠳᠠᠴᠠ ᠶᠢ ᠪᠦᠷᠢᠨᠰᠢᠬᠦᠯᠵᠤ᠂ | ᠪᠦᠬᠦ ᠠᠷᠠᠳ ᠤᠨ ᠨᠠᠰᠤᠨ ᠲᠤᠷᠰᠢᠳᠠ ᠶᠢᠨ ᠰᠤᠷᠤᠯᠴᠠᠯᠭ᠎ᠠ ᠳᠤ ᠦᠢᠯᠡᠴᠢᠯᠡᠬᠦ ᠰᠤᠷᠭᠠᠨ ᠬᠦᠮᠦᠵᠢᠯ ᠤᠨ ᠰᠢᠰᠲᠧᠮ ᠢ | ᠪᠠᠶᠢᠭᠤᠯᠵᠤ᠂ ᠪᠦᠬᠦ ᠠᠷᠠᠳ ᠢ ᠬᠠᠮᠤᠷᠤᠬᠰᠡᠨ ᠨᠡᠶᠢᠭᠡᠮ ᠤᠨ ᠪᠠᠳᠤᠯᠠᠭ᠎ᠠ ᠶᠢᠨ ᠰᠢᠰᠲ᠋ᠧᠮ ᠢ ᠲᠡᠬᠦᠯᠳᠡᠷᠵᠢᠬᠦᠯᠵᠤ᠂ | ᠠᠷᠠᠳ ᠲᠦᠮᠡᠨ ᠤ ᠡᠷᠡᠬᠦᠯ ᠮᠠᠨᠳᠤ ᠶᠢᠨ ᠲᠦᠪᠰᠢᠨ ᠢ ᠲᠡᠭᠡᠭᠰᠢᠯᠡᠬᠦᠯᠬᠦ ᠲᠦᠷᠢᠮ ᠤᠨ ᠪᠠᠳᠤᠯᠠᠭ᠎ᠠ ᠶᠢ ᠴᠢᠩᠭᠠᠳᠬᠠᠬᠤ | ᠭᠡᠷᠡᠭᠳᠠᠢ᠃ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠢᠯᠠᠯᠳᠠ ᠶᠢ ᠡᠷᠡᠰ | ᠲᠡᠮᠡᠴᠡᠨ ᠤᠯᠵᠤ᠂ ᠬᠠᠷᠢᠴᠠᠩᠭᠤᠢ ᠶᠠᠳᠠᠭᠤ ᠬᠦᠴᠢᠷᠳᠡᠯ ᠢ ᠰᠢᠢᠳᠪᠤᠷᠢᠯᠡᠬᠦ ᠤᠷᠳᠤ ᠬᠤᠭᠤᠴᠠᠭᠠᠨ ᠤ ᠪᠦᠳᠦᠮᠵᠢᠳᠠᠢ | ᠲᠤᠬᠳᠠᠴᠠ ᠶᠢ ᠪᠠᠶᠢᠭᠤᠯᠬᠤ ᠭᠡᠷᠡᠭᠳᠠᠢ ᠭᠡᠵᠤ ᠲᠤᠷᠠᠳᠪᠠ᠃ | ᠬᠤᠷᠠᠯ ᠠᠴᠠ᠂ ᠬᠠᠮᠳᠤ ᠪᠠᠷ ᠪᠠᠶᠢᠭᠤᠯᠵᠤ ᠬᠠᠮᠳᠤ ᠪᠠᠷ ᠵᠠᠰᠠᠵᠤ ᠬᠠᠮᠳᠤ ᠪᠠᠷ ᠡᠳ᠋ᠯᠡᠬᠦ ᠨᠡᠶᠢᠭᠡᠮ ᠤᠨ | ᠵᠠᠰᠠᠯᠳᠠ ᠶᠢᠨ ᠲᠦᠷᠢᠮ ᠢ ᠪᠠᠷᠢᠮᠳᠠᠯᠠᠨ ᠲᠡᠬᠦᠯᠳᠡᠷᠵᠢᠬᠦᠯᠵᠤ᠂ ᠨᠡᠶᠢᠭᠡᠮ ᠤᠨ ᠲᠤᠬᠳᠠᠭᠤᠨ ᠢ ᠪᠠᠳᠤᠯᠠᠵᠤ᠂ ᠤᠯᠤᠰ ᠤᠨ | ᠠᠮᠤᠷ ᠲᠦᠪᠰᠢᠨ ᠢ ᠬᠠᠮᠠᠭᠠᠯᠠᠨ᠎ᠠ᠃ ᠨᠡᠶᠢᠭᠡᠮ ᠤᠨ ᠵᠠᠰᠠᠯᠳᠠ ᠪᠤᠯ ᠤᠯᠤᠰ ᠤᠨ ᠵᠠᠰᠠᠯᠳᠠ ᠶᠢᠨ ᠴᠢᠬᠤᠯᠠ ᠲᠠᠯ᠎ᠡ | ᠪᠤᠯᠤᠨ᠎ᠡ᠃ ᠡᠷᠬᠡᠪᠰᠢ ᠨᠡᠶᠢᠭᠡᠮ ᠤᠨ ᠵᠠᠰᠠᠯᠳᠠ ᠶᠢ ᠴᠢᠩᠭᠠᠳᠬᠠᠨ ᠰᠢᠨᠡᠴᠢᠯᠡᠵᠤ᠂ ᠨᠠᠮ ᠤᠨ ᠬᠤᠷᠢᠶᠠᠨ ᠠᠴᠠ | ᠤᠳᠤᠷᠢᠳᠤᠭᠰᠠᠨ᠂ ᠵᠠᠰᠠᠭ ᠤᠨ ᠤᠷᠳᠤᠨ ᠠᠴᠠ ᠬᠠᠷᠢᠭᠤᠴᠠᠭᠰᠠᠨ᠂ ᠠᠷᠠᠳᠴᠢᠯᠡᠯ ᠢᠶᠠᠷ ᠵᠦᠪᠯᠡᠬᠦ᠂ | ᠨᠡᠶᠢᠭᠡᠮ ᠢᠶᠠᠷ ᠢᠶᠠᠨ ᠬᠠᠮᠵᠢᠯᠴᠠᠬᠤ᠂ ᠤᠯᠠᠨ ᠨᠡᠶᠢᠳᠠ ᠪᠠᠷ ᠢᠶᠠᠨ ᠤᠷᠤᠯᠴᠠᠭᠰᠠᠨ᠂ ᠬᠠᠤᠯᠢᠵᠢᠯ ᠢᠶᠠᠷ ᠪᠠᠳᠤᠯᠠᠭᠰᠠᠨ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠲᠤᠯᠭᠠᠭᠤᠷᠢᠯᠠᠬᠰᠡᠨ ᠨᠡᠶᠢᠭᠡᠮ ᠤᠨ ᠵᠠᠰᠠᠯᠳᠠ ᠶᠢᠨ ᠰᠢᠰᠲ᠋ᠧᠮ ᠢ | ᠲᠡᠬᠦᠯᠳᠡᠷᠵᠢᠬᠦᠯᠤᠨ᠂ ᠬᠦᠮᠦᠨ ᠪᠦᠬᠦᠨ ᠬᠠᠷᠢᠭᠤᠴᠠᠯᠭ᠎ᠠ ᠲᠠᠢ᠂ ᠬᠦᠮᠦᠨ ᠪᠦᠬᠦᠨ ᠬᠠᠷᠢᠭᠤᠴᠠᠯᠭ᠎ᠠ ᠪᠠᠨ ᠬᠦᠢᠴᠡᠳᠭᠡᠬᠦ | ᠂ ᠬᠦᠮᠦᠨ ᠪᠦᠬᠦᠨ ᠡᠳ᠋ᠯᠡᠬᠦ ᠨᠡᠶᠢᠭᠡᠮ ᠤᠨ ᠵᠠᠰᠠᠯᠳᠠ ᠶᠢᠨ ᠬᠠᠮᠳᠤ ᠶᠢᠨ ᠴᠤᠬᠴᠠ ᠶᠢ ᠪᠠᠶᠢᠭᠤᠯᠵᠤ᠂ ᠠᠷᠠᠳ ᠲᠦᠮᠡᠨ | ᠠᠮᠤᠷ ᠵᠢᠮᠦᠷ ᠠᠵᠤ ᠲᠦᠷᠦᠬᠦ᠂ ᠨᠡᠶᠢᠭᠡᠮ ᠠᠮᠤᠷ ᠳᠤᠭᠳᠠᠭᠤᠨ ᠡᠮᠬᠢ ᠲᠢᠭᠯᠢᠮ ᠲᠠᠢ ᠪᠠᠶᠢᠬᠤ ᠶᠢ ᠦᠨᠡᠨ ᠬᠦ | ᠪᠠᠳᠤᠯᠠᠵᠤ᠂ ᠨᠡᠩ ᠦᠨᠳᠦᠷ ᠲᠦᠪᠰᠢᠨ ᠪᠦᠬᠦᠢ ᠠᠮᠤᠭᠤᠯᠠᠩᠳᠤ ᠲᠤᠮᠳᠠᠳᠤ ᠤᠯᠤᠰ ᠢ ᠪᠠᠶᠢᠭᠤᠯᠬᠤ ᠭᠡᠷᠡᠭᠳᠠᠢ᠃ | ᠰᠢᠨ᠎ᠡ ᠪᠠᠶᠢᠳᠠᠯ ᠲᠤᠤᠷᠠᠬᠢ ᠠᠷᠠᠳ ᠤᠨ ᠲᠤᠳᠤᠭᠠᠳᠤ ᠶᠢᠨ ᠵᠦᠷᠢᠴᠡᠯ ᠢ ᠵᠦᠪ ᠢᠶᠠᠷ ᠰᠢᠢᠳᠪᠤᠷᠢᠯᠡᠬᠦ ᠪᠦᠳᠦᠮᠵᠢᠳᠠᠢ | ᠲᠤᠬᠳᠠᠴᠠ ᠶᠢ ᠲᠡᠬᠦᠯᠳᠡᠷᠵᠢᠬᠦᠯᠵᠤ᠂ ᠨᠡᠶᠢᠭᠡᠮ ᠤᠨ ᠠᠮᠤᠷ ᠢ ᠬᠠᠮᠠᠭᠠᠯᠠᠬᠤ ᠰᠡᠷᠭᠡᠶᠢᠯᠡᠨ ᠡᠵᠡᠮᠳᠡᠬᠦ ᠰᠢᠰᠲ᠋ᠧᠮ ᠢ | ᠲᠡᠬᠦᠯᠳᠡᠷᠵᠢᠬᠦᠯᠤᠨ᠂ ᠤᠯᠠᠨ ᠨᠡᠶᠢᠳᠠ ᠶᠢᠨ ᠠᠮᠤᠷ ᠲᠦᠪᠰᠢᠨ ᠤ ᠪᠠᠶᠢᠭᠤᠯᠤᠮᠵᠢ ᠲᠤᠬᠳᠠᠴᠠ ᠶᠢ ᠪᠦᠷᠢᠨᠰᠢᠬᠦᠯᠵᠤ᠂ | ᠦᠨᠳᠦᠰᠦᠨ ᠱᠠᠳᠤᠨ ᠤ ᠨᠡᠶᠢᠭᠡᠮ ᠤᠨ ᠵᠠᠰᠠᠯᠳᠠ ᠶᠢᠨ ᠰᠢᠨ᠎ᠡ ᠪᠠᠶᠢᠷᠢᠰᠢᠯ ᠢ ᠪᠠᠶᠢᠭᠤᠯᠤᠨ᠂ ᠤᠯᠤᠰ ᠤᠨ ᠠᠮᠤᠷ | ᠲᠦᠪᠰᠢᠨ ᠤ ᠰᠢᠰᠲ᠋ᠧᠮ ᠢ ᠲᠡᠬᠦᠯᠳᠡᠷᠵᠢᠬᠦᠯᠬᠦ ᠭᠡᠷᠡᠭᠳᠠᠢ ᠭᠡᠵᠤ ᠲᠤᠷᠠᠳᠪᠠ᠃ | ᠪᠦᠬᠦᠳᠠ ᠬᠤᠷᠠᠯ ᠠᠴᠠ᠂ ᠠᠮᠢ ᠠᠬᠤᠢ ᠶᠢᠨ ᠪᠤᠯᠪᠠᠰᠤᠨ ᠤ ᠲᠦᠷᠢᠮ ᠤᠨ ᠰᠢᠰᠲ᠋ᠧᠮ ᠢ ᠪᠠᠷᠢᠮᠳᠠᠯᠠᠨ | ᠲᠡᠬᠦᠯᠳᠡᠷᠵᠢᠬᠦᠯᠵᠤ᠂ ᠬᠦᠮᠦᠨ ᠪᠠᠶᠢᠭᠠᠯᠢ ᠡᠶ᠎ᠡ ᠵᠤᠬᠢᠴᠠᠩᠭᠤᠢ ᠪᠠᠷ ᠬᠠᠮᠳᠤ ᠤᠷᠤᠰᠢᠬᠤ ᠶᠢ ᠠᠬᠢᠭᠤᠯᠤᠨ᠎ᠠ᠃ ᠠᠮᠢ | ᠠᠬᠤᠢ ᠶᠢᠨ ᠪᠤᠯᠪᠠᠰᠤᠨ ᠤ ᠪᠠᠶᠢᠭᠤᠯᠤᠯᠳᠠ ᠪᠤᠯ ᠲᠤᠮᠳᠠᠳᠤ ᠶᠢᠨ ᠦᠨᠳᠦᠰᠦᠳᠡᠨ ᠤ ᠦᠨᠢᠳᠡ ᠶᠢᠨ ᠬᠦᠭᠵᠢᠯᠳᠡ ᠲᠠᠢ | ᠬᠤᠯᠪᠤᠬᠳᠠᠬᠤ ᠮᠢᠩᠭᠠᠨ ᠤᠨ ᠤ ᠶᠡᠭᠡ ᠪᠤᠳᠤᠯᠭ᠎ᠠ ᠪᠤᠯᠤᠨ᠎ᠡ᠃ ᠡᠷᠬᠡᠪᠰᠢ ᠬᠦᠭᠡᠮᠳᠦᠭ ᠨᠤᠭᠤᠭᠠᠨ ᠠᠭᠤᠯᠠ ᠤᠰᠤ | ᠪᠤᠯ ᠲᠠᠷᠤᠢ ᠠᠯᠳᠠ ᠮᠦᠡᠭᠭᠦᠨ ᠠᠭᠤᠯᠠ ᠪᠤᠯᠬᠤ ᠤᠢᠢᠯᠠᠭᠠᠬᠳᠠᠬᠤᠨ ᠢ ᠦᠢᠯᠡᠳᠦᠯᠭᠡᠵᠢᠬᠦᠯᠵᠤ᠂ ᠡᠬᠢ ᠪᠠᠶᠠᠯᠢᠭ ᠢ | ᠠᠷᠪᠢᠯᠠᠬᠤ ᠪᠠ ᠤᠷᠴᠢᠨ ᠲᠤᠭᠤᠷᠢᠨ ᠢ ᠬᠠᠮᠠᠭᠠᠯᠠᠬᠤ ᠦᠨᠳᠦᠰᠦᠨ ᠤᠯᠤᠰ ᠤᠨ ᠪᠤᠳᠤᠯᠭ᠎ᠠ ᠶᠢ ᠪᠠᠷᠢᠮᠳᠠᠯᠠᠵᠤ᠂ | ᠠᠷᠪᠢᠯᠠᠬᠤ ᠶᠢ ᠲᠡᠷᠢᠭᠦᠨ ᠳᠤ ᠲᠠᠯᠪᠢᠬᠤ᠂ ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠠᠶᠠᠨᠳᠠᠭᠠᠨ ᠰᠡᠷᠬᠦᠬᠦ ᠪᠠᠷ | ᠭᠤᠤᠯ ᠪᠤᠯᠭᠠᠬᠤ ᠴᠢᠭᠯᠡᠯᠳᠠ ᠶᠢ ᠪᠠᠷᠢᠮᠳᠠᠯᠠᠵᠤ᠂ ᠦᠢᠯᠡᠳᠪᠤᠷᠢᠯᠡᠯ ᠬᠦᠭᠵᠢᠭᠰᠡᠨ᠂ ᠠᠮᠢᠳᠤᠷᠠᠯ ᠴᠢᠨᠡᠭᠡᠯᠢᠭᠵᠢᠭᠰᠡᠨ᠂ | ᠠᠮᠢ ᠠᠬᠤᠢ ᠰᠠᠶᠢᠨ ᠰᠠᠶᠢᠬᠠᠨ ᠪᠠᠶᠢᠬᠤ ᠪᠤᠯᠪᠠᠰᠤᠨ ᠬᠦᠭᠵᠢᠯᠳᠠ ᠶᠢᠨ ᠵᠠᠮ ᠢᠶᠠᠷ ᠡᠷᠡᠰ ᠵᠠᠮᠨᠠᠵᠤ᠂ ᠦᠵᠡᠰᠬᠦᠯᠡᠩᠳᠤ | ᠰᠠᠶᠢᠬᠠᠨ ᠲᠤᠮᠳᠠᠳᠤ ᠤᠯᠤᠰ ᠢ ᠪᠦᠳᠦᠭᠡᠨ ᠪᠠᠶᠢᠭᠤᠯᠬᠤ ᠭᠡᠷᠡᠭᠳᠠᠢ᠃ ᠬᠠᠮᠤᠭ ᠤᠨ ᠴᠢᠩᠭ᠎ᠠ ᠠᠮᠢ ᠠᠬᠤᠢ ᠤᠷᠴᠢᠨ | ᠲᠤᠭᠤᠷᠢᠨ ᠤ ᠬᠠᠮᠠᠭᠠᠯᠠᠯᠳᠠ ᠶᠢᠨ ᠲᠦᠷᠢᠮ ᠢ ᠭᠡᠷᠡᠭᠵᠢᠬᠦᠯᠵᠤ᠂ ᠡᠬᠢ ᠪᠠᠶᠠᠯᠢᠭ ᠢ ᠪᠦᠳᠦᠮᠵᠢᠳᠠᠢ ᠠᠰᠢᠬᠯᠠᠬᠤ | ᠲᠦᠷᠢᠮ ᠢ ᠪᠦᠬᠦ ᠲᠠᠯ᠎ᠡ ᠪᠠᠷ ᠲᠤᠬᠳᠠᠭᠠᠵᠤ᠂ ᠠᠮᠢ ᠠᠬᠤᠢ ᠶᠢᠨ ᠬᠠᠮᠠᠭᠠᠯᠠᠯᠳᠠ ᠪᠠ ᠵᠠᠰᠠᠵᠤ ᠰᠡᠷᠭᠦᠭᠡᠬᠦ ᠲᠦᠷᠢᠮ ᠢ | ᠪᠦᠷᠢᠨᠰᠢᠬᠦᠯᠵᠤ᠂ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠠᠷᠢᠭᠤᠴᠠᠯᠭ᠎ᠠ ᠶᠢᠨ ᠲᠦᠷᠢᠮ ᠢ | ᠴᠢᠩᠭ᠎ᠠ ᠲᠤᠳᠤᠷᠬᠠᠢᠢᠯᠠᠬᠤ ᠭᠡᠷᠡᠭᠳᠠᠢ ᠭᠡᠵᠤ ᠲᠤᠷᠠᠳᠪᠠ᠃ | ᠪᠦᠬᠦᠲᠡ ᠬᠤᠷᠠᠯ ᠠᠴᠠ᠂ ᠨᠠᠮ ᠠᠷᠠᠳ ᠤᠨ ᠴᠡᠷᠢᠭ ᠠᠩᠭᠢ ᠶᠢ ᠬᠠᠷᠢᠴᠠᠯᠠᠰᠢᠭᠦᠢ ᠤᠲᠤᠷᠢᠳᠬᠤ ᠲᠦᠷᠢᠮ ᠢ | ᠪᠠᠷᠢᠮᠲᠠᠯᠠᠠ ᠲᠡᠭᠦᠯᠲᠡᠷᠵᠢᠭᠦᠯᠵᠦ᠂ ᠠᠷᠠᠳ ᠤᠨ ᠴᠡᠷᠢᠭ ᠠᠩᠭᠢ ᠶᠢᠨ ᠰᠢᠨ᠎ᠠ ᠴᠠᠭ ᠦᠶ᠎ᠠ ᠶᠢᠨ ᠬᠠᠷᠢᠭᠤᠴᠠᠯᠭ᠎ᠠ | ᠡᠬᠦᠷᠭᠡ ᠪᠠᠨ ᠦᠨᠡᠡᠴᠢ ᠪᠠᠷ ᠬᠦᠢᠴᠡᠳᠭᠡᠬᠦ ᠶᠢ ᠪᠠᠲᠤᠯᠠᠨ᠎ᠠ᠃ ᠨᠠᠮ ᠤᠨ ᠠᠷᠠᠳ ᠤᠨ ᠴᠡᠷᠢᠭ ᠠᠩᠭᠢ ᠳᠠᠬᠢ | ᠬᠠᠷᠢᠴᠠᠯᠠᠰᠢᠭᠦᠢ ᠤᠲᠤᠷᠢᠲᠤᠯᠭ᠎ᠠ ᠪᠤᠯ ᠠᠷᠠᠳ ᠤᠨ ᠴᠡᠷᠢᠭ ᠠᠩᠭᠢ ᠶᠢᠨ ᠪᠠᠶᠢᠭᠤᠯᠤᠯᠲᠠ ᠶᠢᠨ ᠦᠨᠲᠦᠰᠦ᠂ ᠴᠡᠷᠢᠭ ᠢ | ᠬᠦᠴᠦᠷᠭᠡᠭᠵᠢᠭᠦᠯᠬᠦ ᠰᠦᠭ ᠰᠦᠨᠡᠰᠦ ᠮᠦᠨ᠃ ᠡᠷᠬᠡᠪᠰᠢ ᠰᠢ ᠶᠢᠨ ᠫᠢᠩ ᠤᠨ ᠴᠡᠷᠢᠭ ᠢ ᠬᠦᠴᠦᠷᠭᠡᠭᠵᠢᠭᠦᠯᠬᠦ ᠦᠵᠡᠯ | ᠰᠠᠨᠠᠭ᠎ᠠ ᠶᠢᠨ ᠤᠯᠤᠰ ᠤᠨ ᠪᠠᠲᠤᠯᠠᠠ ᠬᠠᠮᠠᠭᠠᠯᠠᠯᠲᠠ ᠪᠤᠯᠤᠨ ᠴᠡᠷᠢᠭ ᠠᠩᠭᠢ ᠶᠢᠨ ᠪᠦᠲᠦᠭᠡᠡ ᠪᠠᠶᠢᠭᠤᠯᠤᠯᠲᠠ ᠳᠠᠬᠢ | ᠵᠢᠯᠤᠭᠤᠳᠬᠤ ᠪᠠᠶᠢᠷᠢ ᠰᠠᠭᠤᠷᠢ ᠶᠢ ᠪᠡᠲᠦ ᠪᠠᠬᠢ ᠲᠤᠭᠲᠠᠭᠠᠵᠦ᠂ ᠤᠯᠤᠰ ᠤᠨ ᠪᠠᠲᠤᠯᠠᠠ ᠬᠠᠮᠠᠭᠠᠯᠠᠯᠲᠠ ᠪᠤᠯᠤᠨ | ᠴᠡᠷᠢᠭ ᠠᠩᠭᠢ ᠶᠢᠨ ᠦᠭᠡᠷᠡᠴᠢᠯᠡᠯᠲᠡ ᠶᠢ ᠬᠦᠨᠵᠡᠭᠡᠶᠢᠷᠡᠭᠦᠯᠦᠭᠰᠡᠡ ᠠᠮᠵᠢᠯᠲᠠ ᠪᠦᠲᠦᠮᠵᠢ ᠶᠢ ᠪᠠᠬᠢᠵᠢᠭᠦᠯᠦᠨ | ᠦᠷᠭᠡᠳᠭᠡᠵᠦ᠂ ᠲᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠴᠡᠷᠢᠭ ᠤᠨ ᠶᠠᠪᠤᠲᠠᠯ ᠤᠨ | ᠲᠦᠷᠦ ᠶᠢᠨ ᠪᠤᠲᠤᠯᠭ᠎ᠠ ᠲᠦᠷᠢᠮ ᠲᠤᠭᠲᠠᠭᠠᠯ ᠤᠨ ᠰᠢᠰᠲ᠋ᠧᠮ ᠢ ᠪᠠᠶᠢᠭᠤᠯᠵᠦ᠂ ᠤᠯᠤᠰ ᠤᠨ ᠪᠠᠲᠤᠯᠠᠠ ᠬᠠᠮᠠᠭᠠᠯᠠᠯᠲᠠ | ᠪᠤᠯᠤᠨ ᠴᠡᠷᠢᠭ ᠠᠩᠭᠢ ᠶᠢᠨ ᠤᠲᠤᠬᠢᠴᠢᠯᠠᠯᠲᠠ ᠶᠢ ᠪᠦᠬᠦ ᠲᠠᠯ᠎ᠠ ᠪᠠᠷ ᠠᠬᠢᠭᠤᠯᠵᠦ᠂ ᠨᠠᠮ ᠤᠨ ᠰᠢᠨ᠎ᠠ ᠴᠠᠭ | ᠦᠶ᠎ᠠ ᠶᠢᠨ ᠴᠡᠷᠢᠭ ᠢ ᠬᠦᠴᠦᠷᠭᠡᠭᠵᠢᠭᠦᠯᠬᠦ ᠬᠠᠷᠠᠯᠲᠠ ᠶᠢ ᠪᠡᠶᠡᠯᠡᠭᠦᠯᠬᠦ ᠶᠢ ᠪᠠᠲᠤᠯᠠᠵᠦ᠂ ᠠᠷᠠᠳ ᠤᠨ ᠴᠡᠷᠢᠭ | ᠠᠩᠭᠢ ᠶᠢ ᠲᠡᠯᠡᠭᠡᠢ ᠶᠢᠨ ᠲᠡᠷᠢᠭᠦᠨ ᠵᠡᠷᠭᠡ ᠶᠢᠨ ᠴᠡᠷᠢᠭ ᠠᠩᠭᠢ ᠪᠤᠯᠭᠠᠠ ᠪᠦᠬᠦ ᠲᠠᠯ᠎ᠠ ᠪᠠᠷ ᠪᠦᠲᠦᠭᠡᠡ ᠪᠠᠶᠢᠭᠤᠯᠵᠦ᠂ | ᠠᠷᠠᠳ ᠤᠨ ᠴᠡᠷᠢᠭ ᠠᠩᠭᠢ ᠶᠢᠨ ᠰᠢᠨᠵᠢ ᠴᠢᠨᠠᠷ᠂ ᠵᠤᠷᠢᠯᠲᠠ᠂ ᠤᠭ ᠴᠢᠨᠠᠷ ᠢ ᠡᠬᠦᠷᠢᠲᠡ ᠬᠠᠮᠠᠭᠠᠯᠠᠬᠤ ᠭᠡᠷᠡᠭᠲᠡᠢ᠃ | ᠠᠷᠠᠳ ᠤᠨ ᠴᠡᠷᠢᠭ ᠠᠩᠭᠢ ᠶᠢᠨ ᠬᠠᠮᠤᠭ ᠤᠨ ᠲᠡᠭᠡᠲᠦ ᠤᠲᠤᠷᠢᠳᠬᠤ ᠡᠷᠭᠡ ᠪᠤᠯᠤᠨ ᠵᠢᠯᠤᠭᠤᠳᠬᠤ ᠡᠷᠭᠡ ᠶᠢ | ᠨᠠᠮ ᠤᠨ ᠲᠦᠪ ᠬᠤᠷᠢᠶᠠᠠ ᠳᠤ ᠬᠠᠷᠢᠶᠠᠯᠠᠭᠤᠯᠬᠤ ᠶᠢ ᠪᠠᠷᠢᠮᠲᠠᠯᠠᠵᠦ᠂ ᠠᠷᠠᠳ ᠤᠨ ᠴᠡᠷᠢᠭ ᠠᠩᠭᠢ ᠶᠢᠨ ᠨᠠᠮ ᠤᠨ | ᠪᠠᠶᠢᠭᠤᠯᠤᠯᠲᠠ ᠶᠢᠨ ᠲᠦᠷᠢᠮ ᠤᠨ ᠰᠢᠰᠲ᠋ᠧᠮ ᠢ ᠪᠦᠷᠢᠨᠰᠢᠭᠦᠯᠵᠦ᠂ ᠨᠠᠮ ᠤᠨ ᠠᠷᠠᠳ ᠤᠨ ᠴᠡᠷᠢᠭ ᠠᠩᠭᠢ ᠳᠠᠬᠢ | ᠬᠠᠷᠢᠴᠠᠯᠠᠰᠢᠭᠦᠢ ᠤᠲᠤᠷᠢᠲᠤᠯᠭ᠎ᠠ ᠶᠢ ᠴᠡᠷᠢᠭ ᠠᠩᠭᠢ ᠶᠢᠨ ᠪᠦᠲᠦᠭᠡᠡ ᠪᠠᠶᠢᠭᠤᠯᠤᠯᠲᠠ ᠶᠢᠨ ᠡᠯ᠎ᠠ ᠬᠦᠷᠢᠶ᠎ᠠ ᠪᠦᠬᠦ | ᠶᠠᠪᠤᠴᠠ ᠳᠤ ᠲᠤᠭᠤᠰᠢᠯᠠᠭᠤᠯᠬᠤ ᠭᠡᠷᠡᠭᠲᠡᠢ ᠭᠡᠵᠦ ᠲᠤᠷᠠᠳᠪᠠ᠃ | ᠪᠦᠬᠦᠲᠠ ᠬᠤᠷᠠᠯ ᠠᠴᠠ᠂ ︽ᠨᠢᠭᠡ ᠤᠯᠤᠰ ᠬᠤᠶᠠᠷ ᠪᠠᠶᠢᠭᠤᠯᠤᠯ︾ ᠤᠨ ᠲᠦᠷᠢᠮ ᠤᠨ ᠰᠢᠰᠲ᠋ᠧᠮ ᠢ | ᠪᠠᠶᠢᠭᠤᠯᠤᠨ ᠲᠡᠭᠦᠯᠲᠡᠷᠵᠢᠭᠦᠯᠵᠦ᠂ ᠡᠭᠡ ᠤᠯᠤᠰ ᠢᠶᠠᠨ ᠨᠠᠶᠢᠷᠠᠮᠲᠠᠯ ᠢᠶᠠᠷ ᠨᠢᠭᠡᠳᠭᠡᠬᠦ ᠶᠢ ᠠᠬᠢᠭᠤᠯᠤᠨ᠎ᠠ᠃ ︽ᠨᠢᠭᠡ | ᠤᠯᠤᠰ ᠬᠤᠶᠠᠷ ᠪᠠᠶᠢᠭᠤᠯᠤᠯ︾ ᠪᠤᠯ ᠨᠠᠮ ᠠᠷᠠᠳ ᠲᠦᠮᠡᠡ ᠢ ᠤᠲᠤᠷᠢᠳᠴᠤ ᠡᠭᠡ ᠤᠯᠤᠰ ᠢᠶᠠᠨ ᠨᠠᠶᠢᠷᠠᠮᠲᠠᠯ ᠢᠶᠠᠷ | ᠨᠢᠭᠡᠳᠭᠡᠬᠦ ᠨᠢᠭᠡ ᠵᠦᠢᠯ ᠤᠨ ᠴᠢᠬᠤᠯᠠ ᠲᠦᠷᠢᠮ ᠪᠤᠯᠤᠨ᠎ᠠ᠂ ᠲᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ | ᠵᠢᠷᠤᠮ ᠤᠨ ᠨᠢᠭᠡ ᠠᠭᠤᠤ ᠶᠡᠭᠡ ᠡᠬᠦᠲᠦᠯᠲᠡ ᠪᠤᠯᠤᠨ᠎ᠠ᠃ ᠡᠷᠭᠡᠪᠰᠢ ᠦᠨᠲᠦᠰᠤᠨ ᠬᠠᠤᠯᠢ ᠪᠠ ᠦᠨᠲᠦᠰᠦ ᠪᠤᠯᠬᠤ | ᠬᠠᠤᠯᠢ ᠶᠤᠰᠤᠭᠠᠷ ᠰᠢᠶᠠᠩᠭᠠᠩ ᠤᠨᠴᠠᠭᠠᠢ ᠵᠠᠰᠠᠭ ᠵᠠᠬᠢᠷᠭᠠᠠ ᠤ ᠤᠷᠤᠨ᠂ ᠤᠤᠮᠸᠠ ᠤᠨᠴᠠᠭᠠᠢ ᠵᠠᠰᠠᠭ ᠵᠠᠬᠢᠷᠭᠠᠠ ᠤ | ᠤᠷᠤᠨ ᠳᠠᠬᠢ ᠬᠠᠮᠢᠶᠠᠷᠤᠯᠲᠠ ᠵᠠᠰᠠᠯᠲᠠ ᠶᠢ ᠴᠢᠩᠭ᠎ᠠ ᠭᠡᠷᠡᠭᠵᠢᠭᠦᠯᠵᠦ᠂ ᠰᠢᠶᠠᠩᠭᠠᠩ᠂ ᠤᠤᠮᠸᠠ ᠤ ᠤᠷᠲᠤ | ᠬᠤᠭᠤᠴᠠᠭ᠎ᠠ ᠶᠢᠨ ᠴᠡᠴᠡᠭᠯᠡᠯᠲᠡ ᠬᠦᠭᠵᠢᠯᠲᠠ ᠲᠤᠭᠲᠠᠭᠤᠨ ᠪᠠᠶᠢᠲᠠᠯ ᠢ ᠬᠠᠮᠠᠭᠠᠯᠠᠬᠤ ᠭᠡᠷᠡᠭᠲᠡᠢ᠃ ᠤᠨᠴᠠᠭᠠᠢ ᠵᠠᠰᠠᠭ | ᠵᠠᠬᠢᠷᠭᠠᠠ ᠤ ᠤᠷᠤᠨ ᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠬᠠᠤᠯᠢ ᠴᠠᠭᠠᠵᠠ ᠪᠠ ᠲᠦᠷᠢᠮ ᠪᠤᠯᠤᠨ | ᠭᠡᠷᠡᠭᠵᠢᠭᠦᠯᠬᠦ ᠲᠤᠭᠲᠠᠴᠠ ᠶᠢ ᠪᠠᠶᠢᠭᠤᠯᠤᠨ ᠪᠦᠷᠢᠠᠰᠢᠭᠦᠯᠬᠦ ᠬᠡᠷᠡᠭᠲᠡᠢ᠃ ᠡᠭᠡ ᠤᠯᠤᠰ ᠢᠶᠠᠨ ᠨᠠᠶᠢᠷᠠᠮᠲᠠᠯ ᠢᠶᠠᠷ | ᠨᠢᠭᠡᠳᠭᠡᠬᠦ ᠠᠬᠢᠴᠠ ᠶᠢ ᠡᠷᠡᠰ ᠢᠶᠠᠷ ᠠᠬᠢᠭᠤᠯᠵᠦ᠂ ᠬᠤᠶᠠᠷ ᠬᠦᠪᠡᠭᠡᠡ ᠤ ᠰᠤᠯᠢᠯᠴᠠᠭ᠎ᠠ ᠬᠠᠮᠲᠤᠷᠠᠯᠴᠠᠭ᠎ᠠ ᠶᠢ | ᠠᠬᠢᠭᠤᠯᠵᠦ᠂ ᠬᠤᠶᠠᠷ ᠬᠦᠪᠡᠭᠡᠡ ᠤ ᠠᠭᠤᠰᠤᠯᠴᠠᠯ ᠬᠦᠭᠵᠢᠯᠲᠠ ᠶᠢ ᠬᠦᠨᠵᠡᠭᠡᠶᠢᠷᠡᠭᠦᠯᠤᠨ᠂ ᠲᠠᠶᠢᠸᠠᠠ ᠤ ᠠᠬ᠎ᠠ | ᠲᠡᠭᠦᠦ ᠨᠠᠷ ᠤᠨ ᠠᠵᠠ ᠵᠢᠷᠭᠠᠯ ᠢ ᠪᠠᠲᠤᠯᠠᠬᠤ ᠲᠦᠷᠢᠮ ᠤᠨ ᠲᠤᠬᠢᠷᠠᠭᠤᠯᠤᠯᠲᠠ ᠪᠠ ᠲᠦᠷᠦ ᠶᠢᠨ ᠪᠤᠲᠤᠯᠭ᠎ᠠ ᠠᠷᠭ᠎ᠠ | ᠬᠡᠮᠵᠢᠶ᠎ᠠ ᠶᠢ ᠲᠡᠭᠦᠯᠲᠡᠷᠵᠢᠭᠦᠯᠤᠨ᠂ ᠦᠷᠭᠡᠡ ᠤᠯᠠᠠ ᠲᠠᠶᠢᠸᠠᠠ ᠤ ᠠᠬ᠎ᠠ ᠲᠡᠭᠦᠦ ᠨᠠᠷ ᠲᠠᠢ ᠪᠦᠯᠬᠦᠮᠲᠡᠵᠦ ᠪᠠᠶᠢᠭᠠᠳ ︽ | ᠲᠠᠶᠢᠸᠠᠠ ᠢ ᠲᠤᠰᠠᠭᠠᠷ ᠲᠤᠭᠲᠠᠨᠢᠭᠤᠯᠬᠤ︾ ᠠᠵᠢᠯᠯᠠᠭ᠎ᠠ ᠶᠢ ᠡᠰᠡᠷᠭᠦᠴᠡᠵᠦ᠂ ᠨᠢᠭᠡᠲᠦᠯ ᠢ ᠠᠬᠢᠭᠤᠯᠬᠤ ᠭᠡᠷᠡᠭᠲᠡᠢ | ᠭᠡᠵᠦ ᠲᠤᠷᠠᠳᠪᠠ᠃ | ᠪᠦᠬᠦᠲᠠ ᠬᠤᠷᠠᠯ ᠠᠴᠠ᠂ ᠪᠡᠶ᠎ᠠ ᠪᠠᠨ ᠲᠠᠭᠠᠭᠠᠵᠦ ᠡᠵᠡᠨ ᠮᠡᠲᠡᠬᠦ ᠨᠠᠶᠢᠷᠠᠮᠳᠠᠯ ᠤᠨ ᠭᠠᠲᠠᠭᠠᠲᠤ ᠬᠠᠷᠢᠯᠴᠠᠭ᠎ᠠ ᠤ | ᠲᠦᠷᠦ ᠶᠢᠨ ᠪᠤᠲᠤᠯᠭ᠎ᠠ ᠶᠢ ᠪᠠᠷᠢᠮᠲᠠᠯᠠᠠ ᠲᠡᠭᠦᠯᠲᠡᠷᠵᠢᠭᠦᠯᠵᠦ᠂ ᠬᠦᠮᠦᠨ ᠲᠦᠷᠦᠯᠬᠢᠲᠠᠠ ᠤ ᠬᠤᠪᠢ ᠵᠠᠶᠠᠭᠠᠠ ᠤ | ᠬᠠᠮᠲᠤ ᠶᠢᠨ ᠴᠤᠭᠴᠠ ᠶᠢ ᠪᠠᠶᠢᠭᠤᠯᠬᠤ ᠶᠢ ᠠᠬᠢᠭᠤᠯᠤᠨ᠎ᠠ᠃ ᠤᠯᠤᠰ ᠤᠨ ᠲᠤᠲᠤᠭᠠᠲᠤ ᠶᠢᠨ ᠪᠠ ᠲᠡᠯᠡᠬᠡᠢ ᠶᠢᠨ | ᠬᠤᠶᠠᠷ ᠶᠡᠭᠡ ᠲᠠᠯ᠎ᠠ ᠶᠢ ᠡᠷᠭᠡᠪᠰᠢ ᠨᠢᠭᠡᠲᠦᠯᠲᠡᠢ ᠲᠦᠯᠦᠪᠵᠢᠭᠦᠯᠵᠦ᠂ ᠡᠩᠭᠡ ᠲᠠᠶᠢᠪᠤᠩ᠂ ᠬᠦᠭᠵᠢᠯᠲᠠ᠂ | ᠬᠠᠮᠲᠤᠷᠠᠯᠴᠠᠭ᠎ᠠ᠂ ᠬᠠᠮᠲᠤ ᠪᠠᠷ ᠠᠰᠢᠭ ᠬᠦᠷᠲᠡᠬᠦ ᠲᠤᠭ ᠢ ᠦᠨᠲᠦᠷ ᠮᠠᠠᠲᠤᠭᠤᠯᠵᠦ᠂ ᠤᠯᠤᠰ ᠤᠨ ᠡᠷᠭᠡ ᠮᠡᠲᠡᠯ᠂ | ᠠᠮᠤᠷ ᠲᠦᠪᠰᠢᠨ᠂ ᠬᠦᠭᠵᠢᠯᠲᠠ ᠶᠢᠨ ᠠᠰᠢᠭ ᠲᠤᠰᠠ ᠶᠢ ᠡᠷᠡᠰ ᠭᠤᠶᠢᠪᠢᠰᠢ ᠦᠭᠡᠢ ᠬᠠᠮᠠᠭᠠᠯᠠᠵᠦ᠂ ᠲᠡᠯᠡᠭᠡᠢ ᠶᠢᠨ | ᠡᠩᠭᠡ ᠲᠠᠶᠢᠪᠤᠩ ᠢ ᠡᠷᠡᠰ ᠭᠤᠶᠢᠪᠢᠰᠢ ᠦᠭᠡᠢ ᠬᠠᠮᠠᠭᠠᠯᠠᠵᠦ᠂ ᠬᠠᠮᠲᠤ ᠶᠢᠨ ᠬᠦᠭᠵᠢᠯᠲᠠ ᠶᠢ ᠠᠬᠢᠭᠤᠯᠬᠤ ᠭᠡᠷᠡᠭᠲᠡᠢ᠃ | ᠨᠠᠮ ᠠᠴᠠ ᠭᠠᠲᠠᠭᠠᠲᠤ ᠶᠠᠪᠤᠲᠠᠯ ᠤᠨ ᠠᠵᠢᠯ ᠢ ᠤᠲᠤᠷᠢᠳᠬᠤ ᠪᠠᠶᠢᠭᠤᠯᠤᠮᠵᠢ ᠲᠤᠭᠲᠠᠴᠠ ᠶᠢ ᠪᠦᠷᠢᠠᠰᠢᠭᠦᠯᠵᠦ᠂ ᠪᠦᠬᠦ | ᠲᠠᠯ᠎ᠠ ᠶᠢᠨ ᠭᠠᠲᠠᠭᠠᠲᠤ ᠬᠠᠷᠢᠯᠴᠠᠭᠠᠨ ᠤ ᠪᠠᠶᠢᠷᠢᠰᠢᠯ ᠢ ᠲᠡᠭᠦᠯᠲᠡᠷᠵᠢᠭᠦᠯᠵᠦ᠂ ᠬᠠᠮᠲᠤᠷᠠᠯᠴᠠᠵᠦ ᠬᠠᠮᠲᠤ ᠪᠠᠷ ᠠᠰᠢᠭ | ᠬᠦᠷᠲᠡᠬᠦ ᠨᠡᠭᠡᠭᠡᠯᠲᠡᠲᠦ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠵᠦ᠂ ᠪᠦᠬᠦ ᠪᠦᠮᠪᠦᠷᠴᠡᠭ ᠤᠨ ᠵᠠᠰᠠᠯᠲᠠ ᠶᠢᠨ | ᠰᠢᠰᠲ᠋ᠧᠮ ᠤᠨ ᠦᠭᠡᠷᠡᠴᠢᠯᠡᠯᠲᠡ ᠪᠤᠯᠤᠨ ᠪᠦᠲᠦᠭᠡᠡ ᠪᠠᠶᠢᠭᠤᠯᠤᠯᠲᠠ ᠳᠤ ᠢᠲᠡᠪᠬᠢᠲᠠᠢ ᠤᠷᠤᠯᠴᠠᠬᠤ ᠭᠡᠷᠡᠭᠲᠡᠢ ᠭᠡᠵᠦ | ᠲᠤᠷᠠᠳᠪᠠ᠃ | ᠪᠦᠬᠦᠲᠡ ᠬᠤᠷᠠᠯ ᠠᠴᠠ᠂ ᠨᠠᠮ ᠪᠠ ᠤᠯᠤᠰ ᠤᠨ ᠬᠢᠨᠠᠯᠲᠠ ᠲᠠᠯᠪᠢᠬᠤ ᠰᠢᠰᠲ᠋ᠧᠮ ᠢ ᠪᠠᠷᠢᠮᠲᠠᠯᠠᠠ | ᠲᠡᠭᠦᠯᠲᠡᠷᠵᠢᠭᠦᠯᠵᠦ᠂ ᠡᠷᠭᠡ ᠶᠢᠨ ᠠᠵᠢᠯᠯᠠᠭᠠᠠ ᠤ ᠬᠢᠵᠠᠭᠠᠷᠯᠠᠯ ᠪᠤᠯᠤᠨ ᠬᠢᠨᠠᠯᠲᠠ ᠲᠠᠯᠪᠢᠯᠲᠠ ᠶᠢ ᠴᠢᠩᠭᠠᠳᠬᠠᠨ᠎ᠠ᠃ | ᠨᠠᠮ ᠪᠠ ᠤᠯᠤᠰ ᠤᠨ ᠬᠢᠨᠠᠯᠲᠠ ᠲᠠᠯᠪᠢᠬᠤ ᠰᠢᠰᠲ᠋ᠧᠮ ᠪᠤᠯ ᠨᠠᠮ ᠤᠨ ᠤᠷᠲᠤ ᠬᠤᠭᠤᠴᠠᠭᠠᠠ ᠤ ᠲᠦᠷᠦ ᠪᠠᠷᠢᠬᠤ | ᠨᠦᠬᠦᠴᠡᠯ ᠲᠤᠤᠷ᠎ᠠ ᠦᠪᠡᠷ ᠢ ᠪᠠᠨ ᠴᠡᠪᠡᠷᠰᠢᠭᠦᠯᠵᠦ᠂ ᠦᠪᠡᠷ ᠢ ᠪᠠᠨ ᠲᠡᠭᠦᠯᠲᠡᠷᠵᠢᠭᠦᠯᠵᠦ᠂ ᠦᠪᠡᠷ ᠢ ᠪᠠᠨ | ᠬᠤᠪᠢᠰᠬᠠᠵᠦ᠂ ᠦᠪᠡᠷ ᠢ ᠪᠠᠨ ᠲᠡᠭᠡᠭᠰᠢᠯᠡᠭᠦᠯᠬᠦ ᠶᠢ ᠪᠡᠶᠡᠯᠡᠭᠦᠯᠦᠭᠰᠡᠨ ᠴᠢᠬᠤᠯᠠ ᠲᠦᠷᠢᠮ ᠤᠨ ᠪᠠᠲᠤᠯᠠᠪᠤᠷᠢ ᠪᠤᠯᠤᠨ᠎ᠠ᠃ | ᠡᠷᠭᠡᠪᠰᠢ ᠨᠠᠮ ᠠᠴᠠ ᠨᠢᠭᠡᠲᠦᠯᠲᠡᠢ ᠤᠲᠤᠷᠢᠳᠬᠤ᠂ ᠪᠦᠬᠦ ᠲᠠᠯ᠎ᠠ ᠪᠠᠷ ᠪᠦᠷᠬᠦᠬᠦᠯᠬᠦ᠂ ᠡᠷᠭᠡ ᠰᠦᠷ ᠲᠠᠢ ᠦᠨᠲᠦᠷ | ᠪᠦᠲᠦᠮᠵᠢᠲᠠᠢ ᠬᠢᠨᠠᠯᠲᠠ ᠲᠠᠯᠪᠢᠬᠤ ᠰᠢᠰᠲ᠋ᠧᠮ ᠢ ᠪᠦᠷᠢᠠᠰᠢᠭᠦᠯᠵᠦ᠂ ᠬᠢᠨᠠᠯᠲᠠ ᠲᠠᠯᠪᠢᠯᠲᠠ ᠶᠢᠨ ᠲᠦᠪ ᠴᠢᠩᠭ᠎ᠠ ᠴᠢᠨᠠᠷ | ᠂ ᠬᠠᠮᠵᠢᠯᠴᠠᠬᠤ ᠴᠢᠨᠠᠷ᠂ ᠪᠦᠲᠦᠮᠵᠢᠲᠦ ᠴᠢᠨᠠᠷ ᠢ ᠴᠢᠩᠭᠠᠳᠬᠠᠠ᠂ ᠰᠢᠢᠳᠪᠦᠷᠢᠲᠦ ᠪᠤᠲᠤᠯᠭ᠎ᠠ ᠨᠢ ᠰᠢᠨᠵᠢᠯᠡᠬᠦ | ᠤᠬᠠᠭᠠᠠᠴᠢ᠂ ᠭᠡᠷᠡᠭᠵᠢᠭᠦᠯᠦᠯᠲᠠ ᠨᠢ ᠡᠷᠡᠰ ᠰᠢᠭᠤᠷᠬᠠᠢ᠂ ᠬᠢᠨᠠᠯᠲᠠ ᠲᠠᠯᠪᠢᠯᠲᠠ ᠨᠢ ᠬᠦᠴᠤᠳᠠᠢ ᠡᠷᠭᠡ ᠶᠢᠨ | ᠠᠵᠢᠯᠯᠠᠭᠠᠠ ᠤ ᠲᠤᠭᠲᠠᠴᠠ ᠶᠢ ᠪᠦᠷᠢᠯᠲᠦᠭᠦᠯᠵᠦ᠂ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠤᠯᠬᠤ ᠦᠭᠡᠢ᠂ | ᠢᠯᠵᠠᠷᠠᠬᠤ ᠶᠢ ᠪᠤᠳᠤᠬᠤ ᠦᠭᠡᠢ ᠪᠠᠶᠢᠭᠤᠯᠤᠮᠵᠢ ᠲᠤᠭᠲᠠᠴᠠ ᠶᠢᠨ ᠪᠠᠶᠢᠭᠤᠯᠤᠯᠲᠠ ᠶᠢ ᠨᠢᠭᠡ ᠴᠤᠭᠴᠠᠵᠢᠭᠤᠯᠤᠨ | ᠠᠬᠢᠭᠤᠯᠵᠦ᠂ ᠨᠠᠮ ᠪᠠ ᠠᠷᠠᠳ ᠲᠦᠮᠡᠡ ᠠᠴᠠ ᠤᠯᠭᠤᠭᠰᠠᠠ ᠡᠷᠭᠡ ᠶᠢ ᠢᠮᠠᠭᠲᠠ ᠠᠷᠠᠳ ᠲᠦᠮᠡᠡ ᠳᠤ ᠵᠤᠯ ᠵᠢᠷᠭᠠᠯ | ᠡᠳ᠋ᠯᠡᠭᠦᠯᠬᠦ ᠶᠢᠨ ᠲᠦᠯᠦᠭᠡ ᠭᠡᠷᠡᠭᠯᠡᠬᠦ ᠭᠡᠷᠡᠭᠲᠡᠢ ᠭᠡᠵᠦ ᠲᠤᠷᠠᠳᠪᠠ᠃ | ᠪᠦᠬᠦᠲᠠ ᠬᠤᠷᠠᠯ ᠠᠴᠠ᠂ ᠲᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ | ᠪᠠᠷᠢᠮᠲᠠᠯᠠᠠ ᠲᠡᠭᠦᠯᠲᠡᠷᠵᠢᠭᠦᠯᠵᠦ᠂ ᠤᠯᠤᠰ ᠤᠨ ᠵᠠᠰᠠᠯᠲᠠ ᠶᠢᠨ ᠰᠢᠰᠲ᠋ᠧᠮ ᠪᠤᠯᠤᠨ ᠵᠠᠰᠠᠯᠲᠠ ᠶᠢᠨ ᠴᠢᠲᠠᠪᠤᠷᠢ ᠶᠢᠨ | ᠤᠲᠤᠬᠢᠴᠢᠯᠠᠯᠲᠠ ᠶᠢ ᠠᠬᠢᠭᠤᠯᠬᠤ ᠪᠤᠯ ᠪᠦᠬᠦ ᠨᠠᠮ ᠤᠨ ᠨᠢᠭᠡ ᠴᠢᠬᠤᠯᠠ ᠶᠡᠭᠡ ᠪᠠᠶᠢᠯᠲᠤᠬᠤ ᠪᠤᠲᠤᠯᠭ᠎ᠠ ᠶᠢᠨ ᠡᠬᠦᠷᠭᠡ | ᠪᠤᠯᠤᠨ᠎ᠠ᠃ ᠡᠯ᠎ᠠ ᠱᠠᠲᠤᠠ ᠤ ᠨᠠᠮ ᠤᠨ ᠬᠤᠷᠢᠶ᠎ᠠ ᠪᠤᠯᠤᠠ ᠵᠠᠰᠠᠭ ᠤᠨ ᠤᠷᠲᠤᠨ ᠵᠢᠴᠢ ᠡᠯ᠎ᠠ ᠱᠠᠲᠤᠨ ᠤ | ᠤᠲᠤᠷᠢᠳᠬᠤ ᠺᠠᠳ᠋ᠷ ᠪᠠᠶᠢᠭᠤᠯᠤᠯ ᠤᠨ ᠤᠬᠠᠮᠰᠠᠷ ᠢᠶᠠᠨ ᠦᠨᠡᠡᠬᠦ ᠴᠢᠩᠭᠠᠳᠬᠠᠵᠦ᠂ ᠪᠠᠶᠢᠭᠤᠯᠤᠯ ᠤᠨ ᠡᠷᠭᠡ ᠰᠦᠷ ᠢ | ᠲᠦᠷᠦᠭᠦᠯᠡᠨ ᠬᠠᠮᠠᠭᠠᠯᠠᠵᠦ᠂ ᠪᠠᠶᠢᠭᠤᠯᠤᠯ ᠢ ᠭᠡᠷᠡᠭᠵᠢᠭᠦᠯᠬᠦ ᠦᠯᠢᠭᠡᠷ ᠲᠠᠭᠤᠷᠢᠶᠠᠯ ᠪᠤᠯᠵᠦ᠂ ᠪᠦᠬᠦ ᠨᠠᠮ ᠪᠦᠬᠦ | ᠨᠡᠶᠢᠭᠡᠮ ᠢ ᠲᠠᠭᠠᠭᠤᠯᠵᠦ ᠤᠬᠠᠮᠰᠠᠷ ᠠᠴᠠ ᠪᠠᠨ ᠪᠠᠶᠢᠭᠤᠯᠤᠯ ᠢ ᠬᠦᠨᠲᠦᠳᠭᠡᠵᠦ᠂ ᠪᠠᠶᠢᠭᠤᠯᠤᠯ ᠢ ᠴᠢᠩᠭ᠎ᠠ | ᠭᠡᠷᠡᠭᠵᠢᠭᠦᠯᠵᠦ᠂ ᠪᠠᠶᠢᠭᠤᠯᠤᠯ ᠢ ᠡᠷᠡᠰ ᠬᠠᠮᠠᠭᠠᠯᠠᠬᠤ ᠭᠡᠷᠡᠭᠲᠡᠢ᠃ ᠪᠠᠶᠢᠭᠤᠯᠤᠯ ᠤᠨ ᠲᠤᠬᠠᠢ ᠤᠨᠤᠯ ᠤᠨ ᠰᠤᠲᠤᠯᠭᠠᠠ | ᠪᠤᠯᠤᠨ ᠤᠬᠠᠭᠤᠯᠭ᠎ᠠ ᠬᠦᠮᠦᠵᠢᠯ ᠢ ᠴᠢᠩᠭᠠᠳᠬᠠᠵᠦ᠂ ᠪᠦᠬᠦ ᠨᠠᠮ ᠪᠦᠬᠦ ᠨᠡᠶᠢᠭᠡᠮ ᠢ ᠬᠦᠲᠦᠯᠦᠨ ᠵᠢᠯᠤᠭᠤᠳᠴᠤ | ᠲᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠤᠨ ᠮᠦᠨ ᠴᠢᠨᠠᠷ ᠤᠨ ᠤᠨᠴᠠᠯᠢᠭ ᠪᠤᠯᠤᠨ | ᠲᠠᠪᠠᠭᠤᠯᠢᠭ ᠢ ᠬᠦᠢᠴᠡᠳ ᠲᠠᠨᠢᠭᠤᠯᠵᠦ᠂ ᠪᠠᠶᠢᠭᠤᠯᠤᠯ ᠤᠨ ᠢᠲᠡᠭᠡᠯ ᠢ ᠪᠠᠲᠤᠳᠬᠠᠬᠤ ᠭᠡᠷᠡᠭᠲᠡᠢ᠃ ᠦᠷᠭᠡᠡ ᠤᠯᠠᠠ | ᠺᠠᠳ᠋ᠷ ᠪᠠᠶᠢᠭᠤᠯᠤᠯ ᠢ ᠴᠢᠩᠭ᠎ᠠ ᠵᠢᠷᠤᠮᠯᠠᠠ ᠡᠬᠦᠷᠭᠡ ᠬᠠᠷᠢᠭᠤᠴᠠᠯᠭ᠎ᠠ ᠪᠠᠨ ᠬᠦᠢᠴᠡᠳᠭᠡᠵᠦ᠂ ᠡᠷᠭᠡ ᠪᠠᠨ ᠭᠡᠷᠡᠭᠵᠢᠭᠦᠯᠵᠦ | ᠂ ᠠᠵᠢᠯ ᠢᠶᠠᠨ ᠦᠷᠨᠢᠭᠦᠯᠵᠦ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠭᠡᠢ ᠪᠠᠶᠢᠷᠢᠰᠢᠭᠤᠯᠤᠯᠳᠠ ᠪᠤᠯᠤᠨ ︽ | ᠲᠦᠷᠪᠡᠡ ᠪᠦᠬᠦ ᠲᠠᠯ᠎ᠠ︾ ᠶᠢᠨ ᠪᠠᠶᠢᠯᠲᠤᠬᠤ ᠪᠤᠲᠤᠯᠭ᠎ᠠ ᠶᠢᠨ ᠪᠠᠶᠢᠷᠢᠰᠢᠭᠤᠯᠤᠯᠳᠠ ᠵᠡᠷᠭᠡ ᠡᠯ᠎ᠠ ᠵᠦᠢᠯ ᠤᠨ ᠠᠵᠢᠯ ᠤᠨ | ᠴᠢᠲᠠᠪᠤᠷᠢ ᠪᠤᠯᠤᠨ ᠲᠦᠪᠰᠢᠨ ᠢ ᠲᠡᠭᠡᠭᠰᠢᠯᠡᠭᠦᠯᠬᠦ ᠭᠡᠷᠡᠭᠲᠡᠢ ᠭᠡᠵᠦ ᠴᠢᠬᠤᠯᠠᠴᠢᠯᠠᠪᠠ᠃ | ᠪᠦᠬᠦᠲᠠ ᠬᠤᠷᠠᠯ ᠠᠴᠠ ᠨᠠᠮ ᠤᠨ ᠲᠦᠷᠢᠮ ᠶᠤᠰᠤᠭᠠᠷ᠂ ᠲᠦᠪ ᠬᠤᠷᠢᠶᠠᠠ ᠤ ᠤᠷᠤᠯᠠᠭᠴᠢ ᠭᠡᠰᠢᠭᠦᠨ ᠮᠠ | ᠵᠧᠩ ᠦ᠋᠂ ᠮᠠ ᠸᠧᠢ ᠮᠢᠩ ᠨᠦᠬᠦᠷ ᠢ ᠲᠦᠪ ᠬᠤᠷᠢᠶᠠᠠ ᠤ ᠭᠡᠰᠢᠭᠦᠨ ᠢᠶᠠᠷ ᠲᠠᠷᠠᠭᠠᠯᠠᠨ ᠨᠦᠬᠦᠪᠤᠷᠢᠯᠡᠬᠦ ᠪᠠᠷ | ᠲᠤᠭᠲᠠᠵᠠᠢ᠃ | ᠪᠦᠬᠦᠲᠠ ᠬᠤᠷᠠᠯ ᠠᠴᠠ ᠯᠢᠤ ᠱᠢ ᠢᠤᠢ ᠨᠦᠬᠦᠷ ᠤᠨ ᠰᠠᠬᠢᠯᠭ᠎ᠠ ᠪᠠᠲᠤ ᠬᠠᠤᠯᠢ ᠴᠠᠭᠠᠵᠠ ᠶᠢ ᠬᠦᠨᠲᠦ | ᠨᠤᠴᠢᠲᠠᠢ ᠵᠦᠷᠢᠴᠡᠭᠰᠡᠡ ᠠᠰᠠᠭᠤᠲᠠᠯ ᠤᠨ ᠲᠤᠬᠠᠢ ᠨᠠᠮ ᠤᠨ ᠲᠦᠪ ᠬᠤᠷᠢᠶᠠᠠ ᠤ ᠰᠠᠬᠢᠯᠭ᠎ᠠ ᠪᠠᠲᠤ ᠪᠠᠶᠢᠴᠠᠭᠠᠬᠤ | ᠬᠤᠷᠢᠶᠠᠠ ᠤ ᠬᠢᠨᠠᠠ ᠪᠠᠶᠢᠴᠠᠭᠠᠭᠰᠠᠠ ᠮᠡᠲᠡᠭᠦᠯᠦᠯᠲᠡ ᠶᠢ ᠬᠢᠨᠠᠠ ᠵᠦᠪᠯᠡᠵᠦ ᠪᠠᠲᠤᠯᠠᠵᠦ᠂ ᠨᠠᠮ ᠤᠨ ᠲᠦᠪ | ᠬᠤᠷᠢᠶᠠᠨ ᠤ ᠤᠯᠤᠰ ᠲᠦᠷᠦ ᠶᠢᠨ ᠲᠤᠪᠴᠢᠶᠠᠠ ᠤ ᠡᠭᠦᠨ ᠠᠴᠠ ᠡᠮᠦᠨ᠎ᠡ ᠲᠤᠭᠲᠠᠭᠠᠭᠰᠠᠠ ᠯᠢᠤ ᠱᠢ ᠢᠤᠢ ᠨᠦᠬᠦᠷ ᠢ | ᠬᠤᠶᠠᠷ ᠵᠢᠯ ᠨᠠᠮ ᠳᠤ ᠦᠯᠡᠲᠡᠭᠡᠵᠦ ᠪᠠᠶᠢᠴᠠᠭᠠᠠ ᠦᠵᠡᠬᠦ ᠰᠢᠳᠭᠡᠯ ᠢ ᠨᠤᠲᠠᠯᠠᠵᠠᠢ᠃ | ᠪᠦᠬᠦᠲᠠ ᠬᠤᠷᠠᠯ ᠠᠴᠠ᠂ ᠪᠦᠬᠦ ᠨᠠᠮ ᠪᠦᠬᠦ ᠤᠯᠤᠰ ᠤᠨ ᠦᠨᠲᠦᠰᠦᠲᠡᠠ ᠨᠦᠭᠦᠳ ᠤᠨ ᠠᠷᠠᠳ ᠲᠦᠮᠡᠡ | ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠠ ᠨᠠᠮ ᠤᠨ ᠲᠦᠪ ᠬᠤᠷᠢᠶᠠᠠ ᠤ ᠲᠤᠭᠤᠷᠢᠨ ᠳᠤ ᠨᠡᠩ ᠨᠢᠭᠲᠠᠷᠠᠠ | ᠪᠦᠯᠬᠦᠮᠲᠡᠵᠦ᠂ ᠢᠲᠡᠭᠡᠯ ᠢᠶᠠᠨ ᠪᠠᠲᠤᠳᠬᠠᠵᠦ᠂ ᠲᠤᠭᠲᠠᠯ ᠬᠦᠴᠤ ᠪᠠᠨ ᠪᠠᠳᠤᠯᠠᠵᠤ᠂ ᠵᠤᠷᠢᠬᠳᠠᠢ ᠪᠠᠷ ᠤᠷᠤᠭᠰᠢᠯᠠᠵᠦ᠂ | ᠵᠠᠮ ᠨᠡᠭᠡᠭᠡᠡ ᠰᠢᠨ᠎ᠠ ᠶᠢ ᠡᠭᠦᠳᠴᠤ᠂ ᠲᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ | ᠪᠠᠷᠢᠮᠲᠠᠯᠠᠠ ᠲᠡᠭᠦᠯᠲᠡᠷᠵᠢᠭᠦᠯᠵᠦ᠂ ᠤᠯᠤᠰ ᠤᠨ ᠵᠠᠰᠠᠯᠲᠠ ᠶᠢᠨ ᠰᠢᠰᠲ᠋ᠧᠮ ᠪᠤᠯᠤᠨ ᠵᠠᠰᠠᠯᠲᠠ ᠶᠢᠨ ᠴᠢᠲᠠᠪᠤᠷᠢ ᠶᠢᠨ | ᠤᠲᠤᠬᠢᠴᠢᠯᠠᠯᠲᠠ ᠶᠢ ᠠᠬᠢᠭᠤᠯᠵᠦ᠂ ︽ᠬᠤᠤᠰ ᠵᠠᠭᠤᠨ ᠵᠢᠯ︾ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠵᠦ᠂ | ᠲᠤᠮᠲᠠᠲᠤ ᠶᠢᠨ ᠦᠨᠲᠦᠰᠦᠲᠡᠡ ᠤ ᠠᠭᠤᠤ ᠶᠡᠭᠡ ᠰᠡᠷᠭᠦᠨ ᠮᠠᠠᠲᠤᠯᠲᠠ ᠶᠢᠨ ᠲᠤᠮᠲᠠᠲᠤ ᠶᠢᠨ ᠵᠡᠭᠦᠲᠦ ᠶᠢ | ᠲᠡᠷᠭᠡᠯᠰᠢᠭᠦᠯᠬᠦ ᠪᠠᠷ ᠴᠢᠷᠮᠠᠶᠢᠨ ᠲᠡᠮᠡᠴᠡᠰᠦᠭᠡᠢ ᠭᠡᠵᠦ ᠤᠷᠢᠶᠠᠯᠠᠪᠠ︕ | |