ᠬᠤᠰᠢᠭᠤ ᠨᠠᠮ ᠤᠨ ᠬᠤᠷᠢᠶ᠎ᠠ ︽ᠤᠭ ᠰᠠᠨᠠᠭ᠎ᠠ ᠪᠠᠨ ᠥᠯᠤ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠠᠭᠦ︾ ᠭᠤᠤᠯ ᠰᠡᠳᠤᠪᠳᠤ ᠭᠥᠮᠤᠵᠢᠯ ᠤᠨ ᠨᠠᠮᠴᠢ ᠴᠢᠨᠠᠷ ᠤᠨ ᠪᠤᠯᠪᠠᠰᠤᠷᠠᠯ ᠤᠨ ᠲᠤᠰᠬᠠᠢ ᠰᠡᠳᠤᠪᠳᠤ ᠰᠤᠳᠤᠯᠤᠨ ᠶᠠᠷᠢᠯᠴᠠᠬᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2019/11/20
     11 ᠰᠠᠷ᠎ᠠ ᠶᠢᠨ15 ᠤ ᠡᠳᠦᠷ᠂ ᠬᠤᠰᠢᠭᠤ ᠨᠠᠮ ᠤᠨ ᠬᠤᠷᠢᠶ᠎ᠠ ︽ᠤᠭ ᠰᠠᠨᠠᠭ᠎ᠠ ᠪᠠᠨ ᠥᠯᠤ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠠᠭᠦ︾ ᠭᠤᠤᠯ ᠰᠡᠳᠤᠪᠳᠤ ᠭᠥᠮᠤᠵᠢᠯ ᠤᠨ ᠨᠠᠮᠴᠢ ᠴᠢᠨᠠᠷ ᠤᠨ ᠪᠤᠯᠪᠠᠰᠤᠷᠠᠯ ᠤᠨ ᠲᠤᠰᠬᠠᠢ ᠰᠡᠳᠤᠪᠳᠤ ᠰᠤᠳᠤᠯᠤᠨ ᠶᠠᠷᠢᠯᠴᠠᠬᠤ ᠬᠤᠷᠠᠯ ᠢ ᠬᠤᠷᠠᠯᠳᠤᠭᠤᠯᠤᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠱᠥᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠲᠠᠷᠤᠭ᠎ᠠ ᠵᠤᠤ ᠹᠸᠢ ᠯᠤ᠋᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠭᠢᠯᠡᠭᠴᠢ ᠪᠤᠶᠠᠠᠮᠠᠠᠳᠤᠬᠤ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠤᠤ ᠸᠧᠢ ᠵᠢᠴᠢ ᠭᠡᠷ ᠲᠡᠭᠡᠨ ᠪᠠᠶᠢᠭ᠎ᠠ ᠰᠢᠶᠠᠨ ᠤ ᠲᠠᠰ ᠤᠨ ᠪᠥᠭᠦ ᠤᠳᠤᠷᠢᠳᠤᠯᠭ᠎ᠠ ᠬᠤᠷᠠᠯ  ᠳᠤ ᠤᠷᠤᠯᠴᠠᠪᠠ᠃
     ᠬᠤᠷᠠᠯ ᠲᠠᠭᠡᠷ᠎ᠠ᠂ ᠡᠯ᠎ᠡ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠭᠦᠳ ︽ᠤᠭ ᠰᠠᠨᠠᠭ᠎ᠠ ᠪᠠᠨ ᠥᠯᠤ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠠᠭᠦ︾ ᠭᠤᠤᠯ ᠰᠡᠳᠤᠪᠳᠤ ᠭᠥᠮᠤᠵᠢᠯ ᠤᠨ ᠨᠠᠮᠴᠢ ᠴᠢᠨᠠᠷ ᠤᠨ ᠪᠤᠯᠪᠠᠰᠤᠷᠠᠯ ᠤᠨ ᠲᠤᠬᠠᠢ ᠰᠤᠯᠢᠯᠴᠠᠭ᠎ᠠ ᠥᠷᠨᠢᠭᠦᠯᠪᠠ᠃      ᠡᠷᠳᠡᠨᠢᠪᠢᠯᠢᠭ ᠴᠢᠬᠤᠯᠠᠴᠢᠯᠠᠬᠤ ᠳᠤ ᠪᠠᠨ᠂ ᠡᠯ᠎ᠠ ᠱᠠᠳᠤᠨ ᠤ ᠤᠳᠤᠷᠢᠳᠬᠤ ᠺᠠᠳ᠋ᠷᠴᠤᠳ ᠨᠠᠮᠴᠢ ᠴᠢᠨᠠᠷ ᠤᠨ ᠪᠤᠯᠪᠠᠰᠤᠷᠠᠯ ᠢᠶᠠᠨ ᠲᠠᠰᠤᠷᠠᠯᠳᠡ ᠥᠭᠡᠢ ᠴᠢᠩᠭᠠᠳᠬᠠᠨ ᠮᠠᠷᠺᠰ ᠤᠨ ᠥᠵᠠᠯ ᠪᠤᠯᠤᠨ ᠲᠤᠮᠳᠠᠳᠤ ᠤᠯᠤᠰ ᠤᠨ ᠤᠨᠴᠠᠯᠢᠭ ᠪᠦᠬᠦᠢ ᠨᠠᠶᠢᠭᠡᠮ ᠵᠢᠷᠤᠮ ᠤᠨ ᠥᠨᠳᠤᠰᠤᠨ ᠤᠨᠤᠯ ᠢ ᠡᠵᠡᠮᠰᠢᠨ ᠰᠢ ᠶᠢᠨ ᠫᠢᠩ ᠶᠠᠷᠤᠩᠭᠡᠢ ᠱᠥᠵᠢ ᠶᠢᠨ ᠰᠢᠷᠢᠰ ᠶᠠᠷᠢᠶᠠᠨ ᠤ ᠵᠤᠷᠢᠭ ᠰᠨᠠᠭ᠎ᠠ ᠶᠢ ᠭᠥᠨᠵᠡᠭᠡᠢ ᠤᠶᠢᠯᠠᠭᠠᠨ ᠠᠵᠢᠯ ᠢᠶᠠᠨ ᠠᠭᠢᠭᠤᠯᠵᠤ᠂ ᠨᠠᠮ ᠤᠨ ᠲᠤᠳᠤᠭᠠᠳᠤ ᠶᠢᠨ ᠤᠯᠤᠰ ᠲᠥᠷᠥ ᠶᠢᠨ ᠠᠮᠢᠳᠤᠷᠠᠯ ᠤᠨ ᠡᠯ᠎ᠠ ᠲᠥᠷᠥᠯ ᠤᠨ ᠪᠠᠷᠢᠮᠵᠢᠶ᠎ᠠ ᠪᠠ ᠨᠠᠮ ᠤᠨ ᠵᠤᠭᠢᠶᠠᠨ ᠪᠠᠶᠢᠭᠤᠯᠤᠯᠳᠠ ᠶᠢᠨ ᠰᠠᠭᠢᠯᠭ᠎ᠠ ᠪᠠᠳᠤ ᠲᠥᠷᠢᠮ ᠲᠤᠭᠳᠠᠭᠠᠯ ᠢ ᠤᠬᠠᠮᠰᠠᠷ  ᠠᠴᠠ ᠪᠠᠨ ᠴᠢᠩᠭ᠎ᠠ ᠰᠠᠭᠢᠨ ᠡᠭᠦᠷᠭᠡ ᠬᠠᠷᠢᠭᠤᠴᠠᠯᠭ᠎ᠠ ᠪᠠᠨ ᠵᠤᠷᠢᠭᠳᠠᠢ ᠡᠭᠦᠷᠭᠡᠯᠠᠵᠤ᠂ ᠭᠢᠨᠠᠯᠳᠠ ᠬᠠᠮᠢᠠᠷᠤᠯᠳᠠ ᠶᠢ ᠴᠢᠩᠭ᠎ᠠ ᠠᠳᠬᠤᠨ ᠨᠠᠮ ᠪᠠ ᠠᠷᠠᠳ ᠲᠥᠮᠡᠨ ᠠᠴᠠ ᠤᠯᠭᠤᠭᠰᠠᠨ ᠭᠥᠨᠳᠤ ᠨᠠᠶᠢᠳᠠᠯᠠᠭ᠎ᠠ ᠶᠢ ᠡᠭᠦᠷᠭᠡᠯᠡᠭᠦ ᠭᠡᠷᠡᠭᠳᠠᠢ ᠭᠡᠵᠡᠢ᠃
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ