ᠮᠠᠨ ᠤ ᠬᠤᠰᠢᠭᠤ ᠰᠢᠨ᠎ᠡ ᠪᠠᠷ ᠳᠣᠰᠢᠶᠠᠯ ᠳᠤ ᠭᠠᠷᠬᠤ ᠬᠡᠵᠦ ᠪᠠᠶᠢᠭ᠎ᠠ ᠰᠠᠯᠠᠭᠠᠨ ᠳᠡᠰ ᠤᠨ ᠺᠠᠳ᠋ᠷᠴᠣᠳ  ᠲᠠᠢ ᠶᠠᠷᠢᠯᠴᠠᠬᠤ ᠬᠤᠷᠠᠯ ᠢ ᠬᠤᠷᠠᠯᠳᠣᠭᠤᠯᠪᠠ
ᠨᠡᠶᠢᠲᠡᠯᠡᠭᠰᠡᠨ ᠴᠠᠭ᠄
2019-11-21
     11 ᠰᠠᠷ᠎ᠠ ᠶᠢᠨ 15 ᠤ ᠡᠳᠦᠷ᠂  ᠮᠠᠨ ᠤ ᠬᠤᠰᠢᠭᠤ ᠰᠢᠨ᠎ᠡ ᠪᠠᠷ ᠳᠣᠰᠢᠶᠠᠯ ᠳᠤ ᠭᠠᠷᠬᠤ ᠬᠡᠵᠦ ᠪᠠᠶᠢᠭ᠎ᠠ ᠰᠠᠯᠠᠭᠠᠨ ᠳᠡᠰ ᠤᠨ ᠺᠠᠳ᠋ᠷᠴᠣᠳ ᠲᠠᠢ ᠶᠠᠷᠢᠯᠴᠠᠬᠤ ᠬᠤᠷᠠᠯ ᠢ ᠬᠤᠷᠠᠯᠳᠣᠭᠤᠯᠣᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠵᠣᠬᠢᠶᠠᠨ ᠪᠠᠶᠢᠭᠤᠯᠬᠤ ᠬᠡᠯᠳᠡᠰ ᠤᠨ ᠳᠠᠷᠤᠭ᠎ᠠ ᠰᠣ᠋ ᠰᠢᠨ ᠹᠠ ᠬᠤᠷᠠᠯ ᠳᠤ ᠣᠷᠣᠯᠴᠠᠵᠦ ᠶᠠᠷᠢᠶ᠎ᠠ ᠳᠠᠯᠪᠢᠪᠠ᠃ ᠪᠦᠬᠦ ᠬᠤᠰᠢᠭᠤᠨ ᠤ ᠰᠢᠨ᠎ᠡ ᠪᠠᠷ ᠳᠣᠰᠢᠶᠠᠯ ᠳᠤ ᠭᠠᠷᠬᠤ ᠬᠡᠵᠦ ᠪᠠᠶᠢᠭ᠎ᠠ ᠰᠠᠯᠠᠭᠠᠨ ᠳᠡᠰ ᠤᠨ ᠺᠠᠳ᠋ᠷᠴᠣᠳ ᠬᠤᠷᠠᠯ ᠳᠤ ᠣᠷᠣᠯᠴᠠᠪᠠ᠃      ᠬᠤᠷᠠᠯ ᠠᠴᠠ ᠵᠢᠭᠠᠬᠤ ᠳᠠᠭᠠᠨ᠂ ᠺᠠᠳ᠋ᠷ ᠢ ᠳᠣᠬᠢᠷᠠᠭᠤᠯᠵᠦ ᠪᠠᠶᠢᠭ᠎ᠠ ᠨᠢ ᠵᠦᠪᠬᠡᠨ ᠺᠠᠳ᠋ᠷᠴᠣᠳ ᠤᠨ ᠳᠣᠰ ᠪᠡᠶ᠎ᠡ ᠶᠢᠨ ᠠᠰᠢᠭ ᠳᠣᠰᠠ ᠲᠠᠢ ᠬᠤᠯᠪᠣᠭᠳᠠᠵᠦ ᠪᠠᠶᠢᠭ᠎ᠠ ᠶᠠᠪᠣᠳᠠᠯ ᠪᠢᠰᠢ᠂ ᠦᠦᠰᠢᠨ ᠬᠤᠰᠢᠭᠤᠨ ᠤ ᠬᠦᠭᠵᠢᠯᠳᠡ  ᠶᠢᠨ ᠶᠡᠭᠡ ᠪᠠᠶᠢᠳᠠᠯ ᠲᠠᠢ ᠨᠢᠭᠳᠠ ᠬᠤᠯᠪᠣᠭᠳᠠᠵᠦ ᠪᠠᠶᠢᠭ᠎ᠠ ᠶᠠᠪᠣᠳᠠᠯ ᠪᠣᠯᠣᠨ᠎ᠠ᠃ ︽ᠨᠠᠮ ᠵᠠᠰᠠᠭ ᠤᠨ ᠤᠳᠤᠷᠢᠳᠬᠤ ᠺᠠᠳ᠋ᠷᠴᠣᠳ ᠢ ᠳᠣᠰᠢᠶᠠᠯ ᠳᠤ ᠳᠣᠮᠢᠯᠠᠨ ᠠᠵᠢᠯᠯᠠᠭᠤᠯᠬᠤ ᠳᠦᠷᠢᠮ︾ ᠤᠨ ᠶᠣᠰᠣᠭᠠᠷ ᠠᠷᠠᠳᠴᠢᠯᠠᠯ ᠢ ᠪᠠᠳᠠᠷᠠᠭᠤᠯᠵᠦ ᠺᠠᠳ᠋ᠷ ᠣᠯᠠᠨ ᠲᠦᠮᠡᠨ ᠤ ᠰᠠᠨᠠᠯ᠂ ᠳᠣᠰ ᠬᠦᠮᠦᠨ ᠤ ᠬᠢᠨᠢ ᠰᠠᠨᠠᠯ ᠪᠠ ᠵᠣᠬᠢᠶᠠᠨ ᠪᠠᠶᠢᠭᠤᠯᠣᠯᠳᠠ ᠶᠢᠨ ᠵᠣᠷᠢᠯᠭ᠎ᠠ ᠶᠢ ᠣᠷᠭᠠᠨᠢᠭ ᠢᠶᠠᠷ ᠣᠶᠠᠯᠳᠣᠭᠤᠯᠵᠦ ᠣᠳᠣᠷᠢᠳᠬᠤ ᠪᠠᠭ ᠤᠨ ᠪᠦᠲᠦᠴᠡ ᠶᠢ ᠰᠢᠯᠢᠳᠡᠭᠵᠢᠬᠦᠯᠵᠦ ᠣᠳᠣᠷᠢᠳᠣᠯᠭ᠎ᠠ ᠶᠢᠨ ᠬᠦᠴᠦᠨ ᠢ ᠴᠢᠩᠭᠠᠳᠬᠠᠨ ᠠᠵᠢᠯ ᠤᠨ ᠨᠠᠶᠢᠳᠠᠪᠣᠷᠢᠵᠢᠭᠤᠯᠣᠯᠲᠠ ᠶᠢ ᠠᠬᠢᠭᠤᠯᠬᠤ ᠪᠠᠷ ᠵᠣᠷᠢᠯᠭ᠎ᠠ ᠪᠠᠨ ᠪᠣᠯᠭᠠᠵᠦ ᠪᠦᠬᠦ ᠬᠤᠰᠢᠭᠤᠨ ᠤ ᠡᠯ᠎ᠡ ᠭᠠᠵᠠᠷ ᠡᠯ᠎ᠡ ᠰᠠᠯᠠᠭ᠎ᠠ ᠮᠦᠴᠢᠷ ᠤᠨ ᠣᠳᠣᠷᠢᠳᠬᠤ ᠪᠠᠭ ᠢ ᠪᠦᠷᠢᠨ ᠳᠡᠬᠦᠯᠳᠡᠷ ᠪᠣᠯᠭᠠᠵᠦ ᠪᠠᠶᠢᠭ᠎ᠠ ᠶᠣᠮ ᠬᠡᠪᠡ᠃      ᠬᠤᠷᠠᠯ ᠠᠴᠠ ᠴᠢᠬᠤᠯᠠᠴᠢᠯᠠᠬᠤ ᠳᠠᠭᠠᠨ᠂ ᠰᠢᠨ᠎ᠡ ᠪᠠᠷ ᠳᠣᠰᠢᠶᠠᠯ ᠳᠤ ᠭᠠᠷᠬᠤ ᠬᠡᠵᠦ ᠪᠠᠶᠢᠭ᠎ᠠ ᠺᠠᠳ᠋ᠷᠴᠣᠳ ᠣᠯᠣᠰ ᠳᠦᠷᠦ ᠶᠢᠨ ᠦᠵᠡᠯᠳᠡ᠂ ᠬᠠᠷᠢᠭᠤᠴᠠᠯᠭᠠᠲᠣ ᠣᠪᠣᠷ ᠪᠠ ᠪᠦᠯᠬᠦᠮᠳᠡᠯ ᠢ ᠴᠢᠩᠭᠠᠳᠬᠠᠵᠦ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ ᠣᠯᠣᠰ ᠤᠨ ᠣᠨᠴᠠᠯᠢᠭ ᠲᠠᠢ ᠨᠡᠶᠢᠬᠡᠮ ᠵᠢᠷᠣᠮ ᠤᠨ ᠦᠵᠡᠯ ᠰᠠᠨᠠᠭ᠎ᠠ ᠪᠠ ᠦᠪᠦᠷ ᠮᠣᠩᠭᠤᠯ ᠳᠤ ᠰᠢᠨᠵᠢᠯᠡᠨ ᠪᠠᠶᠢᠴᠠᠭᠠᠯᠲᠠ ᠬᠢᠬᠦ ᠦᠶ᠎ᠡ ᠶᠢᠨ ᠴᠢᠬᠤᠯᠠ ᠶᠠᠷᠢᠶ᠎ᠠ᠂ ᠴᠢᠬᠤᠯᠠ ᠴᠣᠬᠤᠯᠠᠪᠣᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠣᠷᠣᠯᠴᠠᠨ ᠲᠤᠭᠤᠰᠢᠯᠠᠭᠤᠯᠵᠤ ︽ᠳᠦᠷᠪᠡᠨ ᠣᠬᠠᠮᠰᠠᠷ︾ ᠢ ᠪᠣᠢ ᠪᠣᠯᠭᠠᠵᠦ ︽ᠳᠦᠷᠪᠡᠨ ᠢᠳᠡᠭᠡᠯ︾ ᠢᠶᠠᠨ ᠪᠠᠳᠣᠳᠬᠠᠵᠦ ︽ᠬᠤᠶᠠᠷ ᠢ ᠬᠠᠮᠠᠭᠠᠯᠠᠬᠤ︾ ᠶᠢ ᠡᠷᠡᠰ ᠪᠠᠷᠢᠮᠳᠠᠯᠠᠵᠦ ᠪᠦᠯᠬᠦᠮᠳᠡᠨ ᠨᠢᠭᠳᠠᠷᠠᠵᠦ ᠰᠢᠨ᠎ᠡ ᠬᠡᠪ ᠪᠠᠶᠢᠳᠠᠯ ᠢᠶᠠᠷ ᠰᠢᠨ᠎ᠡ ᠪᠦᠲᠦᠮᠵᠢ ᠭᠠᠷᠭᠠᠵᠦ ᠦᠢᠯᠡᠰ ᠢᠶᠠᠨ ᠳᠡᠭᠡᠳᠦᠯᠡᠵᠦ   ᠪᠣᠳᠠᠳᠣ ᠦᠢᠯᠡᠳᠦᠯᠬᠡ ᠪᠠᠷ ᠬᠦᠴᠢᠷ ᠪᠡᠷᠭᠡ ᠶᠢ ᠢᠯᠠᠨ ᠳᠠᠪᠠᠵᠦ ᠰᠠᠨᠠᠭ᠎ᠠ ᠠᠬᠤᠢ ᠪᠠᠨ ᠵᠣᠬᠢᠴᠠᠭᠤᠯᠣᠨ ᠠᠵᠢᠯ ᠤᠨ ᠰᠢᠨ᠎ᠡ ᠱᠠᠭᠠᠷᠳᠠᠯᠭ᠎ᠠ ᠳᠤ ᠦᠳᠳᠡᠷ ᠳᠦᠷᠭᠡᠨ ᠵᠣᠬᠢᠴᠠᠵᠦ ᠣᠷᠬᠢᠯᠣᠮ᠎ᠠ ᠬᠠᠯᠠᠭᠤᠨ ᠰᠡᠳᠬᠢᠯᠬᠡ ᠪᠠᠷ ᠡᠷᠡᠮᠡᠬᠡᠶᠢᠯᠡᠨ ᠣᠷᠣᠭᠰᠢᠯᠠᠵᠦ  ᠡᠬᠦᠷᠭᠡ ᠳᠣᠰᠢᠶᠠᠯ ᠢᠶᠠᠨ ᠰᠠᠶᠢᠳᠣᠷ ᠪᠡᠶᠡᠯᠡᠬᠦᠯᠦᠨ ᠲᠦᠪ ᠭᠤᠣᠯᠴᠢ᠂ ᠠᠷᠢᠭᠤᠨ ᠴᠢᠬᠡᠴᠢ᠂ ᠠᠷᠠᠳ  ᠤᠨ ᠳᠦᠯᠦᠬᠡ ᠬᠡᠰᠡᠨ ᠰᠠᠶᠢᠨ ᠺᠠᠳ᠋ᠷ ᠪᠣᠯᠵᠦ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠣᠨ ᠨᠣᠮᠢᠨ ᠳᠠᠩᠰᠤᠭ ᠬᠦᠭᠵᠢᠨ ᠮᠠᠨᠳᠣᠯᠳᠠ ᠶᠢ ᠪᠡᠶᠡᠯᠡᠬᠦᠯᠬᠦ ᠳᠤ ᠴᠦᠬᠦᠷᠡᠰᠢ ᠦᠬᠡᠢ ᠴᠢᠷᠮᠠᠶᠢᠯᠭ᠎ᠠ ᠪᠠ ᠨᠡᠩ ᠶᠡᠭᠡ ᠬᠤᠪᠢ ᠨᠡᠮᠡᠷᠢ ᠪᠠᠨ ᠦᠵᠡᠬᠦᠯᠬᠦ ᠬᠡᠷᠡᠭᠲᠡᠢ ᠬᠡᠪᠡ᠃      ᠬᠤᠷᠠᠯ ᠳᠡᠭᠡᠷ᠎ᠡ᠂ ᠰᠢᠨ᠎ᠡ ᠪᠠᠷ ᠳᠣᠰᠢᠶᠠᠯ ᠳᠤ ᠭᠠᠷᠬᠤ ᠬᠡᠵᠦ ᠪᠠᠶᠢᠭ᠎ᠠ ᠰᠠᠯᠠᠭᠠᠨ ᠳᠡᠰ ᠤᠨ ᠺᠠᠳ᠋ᠷᠴᠣᠳ ᠤᠨ ᠳᠦᠯᠦᠬᠡᠯᠡᠭᠴᠢ ᠠᠴᠠ ᠣᠪᠣᠷ ᠢᠶᠠᠨ ᠢᠯᠡᠳᠬᠡᠬᠦ ᠶᠠᠷᠢᠶ᠎ᠠ ᠳᠠᠯᠪᠢᠵᠦ ᠬᠠᠮᠢᠶ᠎ᠠ ᠪᠦᠬᠦᠢ ᠠᠮᠠᠯᠠᠯᠳᠠ ᠶᠢᠨ ᠪᠢᠴᠢᠭ ᠳᠣᠭᠳᠠᠪᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号