ᠪᠦᠭᠦ ᠬᠤᠳᠠ ᠶᠢᠨ ᠠᠭᠤᠷᠬᠠᠢ ᠶᠢᠨ ᠡᠭᠢ ᠪᠠᠶᠠᠯᠢᠭ ᠤᠨ ᠭᠦᠷᠢᠶ᠎ᠡ ᠴᠠᠷᠠᠭᠠᠨ ᠳᠠᠬᠢ ᠲᠤᠪᠤᠶᠢᠮ᠎ᠠ ᠠᠰᠠᠭᠤᠳᠡᠯ ᠢ ᠲᠤᠰᠬᠠᠢ ᠵᠠᠰᠠᠨ ᠴᠡᠭᠴᠡᠯᠡᠭᠦ ᠠᠵᠢᠯ ᠤᠨ ᠲᠠᠶᠢᠴᠢᠯᠠᠯᠳᠡ ᠪᠠᠶᠢᠷᠢᠯᠠᠭᠤᠯᠤᠯᠳᠡ ᠶᠢᠨ ᠲᠧᠯᠸᠢᠰ ᠳ᠋ᠢᠶᠠᠩᠬᠤᠸᠠ ᠬᠤᠷᠡᠯ ᠬᠤᠷᠠᠯᠳᠤᠵᠤ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠵᠡᠷᠭᠡ ᠤᠳᠤᠷᠢᠳᠤᠯᠭ᠎ᠠ ᠸᠢᠳᠢᠤ᠋ ᠬᠤᠷᠠᠯ ᠤᠨ ᠬᠡᠯᠪᠡᠷᠢ ᠪᠠᠷ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2019-11-21
     11 ᠰᠠᠷ᠎ᠠ ᠶᠢᠨ 19 ᠤ ᠡᠳᠦᠷ᠂ ᠬᠤᠳᠠ ᠶᠢᠨ ᠨᠠᠮ ᠤᠨ ᠬᠤᠷᠢᠶ᠎ᠡ᠂ ᠬᠤᠳᠠ ᠶᠢᠨ ᠵᠠᠰᠠᠭ ᠤᠨ ᠤᠷᠳᠤᠨ ᠪᠦᠭᠦ ᠬᠤᠳᠠ ᠶᠢᠨ ᠠᠭᠤᠷᠬᠠᠢ ᠶᠢᠨ ᠡᠭᠢ ᠪᠠᠶᠠᠯᠢᠭ ᠤᠨ ᠭᠦᠷᠢᠶ᠎ᠡ ᠴᠠᠷᠠᠭᠠᠨ ᠳᠠᠬᠢ ᠲᠤᠪᠤᠶᠢᠮ᠎ᠡ ᠠᠰᠠᠭᠤᠳᠡᠯ ᠢ ᠲᠤᠰᠬᠠᠢ ᠵᠠᠰᠠᠨ ᠴᠡᠭᠴᠡᠯᠡᠭᠦ ᠠᠵᠢᠯ ᠤᠨ ᠲᠠᠶᠢᠴᠢᠯᠠᠯᠳᠡ ᠪᠠᠶᠢᠷᠢᠯᠠᠭᠤᠯᠤᠯᠳᠡ ᠶᠢᠨ ᠲᠧᠯᠸᠢᠰ ᠳ᠋ᠢᠶᠠᠩᠬᠤᠸᠠ ᠬᠤᠷᠡᠯ ᠢ ᠬᠤᠷᠡᠯᠳᠤᠭᠤᠯᠵᠤ᠂ ᠰᠢ ᠶᠢᠨ ᠫᠢᠡᠭ ᠶᠠᠷᠦᠩᠭᠡᠢ ᠱᠦᠵᠢ ᠶᠢᠨ ᠴᠢᠬᠤᠯᠡ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ᠂ ᠪᠦᠭᠦ ᠤᠷᠤᠨ ᠤ ᠠᠭᠤᠷᠬᠠᠢ ᠶᠢᠨ ᠡᠭᠢ ᠪᠠᠶᠠᠯᠢᠭ ᠤᠨ ᠭᠦᠷᠢᠶ᠎ᠡ ᠴᠠᠷᠠᠭᠠᠨ ᠳᠠᠬᠢ ᠲᠤᠪᠤᠶᠢᠮ᠎ᠡ ᠠᠰᠠᠭᠤᠳᠡᠯ ᠢ ᠲᠤᠰᠬᠠᠢ ᠵᠠᠰᠠᠨ ᠴᠡᠭᠴᠡᠯᠡᠭᠦ ᠠᠵᠢᠯ ᠤᠨ ᠲᠠᠶᠢᠴᠢᠯᠠᠯᠳᠡ ᠪᠠᠶᠢᠷᠢᠯᠠᠭᠤᠯᠤᠯᠳᠡ ᠶᠢᠨ ᠲᠧᠯᠸᠢᠰ ᠳ᠋ᠢᠶᠠᠩᠬᠤᠸᠠ ᠬᠤᠷᠡᠯ ᠤᠨ ᠵᠤᠷᠢᠭ ᠰᠠᠨᠠᠭ᠎ᠠ ᠶᠢ ᠪᠦᠭᠦ ᠲᠡᠯ᠎ᠡ ᠪᠠᠷ ᠨᠠᠶᠢᠳᠠᠪᠤᠷᠢᠵᠢᠭᠤᠯᠵᠤ᠂ ᠬᠤᠳᠠ ᠶᠢᠨ ᠲᠤᠰᠬᠠᠢ ᠵᠠᠰᠠᠨ ᠴᠡᠭᠴᠡᠯᠡᠭᠦ ᠠᠵᠢᠯ ᠢ ᠲᠤᠭᠢᠷᠠᠭᠤᠯᠤᠨ ᠪᠠᠶᠢᠷᠢᠯᠠᠭᠤᠯᠪᠡ᠃      ᠬᠤᠳᠠ ᠶᠢᠨ ᠨᠠᠮ ᠤᠨ ᠬᠤᠷᠢᠶᠡᠨ ᠤ ᠱᠦᠵᠢ ᠨᠢᠦ ᠵᠢᠶᠦ᠋ᠨ ᠶᠡᠨ ᠬᠤᠷᠡᠯ ᠳᠤ ᠤᠷᠤᠯᠴᠠᠬᠤ ᠶᠢᠨ ᠬᠠᠮᠳᠤ ᠶᠠᠷᠢᠶ᠎ᠡ ᠲᠡᠯᠪᠢᠵᠡᠢ᠃ ᠬᠤᠳᠠ ᠶᠢᠨ ᠨᠠᠮ ᠤᠨ ᠬᠤᠷᠢᠶᠡᠨ ᠤ ᠲᠡᠳ᠋ ᠱᠦᠵᠢ᠂ ᠬᠤᠳᠠ ᠶᠢᠨ ᠲᠠᠷᠤᠭ᠎ᠠ ᠰᠡᠴᠡᠨᠪᠢᠯᠢᠭ ᠬᠤᠷᠡᠯ ᠢ ᠡᠷᠭᠢᠯᠡᠭᠦ ᠶᠢᠨ ᠬᠠᠮᠳᠤ ᠶᠠᠷᠢᠶ᠎ᠡ ᠲᠡᠯᠪᠢᠪᠠ᠃      ᠨᠢᠦ ᠵᠢᠶᠦ᠋ᠨ ᠶᠡᠨ ᠠᠭᠤᠷᠬᠠᠢ ᠶᠢᠨ ᠡᠭᠢ ᠪᠠᠶᠠᠯᠢᠭ ᠤᠨ ᠭᠦᠷᠢᠶ᠎ᠡ ᠴᠠᠷᠠᠭᠠᠨ ᠳᠠᠬᠢ ᠲᠤᠪᠤᠶᠢᠮ᠎ᠡ ᠠᠰᠠᠭᠤᠳᠡᠯ ᠢ ᠲᠤᠰᠬᠠᠢ ᠵᠠᠰᠠᠨ ᠴᠡᠭᠴᠡᠯᠡᠭᠦ ᠠᠵᠢᠯ ᠢ ᠰᠠᠶᠢᠳᠤᠷ ᠦᠷᠨᠢᠭᠦᠯᠭᠦ ᠪᠤᠯ ᠤᠳᠤᠬᠠᠨ ᠤ ᠪᠡ ᠬᠤᠶᠢᠰᠢᠳᠡ ᠶᠢᠨ ᠬᠤᠭᠤᠴᠠᠭᠠᠨ ᠤ ᠴᠢᠬᠤᠯᠡ ᠶᠡᠭᠡ ᠤᠯᠤᠰ ᠲᠦᠷᠦ ᠶᠢᠨ ᠡᠭᠦᠷᠭᠡ ᠪᠤᠯᠤᠨ᠎ᠡ᠃ ᠡᠯ᠎ᠡ ᠱᠠᠳᠤᠨ ᠤ ᠡᠯ ᠎ᠡ ᠬᠤᠯᠪᠤᠬᠳᠡᠯ ᠪᠦᠭᠦᠢ ᠰᠠᠯᠠᠭ᠎ᠠ ᠮᠦᠴᠢᠷ ᠤᠯᠤᠰ ᠲᠦᠷᠦ ᠶᠢᠨ ᠵᠤᠬᠰᠤᠴᠡ ᠪᠠᠨ ᠲᠡᠭᠡᠭᠰᠢᠯᠡᠭᠦᠯᠤᠨ᠂ ᠲᠤᠰᠬᠠᠢ ᠵᠠᠰᠠᠨ ᠴᠡᠭᠴᠡᠯᠡᠭᠦ ᠠᠵᠢᠯ ᠤᠨ ᠴᠢᠬᠤᠯᠡ ᠶᠡᠭᠡ ᠠᠴᠢ ᠬᠤᠯᠪᠤᠬᠳᠡᠯ ᠢ ᠭᠦᠨᠵᠡᠭᠡᠢ ᠲᠡᠨᠢᠵᠤ᠂ ᠡᠯ᠎ᠡ ᠲᠦᠷᠦᠯ ᠤᠨ ᠠᠵᠢᠯ ᠢ ᠰᠠᠶᠢᠳᠤᠷ ᠭᠢᠭᠦ ᠤᠯᠤᠰ ᠲᠦᠷᠦ ᠶᠢᠨ ᠬᠠᠷᠢᠭᠤᠴᠠᠯᠭᠠᠳᠤ ᠰᠡᠳᠭᠢᠯᠭᠡ᠂ ᠪᠤᠳᠠᠳᠤ ᠪᠠᠴᠢᠮ ᠲᠤᠯᠭᠠᠮ᠎ᠠ ᠰᠡᠳᠭᠢᠯᠭᠡ ᠪᠡ ᠲᠡᠤᠭᠡᠳᠤ ᠡᠭᠦᠷᠭᠡᠳᠤ ᠰᠡᠳᠭᠢᠯᠭᠡ ᠪᠠᠨ ᠦᠨᠡᠨ ᠭᠦ ᠨᠡᠮᠡᠭᠳᠡᠭᠦᠯᠵᠤ᠂ ᠤᠳᠤᠬᠠᠨ ᠳᠤ ᠶᠠᠭ ᠦᠷᠨᠢᠭᠦᠯᠵᠤ ᠪᠠᠶᠢᠭ᠎ᠠ ︽ᠤᠭ ᠰᠠᠨᠠᠭ᠎ᠠ ᠪᠠᠨ ᠦᠯᠦ ᠮᠡᠷᠳᠡᠵᠤ᠂ ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠭᠦ︾ ᠭᠤᠤᠯ ᠰᠡᠳᠦᠪᠳᠤ ᠭᠦᠮᠦᠵᠢᠯ ᠲᠠᠢ ᠤᠶᠠᠯᠳᠤᠭᠤᠯᠤᠨ᠂ ᠡᠷᠡᠰ ᠴᠢᠩᠭ᠎ᠠ ᠤᠪᠤᠷ ᠢᠶᠠᠷ ᠲᠤᠰᠬᠠᠢ ᠵᠠᠰᠠᠨ ᠴᠡᠭᠴᠡᠯᠡᠭᠦ ᠠᠵᠢᠯ ᠢ ᠴᠢᠩᠭ᠎ᠠ ᠠᠳᠬᠤᠵᠤ᠂ ᠠᠭᠤᠷᠬᠠᠢ ᠶᠢᠨ ᠦᠢᠯᠡᠰ ᠤᠨ ᠠᠵᠤ ᠠᠬᠤᠢ᠂ ᠠᠵᠤ ᠠᠬᠤᠢ ᠨᠡᠶᠢᠭᠡᠮ ᠤᠨ ᠭᠦᠭᠵᠢᠯᠳᠡ ᠶᠢᠨ ᠴᠢᠨᠡᠷᠵᠢᠯ ᠪᠠ ᠦᠷ᠎ᠡ ᠠᠰᠢᠭ ᠤᠨ ᠬᠤᠤᠰ ᠲᠡᠭᠡᠭᠰᠢᠯᠡᠯᠳᠡ ᠶᠢ ᠪᠠᠶᠠᠯᠡᠭᠦᠯᠭᠦ ᠭᠡᠷᠡᠭᠳᠡᠢ ᠭᠡᠵᠤ ᠵᠢᠭᠠᠵᠤ ᠭᠠᠷᠭᠠᠪᠡ᠃      ᠨᠢᠦ ᠵᠢᠶᠦ᠋ᠨ ᠶᠡᠨ ᠡᠯ᠎ᠡ ᠱᠠᠳᠤᠨ ᠤ ᠡᠯ᠎ᠡ ᠬᠤᠯᠪᠤᠬᠳᠡᠯ ᠪᠦᠭᠦᠢ ᠰᠠᠯᠠᠭ᠎ᠠ ᠮᠦᠴᠢᠷ ᠮᠠᠨ ᠤ ᠬᠤᠳᠠ ᠶᠢᠨ ᠲᠤᠰᠬᠠᠢ ᠵᠠᠰᠠᠨ ᠴᠡᠭᠴᠡᠯᠡᠭᠦ ᠠᠵᠢᠯ ᠤᠨ ᠲᠦᠰᠦᠯ ᠤᠨ ᠱᠠᠭᠠᠷᠳᠠᠯᠭ᠎ᠠ ᠶᠤᠰᠤᠭᠠᠷ ᠵᠠᠩᠭᠢᠯᠠᠭ᠎ᠠ ᠭᠤᠤᠯᠳᠠᠯᠭ᠎ᠠ ᠶᠢᠨ ᠲᠤᠭᠤᠷᠢᠨ ᠳᠤ ᠵᠠᠰᠠᠨ ᠴᠡᠭᠴᠡᠯᠡᠯᠳᠡ ᠶᠢ ᠪᠦᠭᠦ ᠲᠡᠯ᠎ᠡ ᠪᠠᠷ ᠦᠷᠨᠢᠭᠦᠯᠵᠤ᠂ ᠡᠯ᠎ᠡ ᠲᠦᠷᠦᠯ ᠤᠨ ᠵᠠᠰᠠᠨ ᠴᠡᠭᠴᠡᠯᠡᠭᠦ ᠡᠭᠦᠷᠭᠡ ᠶᠢ ᠴᠢᠨᠡᠷ ᠰᠠᠶᠢᠳᠡᠢ᠂ ᠦᠨᠳᠦᠷ ᠪᠠᠷᠢᠮᠵᠢᠶ᠎ᠡ ᠪᠠᠷ ᠪᠠᠶᠠᠯᠡᠭᠦᠯᠭᠦ ᠶᠢ ᠪᠠᠳᠤᠯᠠᠬᠤ ᠭᠡᠷᠡᠭᠳᠡᠢ᠃ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠵᠤᠭᠢᠶᠡᠨ ᠪᠠᠶᠢᠭᠤᠯᠤᠯᠳᠡ ᠶᠢᠨ ᠤᠳᠤᠷᠢᠳᠤᠯᠭ᠎ᠠ ᠪᠠᠨ ᠴᠢᠨᠠᠬᠰᠢᠳᠡ ᠡᠷᠴᠢᠮᠵᠢᠭᠦᠯᠵᠤ᠂ ᠬᠠᠷᠢᠭᠤᠴᠠᠯᠭ᠎ᠠ ᠨᠡᠭᠡᠮᠵᠢᠯᠡᠵᠤ ᠬᠠᠷᠢᠭᠤᠴᠠᠯᠭ᠎ᠠ ᠲᠤᠯᠭᠠᠬᠤ ᠶᠢ ᠴᠢᠩᠭᠠᠳᠬᠠᠨ᠂ ᠴᠢᠩᠭ᠎ᠠ ᠪᠤᠳᠠᠳᠡᠢ ᠰᠤᠷᠳᠡᠯ ᠢᠶᠠᠷ ᠲᠤᠰᠬᠠᠢ ᠵᠠᠰᠠᠨ ᠴᠡᠭᠴᠡᠯᠡᠭᠦ ᠠᠵᠢᠯ ᠤᠨ ᠤᠷᠤᠬᠰᠢᠳᠡᠢ ᠶᠠᠪᠤᠬᠳᠠᠬᠤ ᠶᠢ ᠪᠠᠳᠤᠯᠠᠵᠤ᠂ ᠠᠵᠤ ᠠᠬᠤᠢ ᠶᠢᠨ ᠴᠢᠨᠡᠷ ᠰᠠᠶᠢᠳᠡᠢ ᠭᠦᠭᠵᠢᠯᠳᠡ ᠪᠡ ᠨᠡᠶᠢᠭᠡᠮ ᠤᠨ ᠶᠡᠭᠡ ᠲᠡᠯ᠎ᠡ ᠶᠢᠨ ᠲᠤᠬᠳᠠᠭᠤᠨ ᠳᠤ ᠢᠳᠡᠪᠭᠢᠳᠡᠢ ᠬᠤᠪᠢ ᠨᠠᠮᠠᠷᠢ ᠦᠵᠡᠭᠦᠯᠭᠦ ᠭᠡᠷᠡᠭᠳᠡᠢ ᠭᠡᠵᠤ ᠴᠢᠬᠤᠯᠠᠴᠢᠯᠡᠪᠡ᠃      ᠰᠡᠴᠡᠨᠪᠢᠯᠢᠭ ᠡᠯ᠎ᠡ ᠬᠤᠰᠢᠭᠤ ᠲᠤᠭᠤᠷᠢᠭ᠂ ᠡᠯ᠎ᠡ ᠰᠠᠯᠠᠭ᠎ᠠ ᠮᠦᠴᠢᠷ ᠦᠪᠡᠷᠳᠡᠭᠡᠨ ᠵᠠᠰᠠᠬᠤ ᠤᠷᠤᠨ ᠪᠡ ᠬᠤᠳᠠ ᠶᠢᠨ ᠨᠠᠮ ᠤᠨ ᠬᠤᠷᠢᠶ᠎ᠡ᠂ ᠵᠠᠰᠠᠭ ᠤᠨ ᠤᠷᠳᠤᠨ ᠤ ᠪᠠᠶᠢᠷᠢᠯᠠᠭᠤᠯᠤᠯᠳᠡ ᠱᠠᠭᠠᠷᠳᠠᠯᠭ᠎ᠠ ᠶᠤᠰᠤᠭᠠᠷ ᠲᠠᠷᠦ᠋ᠢᠬᠠᠨ ᠲᠠᠶᠢᠴᠢᠯᠠᠯᠳᠡ ᠪᠠᠶᠢᠷᠢᠯᠠᠭᠤᠯᠤᠯᠳᠡ ᠭᠢᠵᠤ᠂ ᠲᠤᠰᠬᠠᠢ ᠵᠠᠰᠠᠨ ᠴᠡᠭᠴᠡᠯᠡᠭᠦ ᠠᠵᠢᠯ ᠢ ᠪᠦᠭᠦ ᠲᠡᠯ᠎ᠡ ᠪᠠᠷ ᠡᠭᠢᠯᠡᠭᠦᠯᠭᠦ ᠭᠡᠷᠡᠭᠳᠡᠢ᠃ ᠢᠯᠡᠴᠢᠯᠡᠨ ᠮᠡᠳᠡᠭᠦᠯᠭᠦ ᠤᠳᠠᠰᠤ ᠶᠢ ᠢᠯᠡ ᠪᠠᠷ ᠨᠡᠶᠢᠳᠡᠯᠡᠵᠤ᠂ ᠨᠡᠶᠢᠭᠡᠮ ᠤᠨ ᠡᠯ᠎ᠡ ᠡᠳᠡᠭᠡᠳ ᠤᠨ ᠭᠢᠨᠠᠯᠳᠡ ᠶᠢ ᠭᠦᠯᠢᠶᠡᠨ᠂ ᠲᠤᠰᠬᠠᠢ ᠵᠠᠰᠠᠨ ᠴᠡᠭᠴᠡᠯᠡᠭᠦ ᠠᠵᠢᠯ ᠤᠨ ᠢᠯᠡ ᠲᠤᠳᠤ᠂ ᠴᠢᠩᠭ᠎ᠠ ᠪᠤᠳᠠᠳᠡᠢ᠂ ᠦᠷᠭᠦᠯᠵᠢᠯᠡᠨ ᠦᠨᠳᠦᠷ ᠪᠦᠳᠦᠮᠵᠢᠳᠡᠢ ᠪᠠᠶᠢᠬᠤ ᠶᠢ ᠪᠠᠳᠤᠯᠠᠬᠤ ᠭᠡᠷᠡᠭᠳᠡᠢ᠃ ᠲᠦᠪ ᠬᠤᠷᠢᠶ᠎ᠡ᠂ ᠦᠪᠡᠷᠳᠡᠭᠡᠨ ᠵᠠᠰᠠᠬᠤ ᠤᠷᠤᠨ ᠤ ᠠᠭᠤᠷᠬᠠᠢ ᠶᠢᠨ ᠡᠭᠢ ᠪᠠᠶᠠᠯᠢᠭ ᠤᠨ ᠭᠦᠷᠢᠶ᠎ᠡ ᠴᠠᠷᠠᠭᠠᠨ ᠳᠠᠬᠢ ᠲᠤᠪᠤᠶᠢᠮ᠎ᠡ ᠠᠰᠠᠭᠤᠳᠡᠯ ᠢ ᠲᠤᠰᠬᠠᠢ ᠵᠠᠰᠡᠨ ᠴᠡᠭᠴᠡᠯᠡᠭᠦ ᠲᠤᠬᠠᠢ ᠲᠦᠷᠦ ᠶᠢᠨ ᠪᠤᠳᠤᠯᠭ᠎ᠠ ᠠᠷᠭ᠎ᠠ ᠠᠪᠴᠡᠯ ᠢ ᠭᠢᠨᠠᠮᠠᠭᠠᠢ ᠰᠤᠳᠤᠯᠵᠤ᠂ ᠠᠰᠠᠭᠤᠳᠡᠯ ᠢ ᠦᠨᠡᠨ ᠭᠦ ᠤᠨᠤᠪᠴᠢᠳᠡᠢ ᠡᠷᠢᠨ᠂ ᠪᠠᠶᠢᠳᠡᠯ ᠢ ᠲᠤᠳᠤᠷᠬᠠᠢ ᠤᠢᠢᠯᠠᠭᠠᠵᠤ᠂ ᠱᠠᠳᠤ ᠦᠶ᠎ᠡ ᠬᠤᠪᠢᠶᠡᠨ᠂ ᠠᠯᠬᠤᠮ ᠲᠠᠷᠠᠭᠠᠯᠡᠯ ᠬᠤᠪᠢᠶᠠᠵᠤ᠂ ᠡᠯ᠎ᠡ ᠲᠦᠷᠦᠯ ᠤᠨ ᠵᠠᠰᠠᠨ ᠴᠡᠭᠴᠡᠯᠡᠭᠦ ᠠᠵᠢᠯ ᠢ ᠭᠤᠤᠯᠳᠠᠯᠭ᠎ᠠ ᠲᠠᠢ ᠠᠭᠢᠭᠤᠯᠤᠨ᠂ ᠡᠯ᠎ᠡ ᠲᠦᠷᠦᠯ ᠤᠨ ᠠᠵᠢᠯ ᠤᠨ ᠡᠭᠦᠷᠭᠡ ᠶᠢ ᠲᠤᠬᠳᠠᠬᠰᠡᠨ ᠬᠤᠭᠤᠴᠠᠭᠠᠨ ᠳᠤ ᠴᠢᠨᠡᠷᠵᠢᠯ ᠲᠠᠢ ᠪᠠᠶᠠᠯᠡᠭᠦᠯᠭᠦ ᠶᠢ ᠪᠠᠳᠤᠯᠡᠵᠤ᠂ ᠴᠢᠨᠡᠷ ᠰᠠᠶᠢᠳᠡᠢ ᠵᠠᠰᠠᠨ ᠴᠡᠭᠴᠡᠯᠡᠭᠰᠡᠨ ᠦᠷ᠎ᠡ ᠪᠦᠳᠦᠮᠵᠢ ᠪᠠᠷ ᠪᠦᠭᠦ ᠬᠤᠳᠠ ᠶᠢᠨ ᠠᠵᠤ ᠠᠬᠤᠢ ᠶᠢᠨ ᠴᠢᠨᠡᠷ ᠰᠠᠶᠢᠳᠡᠢ ᠭᠦᠭᠵᠢᠯᠳᠡ ᠶᠢ ᠦᠨᠡᠨ ᠭᠦ ᠠᠭᠢᠭᠤᠯᠬᠤ ᠭᠡᠷᠡᠭᠳᠡᠢ ᠭᠡᠵᠤ ᠴᠢᠬᠤᠯᠠᠴᠢᠯᠡᠪᠡ᠃      ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠭᠦᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠬᠢᠨᠠᠨ ᠪᠠᠶᠢᠴᠠᠭᠠᠬᠤ ᠬᠤᠷᠢᠶᠠᠨ ᠤ ᠡᠷᠬᠢᠯᠡᠭᠴᠢ ᠯᠠᠨ ᠲᠢᠶᠠᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠭᠦᠨ ᠬᠤᠰᠢᠭᠤ ᠳᠡᠳ᠋ ᠳᠠᠷᠤᠭ᠎ᠠ ᠯᠢ ᠵᠦᠩ ᠯᠢᠨ᠂ ᠬᠤᠰᠢᠭᠤ ᠲᠡᠳ᠋ ᠲᠷᠤᠭ᠎ᠠ ᠵᠸᠥ ᠱᠤᠸᠠᠢ ᠮᠠᠨ ᠤ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠢ ᠳᠤ ᠣᠷᠣᠯᠴᠠᠭᠰᠠᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号