11 ᠰᠠᠷ᠎ᠠ ᠶᠢᠨ 15 ᠤ ᠡᠳᠤᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ | ᠵᠤᠤ ᠹᠸᠢ ᠯᠦ ᠬᠤᠰᠢᠭᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ︽ᠤᠭ | ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ | ᠬᠥᠮᠦᠵᠢᠯ ᠤᠨ ︽ᠡᠷᠭᠢᠨ ᠬᠠᠷᠠᠬᠤ︾ ᠲᠤᠰᠬᠠᠶ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠤᠭᠰᠠᠨ ᠪᠠᠶᠢᠨ᠎ᠠ᠃ | ᠬᠤᠰᠢᠭᠤ ᠵᠠᠰᠠᠭ ᠤᠨ ᠤᠷᠳᠤᠨ ᠤ ᠬᠤᠰᠢᠭᠤ ᠲᠠᠳ᠋ ᠲᠠᠷᠤᠭ᠎ᠠ ᠲᠤᠲᠤᠭᠠᠳᠤ ᠶᠢ ᠬᠠᠮᠠᠭᠠᠯᠬᠤ ᠲᠤᠪᠴᠢᠶᠠᠨ ᠤ | ᠳᠠᠷᠤᠭ᠎ᠠ ᠭᠤᠤ ᠬᠤ᠋᠂ ᠬᠤᠰᠢᠭᠤ ᠵᠠᠰᠠᠭ ᠤᠨ ᠤᠷᠳᠤᠨ ᠤ ᠬᠤᠰᠢᠭᠤ ᠲᠠᠳ᠋ ᠲᠠᠷᠤᠭ᠎ᠠ ᠵᠸᠤ ᠱᠤᠸᠠᠢ᠂ ᠪᠠᠶᠠᠠᠴᠠᠩᠭᠡᠯ | ᠨᠠᠷ ᠬᠤᠷᠠᠯ ᠳᠤ ᠤᠷᠤᠯᠴᠠᠪᠠ᠃ | | | | | | | ᠵᠤᠤ ᠹᠸᠢ ᠯᠤ᠋ ᠬᠤᠷᠠᠯ ᠲᠡᠭᠡᠷ᠎ᠡ ᠴᠢᠬᠤᠯᠠᠴᠢᠯᠠᠬᠤ ᠳᠤ ᠪᠠᠨ᠂ ᠨᠠᠮ ᠤᠨ ᠤᠳᠤᠷᠢᠳᠬᠤ ᠳᠤᠭᠤᠶᠢᠯᠠᠩ ᠤᠨ | ᠡᠯ᠎ᠡ ᠪᠦᠷᠢᠯᠳᠦᠬᠦᠨ ᠭᠤᠤᠯ ᠰᠡᠳᠦᠪᠲᠦ ᠬᠥᠮᠦᠵᠢᠯ ᠤᠨ ᠲᠣᠬᠢᠷᠠᠭᠤᠯᠤᠯᠲᠠ ᠶᠢ ᠴᠢᠩᠭ᠎ᠠ ᠵᠢᠷᠤᠮᠯᠠᠨ ᠤᠨᠤᠯ ᠤᠨ | ᠰᠤᠷᠤᠯᠴᠠᠯᠭ᠎ᠠ ᠲᠠᠢ ᠬᠠᠷᠢᠴᠠᠭᠤᠯᠤᠨ ᠣᠯᠤᠯᠲᠠ ᠶᠢᠨ ᠲᠤᠭᠤᠷᠢᠨ ᠳᠤ ᠥᠪᠡᠷ ᠤᠨ ᠰᠤᠷᠤᠯᠴᠠᠯᠭ᠎ᠠ ᠬᠥᠮᠦᠵᠢᠯ ᠤᠨ | ᠨᠠᠩ ᠯᠠᠪᠳᠠᠭᠤᠨ ᠪᠠᠲᠤᠲᠠᠶ ᠪᠠᠶᠢᠬᠤ ᠡᠰᠡᠬᠦ ᠶᠢ ᠪᠠᠶᠢᠴᠠᠭᠠᠨ ᠦᠵᠡᠬᠦ ᠬᠡᠷᠡᠭᠲᠡᠶ᠃ ᠦᠵᠡᠯ ᠰᠠᠨᠠᠭ᠎ᠠ ᠤᠯᠤᠰ ᠲᠥᠷᠥ | ᠶᠢᠨ ᠪᠤᠯᠪᠠᠰᠤᠷᠠᠯ ᠳᠠᠪᠲᠠᠯᠲᠠ ᠲᠠᠢ ᠬᠠᠷᠢᠴᠠᠭᠤᠯᠤᠨ ᠥᠪᠡᠷ ᠤᠨ ᠢᠲᠡᠭᠡᠯ ᠪᠢᠰᠢᠷᠡᠯ᠂ ᠤᠯᠤᠰ ᠲᠥᠷᠥ ᠶᠢᠨ | ᠵᠤᠭᠰᠤᠯᠳᠠ ᠡᠷᠡᠰ ᠪᠠᠲᠤ ᠪᠠᠶᠢᠬᠤ ᠡᠰᠡᠬᠦ ᠶᠢ ᠪᠠᠶᠢᠴᠠᠭᠠᠨ ᠥᠵᠠᠭᠦ ᠭᠡᠷᠡᠭᠳᠠᠢ᠃ ᠠᠵᠢᠯ ᠬᠢᠵᠦ ᠥᠢᠯᠡᠰ | ᠪᠥᠳᠥᠭᠡᠭᠦ ᠲᠠᠢ ᠬᠠᠷᠢᠴᠠᠭᠤᠯᠤᠨ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ ᠥᠪᠡᠷ ᠤᠨ ᠪᠠᠶᠢᠴᠠᠭᠠᠨ | ᠰᠤᠳᠤᠯᠤᠯᠲᠠ ᠬᠢᠬᠦ᠂ ᠠᠰᠠᠭᠤᠳᠠᠯ ᠢ ᠢᠯᠡᠷᠡᠭᠦᠯᠦᠭᠰᠡᠨ ᠪᠠ ᠰᠢᠢᠳᠪᠦᠷᠢᠯᠡᠭᠰᠡᠨ ᠨᠢ ᠨᠠᠩ ᠬᠦᠴᠦᠲᠡᠶ ᠡᠰᠡᠬᠦ ᠶᠢ | ᠪᠠᠶᠢᠴᠠᠭᠠᠨ ᠦᠵᠡᠬᠦ ᠬᠡᠷᠡᠭᠲᠡᠶ᠃ ᠵᠥᠷᠢᠶ᠎ᠡ ᠪᠠᠨ ᠡᠷᠢᠵᠦ ᠨᠠᠶᠢᠳᠠᠪᠤᠷᠢᠵᠢᠭᠤᠯᠤᠯᠲᠠ ᠶᠢ ᠠᠳᠬᠤᠬᠤ ᠲᠠᠢ | ᠬᠠᠷᠢᠴᠠᠭᠤᠯᠤᠨ ᠥᠪᠡᠷ ᠤᠨ ᠠᠰᠠᠭᠤᠳᠠᠯ ᠤᠨ ᠡᠬᠡ ᠳᠠᠩᠰᠠ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠨᠢ | ᠨᠠᠩ ᠪᠦᠬᠦ ᠲᠠᠯ᠎ᠠ ᠶᠢᠨ ᠪᠦᠲᠦᠮᠵᠢᠲᠡᠶ ᠪᠠᠶᠢᠬᠤ ᠡᠰᠡᠬᠦ ᠶᠢ ᠪᠠᠶᠢᠴᠠᠭᠠᠨ ᠦᠵᠡᠵᠦ ᠭᠤᠤᠯ ᠰᠡᠳᠦᠪᠲᠦ ᠬᠥᠮᠦᠵᠢᠯ ᠤᠨ | ︽ᠡᠷᠭᠢᠨ ᠬᠠᠷᠠᠬᠤ︾ ᠠᠵᠢᠯ ᠢ ᠨᠠᠷᠢᠨ ᠬᠢᠨᠠᠮᠠᠭᠠᠶ ᠦᠷᠨᠢᠬᠦᠯᠦᠨ ᠳᠤᠲᠠᠭᠤᠳᠠᠯ ᠢ ᠴᠠᠭ ᠲᠤᠬᠠᠶ ᠳᠤᠨᠢ ᠪᠠᠶᠢᠴᠠᠭᠠᠨ | ᠨᠥᠬᠦᠪᠥᠷᠢᠯᠡᠵᠦ ᠭᠤᠤᠯ ᠰᠡᠳᠦᠪᠲᠦ ᠬᠥᠮᠦᠵᠢᠯ ᠤᠨ ᠦᠨᠡᠨ ᠪᠣᠳᠠᠲᠠᠶ ᠦᠷ᠎ᠡ ᠪᠦᠲᠦᠮᠵᠢ ᠣᠯᠬᠤ ᠶᠢ ᠪᠠᠲᠤᠯᠠᠬᠤ | ᠬᠡᠷᠡᠭᠲᠡᠶ ᠭᠡᠵᠡᠢ᠃ | |