11 ᠳ᠋ᠤᠭᠡᠷ ᠰᠠᠷ᠎ᠠ ᠶᠢᠨ 15 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠤᠭᠰᠠᠨ ᠪᠠᠶᠢᠨ᠎ᠠ | ᠃ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ | ᠬᠤᠰᠢᠭᠤ ᠳᠠᠷᠤᠭ᠎ᠠ ᠵᠤᠤ ᠹᠧᠶ ᠯᠦ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠤᠯᠤᠰ ᠲᠦᠷᠦ ᠬᠠᠤᠯᠢ | ᠴᠠᠭᠠᠵᠠ ᠶᠢᠨ ᠬᠤᠷᠢᠶᠠᠨ ᠤ ᠱᠦᠵᠢ ᠰᠤᠷᠭᠠᠯᠲᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ | ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠰᠦ᠋ ᠰᠢᠨ ᠹᠡ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ ᠬᠤᠰᠢᠭᠤ ᠳᠡᠳ᠋ ᠳᠠᠷᠤᠭ᠎ᠠ ᠵᠠᠩ ᡁᠢ ᠰᠢᠦ᠋ᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ ᠤᠬᠠᠭᠤᠯᠬᠤ ᠬᠡᠯᠲᠡᠰ ᠤᠨ ᠳᠠᠷᠤᠭ᠎ᠠ ᠹᠧᠩ ᡁᠢ ᠮᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ | ᠬᠡᠰᠢᠭᠦᠨ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠵᠤᠤ ᠶᠦᠩ ᠹᠧᠩ᠂ ᠬᠤᠰᠢᠭᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠠᠯᠲᠠᠨᠲᠤᠶᠠᠭ᠎ᠠ | ᠬᠤᠷᠠᠯ ᠳᠤ ᠣᠷᠣᠯᠴᠠᠭᠰᠠᠨ ᠪᠠᠶᠢᠨ᠎ᠠ᠃ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠨᠮᠠᠨᠳᠤᠬᠤ᠂ ᠬᠤᠰᠢᠭᠤ ᠤᠯᠤᠰ ᠲᠦᠷᠦ ᠶᠢᠨ ᠵᠥᠪᠯᠡᠯᠭᠡᠨ ᠤ | ᠲᠡᠷᠢᠭᠦᠯᠡᠭᠴᠢ ᠬᠤᠤ ᠸᠧᠶ᠂ ᠬᠤᠰᠢᠭᠤ ᠤᠳᠤᠷᠢᠳᠤᠯᠭ᠎ᠠ ᠯᠢ ᠰᠢᠤ ᠹᠧᠩ᠂ ᠭᠤᠤ ᠬᠤ᠋᠂ ᠵᠸᠥ ᠱᠤᠸᠠᠢ᠂ | ᠪᠠᠶᠠᠨᠴᠡᠩᠭᠡᠯ᠂ ᠯᠸᠢ ᠬᠠᠰ᠂ ᠽᠦᠸᠧ ᠴᠧᠨ ᠭᠤᠸᠠᠩ ᠵᠢᠴᠢ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠬᠤᠷᠠᠯ ᠳᠤ ᠰᠤᠯᠠ ᠤᠷᠤᠯᠴᠠᠪᠠ᠃ | | | | | | | ᠬᠤᠷᠠᠯ ᠠᠴᠠ ᠡᠮᠦᠨ᠎ᠡ᠂ ᠡᠷᠳᠡᠨᠢᠪᠢᠯᠢᠭ ᠣᠶᠢᠷ᠎ᠠ ᠶᠢᠨ ᠡᠳᠦᠷ ᠤᠳ ᠲᠤ ᠳ᠋ᠠᠯᠢᠶᠠᠨ ᠬᠤᠲᠠ᠂ ᠵᠢᠶᠤᠤᠵᠸᠤ | ᠬᠤᠲᠠ᠂ ᠨᠠᠨᠵᠢᠩ ᠬᠤᠲᠠ᠂ ᠷᠦᠩᠴᠧᠩ ᠬᠤᠲᠠ᠂ ᠪᠡᠭᠡᠵᠢᠩ ᠬᠤᠲᠠ ᠵᠡᠷᠭᠡ ᠭᠠᠵᠠᠷ ᠲᠤ ᠬᠦᠷᠴᠦ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ᠂ ᠬᠤᠲᠠ ᠶᠢᠨ ᠪᠦᠲᠦᠭᠡᠨ ᠪᠠᠶᠢᠭᠤᠯᠤᠯᠲᠠ᠂ ᠰᠢᠨ᠎ᠡ ᠴᠠᠭ ᠦᠶ᠎ᠡ ᠶᠢᠨ | ᠪᠣᠯᠪᠠᠰᠤᠨ ᠤ ᠦᠢᠯᠡᠳᠦᠯᠭᠡᠵᠢᠬᠦᠯᠦᠯᠬᠡ᠂ ᠣᠷᠣᠨ ᠨᠤᠲᠤᠭ ᠤᠨ ᠠᠵᠤ ᠠᠬᠤᠶᠢᠯᠠᠯ ᠤᠨ ᠬᠠᠮᠲᠤᠷᠠᠯᠴᠠᠭ᠎ᠠ ᠵᠡᠷᠭᠡ | ᠠᠵᠢᠯ ᠳᠤ ᠰᠢᠨᠵᠢᠯᠠᠨ ᠪᠠᠶᠢᠴᠠᠭᠠᠯᠳᠠ ᠰᠤᠷᠤᠯᠴᠠᠯᠭ᠎ᠠ ᠥᠷᠨᠢᠭᠦᠯᠥᠭᠰᠠᠨ ᠪᠠᠶᠢᠳᠠᠯ ᠢᠶᠠᠨ ᠳᠥᠭᠦᠮᠬᠡᠨ ᠤᠯᠠᠮᠵᠢᠯᠠᠭᠰᠠᠨ | ᠪᠠᠶᠢᠨ᠎ᠠ᠃ ᠬᠤᠷᠠᠯ ᠳᠡᠭᠡᠷ᠎ᠡ᠂ ᠲᠥᠪ ᠤᠨ ᠤᠯᠤᠰ ᠲᠥᠷᠦ ᠶᠢᠨ ᠲᠣᠪᠴᠢᠶᠠᠨ ᠤ ᠠᠷᠪᠠᠨ ᠨᠠᠢᠮᠠᠳᠤᠭᠠᠷ ᠤᠳᠠᠭᠠᠨ ᠤ | ᠬᠠᠮᠲᠤ ᠶᠢᠨ ᠰᠤᠷᠤᠯᠴᠠᠯᠭ᠎ᠠ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠬᠤ ᠶᠢᠨ ᠬᠠᠮᠲᠤ ᠬᠤᠰᠢᠭᠤ ᠨᠠᠮ ᠤᠨ | ᠪᠠᠶᠢᠭᠤᠯᠤᠯᠲᠠ ᠶᠢᠨ ᠬᠥᠮᠦᠵᠢᠯ ᠤᠨ ᠰᠠᠭᠤᠷᠢᠨ ᠭᠠᠵᠠᠷ ᠪᠠ ᠦᠦᠰᠢᠨᠵᠤᠤ ᠪᠠᠯᠭᠠᠰᠤᠨ ᠤ ᠰᠤᠪᠢᠯᠠᠯᠲᠠ | ᠠᠰᠠᠷᠠᠮᠵᠢ ᠶᠢᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠳᠤ ᠬᠤᠯᠪᠣᠭᠳᠠᠬᠤ ᠠᠰᠠᠭᠤᠳᠠᠯ ᠤᠳ ᠢ ᠰᠤᠳᠤᠯᠵᠤ᠂ | ︽ᠦᠦᠰᠢᠨ ᠬᠤᠰᠢᠭᠤᠨ ᠤ 2020 ᠣᠨ ᠤ ᠳ᠋ᠦᠩᠰᠢᠭᠤᠷ ᠲᠦᠬᠦᠷᠢᠭ ᠠᠴᠠ ᠳᠡᠭᠡᠭᠰᠢᠬᠢ ᠭᠤᠣᠯᠳᠠᠯᠭ᠎ᠠ ᠲᠠᠢ | ᠲᠥᠷᠥᠯ ᠵᠦᠢᠯ ᠤᠨ ᠬᠡᠷᠡᠭᠵᠢᠭᠦᠯᠬᠦ ᠲᠥᠯᠥᠪᠯᠡᠭᠡ︾ ᠶᠢ ᠬᠢᠨᠠᠨ ᠵᠥᠪᠯᠡᠭᠰᠡᠨ ᠪᠠᠶᠢᠨ᠎ᠠ᠃ | ᠡᠷᠳᠡᠨᠢᠪᠢᠯᠢᠭ ᠴᠢᠬᠤᠯᠠᠴᠢᠯᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠲᠥᠪ | ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠠᠷᠪᠠᠨ ᠨᠠᠢᠮᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ | ᠳᠡᠭᠡᠷᠡᠬᠢ ᠴᠢᠬᠤᠯᠠ ᠥᠭᠦᠯᠡᠯᠲᠡ ᠨᠢ ᠣᠷᠣᠨ ᠬᠡᠰᠡᠭ ᠤᠨ ᠬᠡᠯᠬᠢᠶᠡᠵᠢᠯ ᠤᠨ ᠪᠡᠷᠬᠡ ᠰᠡᠳᠦᠪ ᠢ ᠰᠢᠢᠳᠪᠦᠷᠢᠯᠡᠬᠦ᠂ | ᠠᠵᠤ ᠦᠢᠯᠡᠰ ᠢ ᠬᠥᠭᠵᠢᠭᠦᠯᠬᠦ᠂ ᠲᠥᠪᠯᠡᠷᠡᠭᠦᠯᠦᠨ ᠬᠡᠷᠡᠭᠯᠡᠬᠦ᠂ ᠠᠮᠤᠷ ᠲᠦᠪᠰᠢᠨ ᠢ ᠵᠢᠷᠤᠮᠵᠢᠭᠤᠯᠤᠨ ᠬᠥᠭᠵᠢᠭᠦᠯᠬᠦ | ᠵᠡᠷᠭᠡ ᠴᠢᠬᠤᠯᠠ ᠶᠡᠭᠡ ᠠᠰᠠᠭᠤᠳᠠᠯ ᠢ ᠭᠦᠨᠵᠡᠭᠡᠶ ᠲᠣᠳᠣᠷᠬᠠᠶᠢᠯᠠᠨ ᠥᠭᠦᠯᠡᠵᠦ ᠨᠠᠮ ᠤᠨ ᠲᠥᠪ ᠬᠤᠷᠢᠶ᠎ᠠ ᠠᠴᠠ | ᠣᠷᠣᠨ ᠬᠡᠰᠡᠭ ᠤᠨ ᠬᠡᠯᠬᠢᠶᠡᠵᠢᠯ ᠤᠨ ᠬᠡᠷᠡᠭᠯᠡᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠶᠢ | ᠬᠠᠷᠠᠭᠤᠯᠤᠭᠰᠠᠨ ᠪᠠᠶᠢᠨ᠎ᠠ᠃ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ ᠠᠵᠤ ᠠᠬᠤᠢ ᠶᠢᠨ | ᠦᠷ᠎ᠡ ᠪᠦᠲᠦᠮᠵᠢ ᠪᠣᠯᠤᠨ ᠵᠠᠰᠠᠯᠲᠠ ᠶᠢᠨ ᠦᠷ᠎ᠡ ᠪᠦᠲᠦᠮᠵᠢ ᠶᠢᠨ ᠣᠶᠢᠯᠠᠭᠠᠯᠲᠠ ᠪᠠᠨ ᠭᠦᠨᠵᠡᠭᠡᠶᠢᠷᠡᠭᠦᠯᠵᠦ | ᠰᠤᠷᠤᠯᠴᠠᠯᠭ᠎ᠠ ᠰᠣᠯᠢᠯᠴᠠᠭ᠎ᠠ᠂ ᠪᠠᠶᠢᠴᠠᠭᠠᠨ ᠰᠤᠳᠤᠯᠤᠯᠲᠠ᠂ ᠲᠤᠰᠬᠠᠢ ᠰᠡᠲᠦᠪᠲᠦ ᠰᠤᠳᠤᠯᠤᠯᠲᠠ ᠰᠤᠷᠤᠯᠴᠠᠯᠭ᠎ᠠ | ᠵᠡᠷᠭᠡ ᠶᠢ ᠵᠣᠬᠢᠶᠠᠨ ᠪᠠᠶᠢᠭᠤᠯᠬᠤ ᠪᠠᠷ ᠳᠠᠮᠵᠢᠨ ᠣᠷᠣᠨ ᠬᠡᠰᠡᠭ ᠤᠨ ᠬᠡᠯᠬᠢᠶᠡᠵᠢᠯ ᠤᠨ ᠮᠡᠷᠭᠡᠵᠢᠯ ᠤᠨ ᠲᠤᠬᠠᠶ | ᠣᠶᠢᠯᠠᠭᠠᠯᠲᠠ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ ᠣᠷᠣᠨ ᠬᠡᠰᠡᠭ ᠤᠨ ᠬᠡᠯᠬᠢᠶᠡᠵᠢᠯ ᠢ ᠰᠠᠶᠢᠲᠤᠷ | ᠠᠰᠢᠭᠯᠠᠬᠤ ᠢᠲᠡᠭᠡᠯ ᠵᠣᠷᠢᠭ ᠢᠶᠠᠨ ᠴᠢᠩᠭᠠᠳᠬᠠᠬᠤ ᠬᠡᠷᠡᠭᠲᠡᠶ᠃ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ | ᠠᠯᠬᠤᠮ ᠳᠡᠭᠡᠭᠰᠢᠯᠡᠭᠦᠯᠵᠦ ᠤᠯᠤᠰ ᠠᠴᠠ ᠣᠷᠣᠨ ᠬᠡᠰᠡᠭ ᠤᠨ ᠬᠡᠯᠬᠢᠶᠡᠵᠢᠯ ᠤᠨ ᠮᠡᠷᠭᠡᠵᠢᠯ ᠤᠨ ᠲᠠᠯ᠎ᠠ ᠳᠤ | ᠵᠣᠷᠢᠭᠤᠯᠤᠭᠰᠠᠨ ᠴᠢᠳᠠᠪᠤᠷᠢᠲᠠᠨ᠂ ᠵᠠᠬ᠎ᠠ ᠳᠡᠯᠭᠡᠭᠦᠷ᠂ ᠲᠥᠷᠥ ᠶᠢᠨ ᠪᠣᠳᠣᠯᠭ᠎ᠠ ᠵᠡᠷᠭᠡ ᠢᠳᠡᠪᠬᠢᠲᠡᠢ ᠬᠦᠴᠦᠨ | ᠵᠦᠢᠯ ᠢ ᠭᠦᠢᠴᠡᠳ ᠰᠤᠳᠤᠯᠤᠨ ᠠᠰᠢᠭᠯᠠᠵᠤ ᠴᠢᠨᠠᠷ ᠰᠠᠶᠢᠲᠠᠶ ᠲᠥᠷᠥᠯ ᠵᠦᠢᠯ ᠪᠠ ᠳᠡᠭᠡᠳᠦ ᠳᠡᠰ ᠳᠠᠪᠬᠤᠷᠭ᠎ᠠ ᠶᠢᠨ | ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ ᠬᠠᠤᠯᠢ ᠶᠣᠰᠣᠭᠠᠷ ᠰᠦᠯᠵᠢᠶ᠎ᠡ ᠶᠢ ᠵᠠᠰᠠᠬᠤ | ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ ᠣᠷᠣᠨ ᠬᠡᠰᠡᠭ ᠤᠨ ᠬᠡᠯᠬᠢᠶᠡᠵᠢᠯ ᠤᠨ ᠮᠡᠷᠭᠡᠵᠢᠯ ᠢ ᠮᠠᠨ ᠤ | ᠬᠤᠰᠢᠭᠤᠨ ᠳᠤ ᠰᠦᠪᠡᠭᠴᠢᠯᠡᠨ ᠬᠡᠷᠡᠭᠵᠢᠭᠦᠯᠬᠦ ᠶᠢ ᠠᠬᠢᠭᠤᠯᠬᠤ ᠬᠡᠷᠡᠭᠲᠡᠶ᠃ ᠨᠠᠮ ᠤᠨ ᠪᠠᠶᠢᠭᠤᠯᠤᠯᠲᠠ ᠶᠢᠨ | ᠬᠥᠮᠦᠵᠢᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠨᠢ ᠬᠤᠪᠢᠰᠬᠠᠯ ᠤᠨ ᠰᠣᠶᠣᠯ ᠢ ᠭᠦᠨᠵᠡᠭᠡᠶ | ᠠᠭᠤᠳᠠᠯᠬᠤ ᠶᠢᠨ ᠬᠠᠮᠲᠤ ᠡᠷᠭᠢᠨ ᠲᠣᠭᠤᠷᠢᠨ ᠤ ᠬᠤᠪᠢᠰᠬᠠᠯ ᠤᠨ ᠬᠥᠮᠦᠵᠢᠯ ᠤᠨ ᠵᠠᠮ ᠱᠤᠭᠤᠮ ᠲᠠᠢ ᠠᠭᠤᠰᠤᠯᠴᠠᠨ | ᠨᠢᠭᠡᠳᠴᠦ ᠨᠠᠮ ᠤᠨ ᠪᠠᠶᠢᠭᠤᠯᠤᠯᠲᠠ ᠶᠢᠨ ᠬᠥᠮᠦᠵᠢᠯ ᠤᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠶ᠃ | ᠰᠤᠪᠢᠯᠠᠯᠲᠠ ᠠᠰᠠᠷᠠᠮᠵᠢ ᠶᠢᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠪᠣᠯ ᠴᠢᠬᠤᠯᠠ ᠶᠡᠭᠡ ᠠᠷᠠᠳ ᠤᠨ | ᠠᠮᠢᠳᠤᠷᠠᠯ ᠤᠨ ᠢᠨᠵᠧᠨᠧᠷᠢᠩ ᠪᠣᠯᠤᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠵᠢᠷᠤᠭ ᠲᠥᠯᠥᠪᠯᠡᠭᠡ ᠶᠢ | ᠨᠠᠷᠢᠨ ᠨᠢᠮᠪᠠᠶ ᠰᠠᠶᠢᠲᠤᠷ ᠬᠢᠵᠦ ᠲᠥᠷᠥᠯ ᠵᠦᠢᠯ ᠢ ᠡᠷᠲᠡᠬᠡᠨ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ | ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠰᠠᠶᠢᠲᠤᠷ ᠬᠢᠵᠦ | ᠲᠥᠷᠦ ᠶᠢᠨ ᠪᠣᠳᠣᠯᠭ᠎ᠠ ᠶᠢᠨ ᠰᠤᠳᠤᠯᠤᠯᠲᠠ ᠳ᠋ᠦᠩᠨᠡᠯᠲᠡ ᠶᠢ ᠴᠢᠬᠤᠯᠠᠴᠢᠯᠠᠨ ᠲᠥᠪ ᠬᠤᠷᠢᠶ᠎ᠠ᠂ ᠥᠪᠡᠷᠲᠡᠭᠡᠨ | ᠵᠠᠰᠠᠬᠤ ᠣᠷᠣᠨ᠂ ᠬᠤᠲᠠ ᠶᠢᠨ ᠲᠥᠷᠦ ᠶᠢᠨ ᠪᠣᠳᠣᠯᠭ᠎ᠠ ᠪᠣᠯᠤᠨ ᠪᠡᠯᠡ ᠮᠥᠩᠭᠦᠨ ᠤ ᠣᠷᠣᠭᠤᠯᠤᠯᠲᠠ ᠶᠢᠨ | ᠬᠠᠨᠳᠤᠰᠢ ᠶᠢ ᠰᠠᠶᠢᠳᠤᠷ ᠠᠩᠬᠠᠷᠴᠤ ᠳᠡᠭᠡᠳᠦ ᠱᠠᠲᠤᠨ ᠤ ᠡᠯ᠎ᠡ ᠲᠥᠷᠥᠯ ᠤᠨ ᠲᠥᠷᠦ ᠶᠢᠨ ᠪᠣᠳᠣᠯᠭ᠎ᠠ᠂ ᠪᠡᠯᠡ | ᠮᠥᠩᠭᠦᠨ ᠤ ᠳᠡᠮᠵᠢᠯᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠲᠡᠮᠡᠴᠡᠨ ᠣᠯᠬᠤ ᠬᠡᠷᠡᠭᠲᠡᠶ᠃ ᠲᠥᠷᠥᠯ ᠵᠦᠢᠯ ᠤᠨ | ᠰᠤᠷᠲᠠᠯᠴᠢᠯᠠᠯᠲᠠ ᠤᠬᠠᠭᠤᠯᠭ᠎ᠠ ᠶᠢ ᠴᠢᠬᠤᠯᠠᠴᠢᠯᠠᠵᠤ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠨ ᠡᠯ᠎ᠡ | ᠲᠥᠷᠥᠯ ᠤᠨ ᠲᠥᠷᠥᠯ ᠵᠦᠢᠯ ᠢ ᠨᠢᠭᠡᠳᠦᠯᠲᠡᠶ ᠲᠥᠯᠥᠪᠯᠡᠨ ᠡᠮᠬᠢᠯᠡᠨ ᠨᠡᠶᠢᠯᠡᠭᠦᠯᠵᠦ ᠲᠥᠷᠥᠯ ᠵᠦᠢᠯ ᠤᠨ ᠨᠥᠭᠡᠴᠡ | ᠬᠥᠮᠥᠷᠭᠡ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ ᠨᠢᠭᠡ ᠪᠦᠯᠦᠭ ᠰᠠᠭᠤᠷᠢ ᠲᠠᠯᠪᠢᠬᠤ᠂ ᠠᠯᠤᠰ ᠬᠡᠲᠦ ᠳᠤ | ᠠᠰᠢᠭᠲᠠᠢ᠂ ᠬᠥᠭᠵᠢᠯᠲᠡ ᠶᠢ ᠠᠬᠢᠭᠤᠯᠵᠤ ᠴᠢᠳᠠᠬᠤ ᠭᠤᠣᠯᠳᠠᠯᠭ᠎ᠠ ᠲᠠᠢ ᠲᠥᠷᠥᠯ ᠵᠦᠢᠯ ᠢ ᠬᠢᠨᠠᠮᠠᠭᠠᠶ | ᠰᠦᠪᠡᠭᠴᠢᠯᠡᠵᠦ ᠲᠥᠷᠥᠯ ᠵᠦᠢᠯ ᠤᠨ ᠦᠷᠭᠦᠯᠵᠢᠯᠡᠬᠦᠶᠢᠴᠡ ᠬᠥᠭᠵᠢᠯᠲᠡ ᠶᠢᠨ ᠰᠠᠶᠢᠨ ᠰᠠᠶᠢᠬᠠᠨ ᠪᠠᠶᠢᠳᠠᠯ ᠢ ᠪᠤᠢ | ᠪᠣᠯᠭᠠᠬᠤ ᠶᠢ ᠲᠦᠯᠬᠢᠨ ᠠᠬᠢᠭᠤᠯᠬᠤ ᠬᠡᠷᠡᠭᠲᠡᠶ᠃ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠣᠰᠢᠵᠤ ᠪᠠᠶᠢᠭ᠎ᠠ ᠠᠰᠠᠭᠤᠳᠠᠯ ᠪᠠ ᠬᠦᠴᠢᠷᠳᠡᠯ ᠢ ᠴᠠᠭ ᠲᠤᠬᠠᠶ ᠳᠤᠨᠢ | ᠰᠤᠳᠤᠯᠤᠨ ᠰᠢᠢᠳᠪᠦᠷᠢᠯᠡᠵᠦ ᠲᠥᠯᠥᠪᠯᠡᠭᠡ ᠲᠠᠢ ᠪᠠᠷ ᠭᠠᠵᠠᠷ ᠰᠣᠩᠭᠤᠬᠤ᠂ ᠨᠤᠷᠠᠭᠠᠵᠤ ᠳᠠᠲᠠᠪᠤᠷᠢᠯᠠᠬᠤ ᠬᠠᠩᠭᠠᠬᠤ | ᠭᠠᠵᠠᠷ ᠵᠡᠷᠭᠡ ᠡᠯᠧᠮᠧᠨ᠋ᠲ ᠤᠨ ᠪᠠᠲᠤᠯᠠᠭ᠎ᠠ ᠶᠢ ᠯᠠᠪᠳᠠᠭᠤᠨ ᠪᠠᠲᠤᠲᠠᠶ ᠰᠠᠶᠢᠲᠤᠷ ᠬᠢᠵᠦ ᠥᠨᠳᠥᠷ ᠪᠦᠲᠦᠮᠵᠢᠲᠡᠶ | ᠵᠣᠯᠭᠠᠭᠤᠯᠬᠤ᠂ ᠤᠨᠢᠨ ᠳᠡᠭᠡᠷ᠎ᠡ ᠨᠢ ᠨᠠᠶᠢᠳᠠᠪᠤᠷᠢᠵᠢᠭᠤᠯᠬᠤ᠂ ᠡᠮᠬᠢ ᠵᠢᠷᠤᠮ ᠲᠠᠢ ᠠᠬᠢᠭᠤᠯᠬᠤ ᠶᠢ ᠪᠡᠶᠡᠯᠡᠭᠦᠯᠬᠦ | ᠬᠡᠷᠡᠭᠲᠡᠶ ᠭᠡᠵᠡᠢ᠃ | ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠤᠭᠰᠠᠨ ᠪᠠᠶᠢᠨ᠎ᠠ᠃ |