ᠮᠠᠨ ᠤ ᠬᠤᠰᠢᠭᠤ ᠲᠣᠭᠤᠷᠢᠨ ᠪᠠᠶᠢᠴᠠᠭᠠᠯᠲᠠ ᠳᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2019-11-21
     11 ᠰᠠᠷ᠎ᠠ ᠶᠢᠨ 15 ᠤ ᠡᠳᠦᠷ᠂ ᠮᠠᠨ ᠤ ᠬᠤᠰᠢᠭᠤ ᠲᠣᠭᠤᠷᠢᠨ ᠪᠠᠶᠢᠴᠠᠭᠠᠯᠲᠠ ᠳᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠢᠪᠡ᠃ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠰᠤᠷᠭᠠᠯᠳᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠰᠦ᠋ ᠰᠢᠨ ᠹᠡ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠳᠡᠳ᠋ ᠳᠠᠷᠤᠭ᠎ᠠ ᠵᠠᠩ ᡁᠢ ᠰᠢᠦ᠋ᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠠᠮ ᠤᠨ ᠬᠤᠷᠢᠶᠠᠨ ᠤ ᠠᠯᠪᠠᠨ ᠭᠡᠷ ᠤᠨ ᠡᠷᠭᠢᠯᠡᠭᠴᠢ ᠵᠤᠤ ᠶᠦᠩ ᠹᠧᠩ᠂ ᠬᠤᠰᠢᠭᠤ ᠤᠳᠤᠷᠢᠳᠤᠯᠭ᠎ᠠ ᠵᠸᠤ ᠱᠤᠸᠠᠢ᠂ ᠪᠠᠶᠠᠠᠴᠠᠩᠭᠡᠯ ᠵᠢᠴᠢ ᠬᠤᠰᠢᠭᠤ ᠵᠠᠰᠠᠭ ᠤᠨ ᠣᠷᠳᠣᠨ ᠤ ᠠᠯᠪᠠᠨ ᠭᠡᠷ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠲᠤᠭᠤᠷᠢᠨ ᠪᠠᠶᠢᠴᠠᠭᠠᠬᠤ ᠠᠯᠪᠠᠨ ᠭᠡᠷ᠂ ᠵᠣᠬᠢᠶᠠᠨ ᠪᠠᠶᠢᠭᠤᠯᠬᠤ ᠬᠡᠯᠲᠡᠰ᠂ ᠡᠳ᠋ ᠤᠨ ᠵᠠᠰᠠᠭ ᠤᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ᠂ ᠣᠢ ᠰᠢᠭᠤᠶ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃      ᠬᠤᠷᠠᠯ ᠠᠴᠠ᠂ ᠲᠣᠭᠤᠷᠢᠨ ᠪᠠᠶᠢᠴᠠᠭᠠᠯᠲᠠ ᠳᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠤᠴᠢᠷ ᠶᠠᠪᠤᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠵᠥᠢᠯ ᠳᠠᠷᠠᠭᠠᠯᠠᠨ ᠲᠤᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠱᠠᠭᠠᠷᠳᠠᠭᠰᠠᠨ ᠨᠢ᠂ ᠤᠯᠤᠰ ᠲᠥᠷᠥ ᠶᠢᠨ ᠵᠤᠭᠰᠤᠴᠠ ᠪᠠᠨ ᠤᠯᠠᠮ ᠨᠢᠭᠡ ᠠᠯᠬᠤᠮ ᠲᠡᠭᠡᠭᠰᠢᠯᠠᠭᠦᠯᠤᠨ  ᠨᠢᠭᠡᠳᠦᠯᠲᠡᠶ ᠲᠥᠯᠥᠪᠯᠡᠨ ᠨᠡᠶᠢᠲᠡ ᠳᠤᠨᠢ ᠬᠠᠷᠠᠭᠠᠯᠵᠠᠵᠤ ᠠᠷᠭ᠎ᠠ ᠬᠡᠮᠵᠢᠶ᠎ᠡ ᠪᠠᠨ ᠴᠢᠩᠭᠠᠳᠬᠠᠨ ᠲᠣᠭᠤᠷᠢᠨ ᠪᠠᠶᠢᠴᠠᠭᠠᠭᠰᠠᠨ ᠤ ᠳᠠᠷᠠᠭᠠᠬᠢ ᠠᠵᠢᠯ ᠢ ᠰᠠᠶᠢᠲᠤᠷ ᠬᠢᠵᠦ ᠲᠣᠭᠤᠷᠢᠨ ᠪᠠᠶᠢᠴᠠᠭᠠᠯᠲᠠ ᠳᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠠᠵᠢᠯ  ᠤᠨ ᠦᠨᠡᠨ ᠪᠣᠳᠠᠲᠠᠶ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠶ᠃ ᠡᠯ᠎ᠡ ᠰᠠᠯᠠᠭ᠎ᠠ ᠮᠥᠴᠢᠷ ᠤᠨ ᠬᠢᠨ ᠲᠣᠭᠤᠷᠢᠨ ᠪᠠᠶᠢᠴᠠᠭᠠᠯᠲᠠ ᠳᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠤᠭᠰᠠᠨ ᠮᠠᠲ᠋ᠧᠷᠢᠶᠠᠯ ᠢ ᠡᠮᠬᠢᠯᠡᠬᠦ᠂ ᠴᠤᠭᠯᠠᠭᠤᠯᠬᠤ᠂ ᠳᠠᠩᠰᠠ ᠡᠪᠬᠡᠮᠡᠯ ᠳᠤ ᠣᠷᠣᠭᠤᠯᠬᠤ ᠠᠵᠢᠯ ᠢ ᠰᠠᠶᠢᠨ ᠬᠢᠬᠦ ᠬᠡᠷᠡᠭᠲᠡᠶ᠃ ᠠᠵᠢᠯ ᠤᠨ ᠱᠠᠭᠠᠷᠳᠠᠯᠭ᠎ᠠ ᠶᠢ ᠨᠠᠩ ᠴᠢᠩᠭ᠎ᠠ ᠪᠣᠯᠭᠠᠵᠤ ᠡᠯ᠎ᠡ ᠬᠠᠷᠢᠭᠤᠴᠠᠯᠭᠠᠲᠤ ᠨᠢᠭᠡᠴᠢ ᠴᠡᠭᠴᠡᠯᠡᠨ ᠰᠠᠶᠢᠵᠢᠷᠠᠭᠤᠯᠬᠤ ᠪᠠᠷᠢᠮᠵᠢᠶ᠎ᠠ ᠶᠢ ᠴᠢᠩᠭᠠᠳᠬᠠᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ ᠵᠢᠭᠠᠵᠤ ᠭᠠᠷᠭᠠᠭᠰᠠᠨ ᠠᠰᠠᠭᠤᠳᠠᠯ ᠨᠢᠭᠡᠪᠦᠷᠢ ᠶᠢ ᠰᠠᠶᠢᠲᠤᠷ ᠴᠡᠭᠴᠡᠯᠡᠨ ᠰᠠᠶᠢᠵᠢᠷᠠᠭᠤᠯᠵᠤ ᠳᠦᠷᠢᠮ ᠲᠣᠭᠲᠠᠭᠠᠯ ᠢ ᠪᠣᠳᠠᠲᠠᠶ ᠲᠣᠭᠲᠠᠭᠠᠵᠤ ᠦᠷ᠎ᠡ ᠪᠦᠲᠦᠭᠡᠯ ᠢ ᠪᠣᠳᠠᠲᠠᠶ ᠬᠤᠪᠢᠷᠠᠭᠤᠯᠵᠤ ᠲᠣᠭᠤᠷᠢᠨ ᠪᠠᠶᠢᠴᠠᠭᠠᠯᠲᠠ ᠳᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠪᠠᠶᠢᠩᠭᠤᠵᠢᠭᠰᠠᠨ᠂ ᠤᠷᠲᠤ ᠬᠤᠭᠤᠴᠠᠭᠠᠨ ᠤ ᠪᠦᠲᠦᠮᠵᠢᠲᠡᠶ ᠲᠤᠭᠳᠠᠯᠴᠠᠭ᠎ᠠ ᠶᠢ ᠪᠠᠶᠢᠭᠤᠯᠬᠤ ᠬᠡᠷᠡᠭᠲᠡᠶ᠃ ᠲᠣᠭᠤᠷᠢᠨ ᠪᠠᠶᠢᠴᠠᠭᠠᠯᠲᠠ ᠳᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ‌ᠠᠯᠪᠠᠨ ᠭᠡᠷ ᠨᠢ ᠶᠡᠷᠦᠩᠬᠡᠶ ᠳᠤᠨᠢ ᠠᠳᠬᠤᠬᠤ ᠥᠢᠯᠡᠳᠤᠯ ᠢᠶᠠᠨ ᠪᠠᠳᠠᠷᠠᠭᠤᠯᠵᠤ ᠵᠣᠬᠢᠴᠠᠭᠤᠯᠭ᠎ᠠ ᠪᠠᠨ  ᠴᠢᠩᠭᠠᠳᠬᠠᠨ ᠲᠣᠭᠤᠷᠢᠨ ᠪᠠᠶᠢᠴᠠᠭᠠᠬᠤ ᠠᠯᠪᠠᠨ ᠭᠡᠷ ᠱᠠᠭᠠᠷᠳᠠᠨ ᠪᠠᠶᠢᠴᠠᠭᠠᠯᠲᠠ ᠪᠠᠨ ᠦᠷᠭᠦᠯᠵᠢᠯᠡᠨ ᠴᠢᠩᠭᠠᠳᠬᠠᠵᠤ ᠬᠠᠷᠢᠭᠤᠴᠠᠯᠭ᠎ᠠ᠂ ᠡᠭᠦᠷᠭᠡ ᠶᠢ ᠪᠣᠳᠠᠲᠠᠶ ᠳᠤ ᠨᠠᠶᠢᠳᠠᠪᠤᠷᠢᠵᠢᠭᠤᠯᠤᠨ ᠰᠠᠶᠢᠲᠤᠷ ᠪᠡᠶᠡᠯᠡᠭᠦᠯᠬᠦ ᠬᠡᠷᠡᠭᠲᠡᠶ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号