ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠨ ᠱᠣᠣ ᠴᠦᠨ ᠮᠠᠨ ᠤ ᠬᠤᠰᠢᠭᠤᠨ ᠳᠤ ᠪᠠᠶᠢᠴᠠᠭᠠᠨ ᠰᠤᠳᠤᠯᠤᠯᠳᠠ ᠬᠢᠪᠡ
ᠨᠡᠶᠢᠲᠡᠯᠡᠭᠰᠡᠨ ᠴᠠᠭ᠄
2019-11-21
     ᠤᠶᠢᠷ᠎ᠠ ᠶᠢᠨ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠨ ᠱᠣᠣ ᠴᠦᠨ ᠮᠠᠨ ᠤ ᠬᠤᠰᠢᠭᠤᠨ ᠳᠤ ᠢᠷᠡᠵᠦ ᠴᠠᠩ ᠴᠢᠩ  ᠴᠢᠯᠠᠭᠤᠨ ᠲᠣᠰᠣᠨ ᠤ ᠠᠭᠤᠷᠬᠠᠢ ᠶᠢᠨ ᠰᠤᠪᠤᠷᠭ᠎ᠠ ᠪᠠᠶᠢᠭᠠᠯᠢ ᠶᠢᠨ ᠰᠢᠲᠠᠮᠠᠬᠠᠢ ᠬᠡᠢ ᠶᠢᠨ ᠠᠭᠤᠷᠬᠠᠢ ᠶᠢᠨ ᠲᠤᠬᠠᠶ ᠶᠢᠨ ᠭᠠᠵᠠᠷ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠠᠮᠢ ᠠᠬᠤᠶ ᠶᠢ ᠤᠷᠢᠳ ᠢᠶᠠᠷ ᠪᠤᠳᠤᠯᠭᠢᠯᠠᠭᠰᠠᠨ ᠪᠣᠬᠢᠷᠲᠤᠯ ᠥᠬᠡᠶ ᠬᠥᠭᠵᠢᠯᠲᠡ ᠶᠢ ᠪᠠᠷᠢᠮᠲᠠᠯᠠᠵᠤ ᠣᠳᠣ ᠦᠶ᠎ᠡ ᠶᠢᠨ ᠡᠨᠧᠷᠭᠢ ᠶᠢᠨ ᠠᠵᠤ ᠠᠬᠤᠢ ᠶᠢ ᠬᠦᠭᠵᠢᠬᠦᠯᠬᠦ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠶ ᠭᠡᠵᠦ ᠴᠢᠬᠤᠯᠠᠴᠢᠯᠠᠪᠠ      ᠯᠢᠨ ᠱᠣᠣ ᠴᠦᠨ ᠨᠡᠷ ᠤᠷᠢᠳ ᠬᠤᠵᠢᠳ ᠰᠤᠪᠤᠷᠭ᠎ᠠ ᠪᠠᠶᠢᠭᠠᠯᠢ ᠶᠢᠨ ᠰᠢᠲᠠᠮᠠᠬᠠᠢ ᠬᠡᠢ ᠶᠢᠨ ᠠᠭᠤᠷᠬᠠᠢ ᠶᠢᠨ ᠢᠨᠵᠧᠨᠧᠷᠢᠩ ᠤᠨ ᠵᠢᠯᠣᠭᠤᠳᠬᠤ ᠭᠠᠵᠠᠷ ᠪᠣᠯᠤᠨ ᠪᠠᠶᠢᠭᠠᠯᠢ ᠶᠢᠨ ᠰᠢᠲᠠᠮᠠᠬᠠᠶ ᠬᠡᠢ ᠶᠢᠨ ᠲᠠᠩ ᠬᠤᠳᠳᠤᠭ ᠤᠨ ᠪᠠᠷᠢᠯᠭ᠎ᠠ ᠶᠢᠨ ᠲᠤᠬᠠᠶ ᠶᠢᠨ ᠲᠠᠯᠠᠪᠠᠢ ᠳᠤ ᠬᠦᠷᠴᠦ ᠪᠠᠶᠢᠭᠠᠯᠢ ᠶᠢᠨ ᠰᠢᠲᠠᠮᠠᠬᠠᠶ ᠬᠡᠢ ᠶᠢᠨ ᠠᠭᠤᠷᠬᠠᠢ ᠶᠢᠨ ᠨᠡᠭᠡᠭᠡᠨ ᠬᠦᠭᠵᠢᠬᠦᠯᠤᠯᠲᠡ᠂ ᠠᠶᠤᠯᠭᠦᠶ  ᠥᠢᠯᠡᠳᠪᠤᠷᠢᠯᠠᠯ ᠪᠣᠯᠤᠨ ᠠᠮᠢ ᠠᠬᠤᠢ ᠶᠢᠨ ᠬᠠᠮᠠᠭᠠᠯᠠᠯᠲᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠵᠤ ᠣᠷᠣᠨ ᠨᠤᠲᠤᠭ᠂  ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ ᠶᠡᠷᠦᠩᠬᠡᠶ ᠱᠦᠵᠢ ᠰᠢ ᠶᠢᠨ ᠫᠢᠩ ᠤᠨ ︽ᠪᠠᠷᠠᠭᠤᠨ ᠣᠷᠣᠨ ᠤ ᠳ᠋ᠠᠴᠢᠩ ᠢ ᠪᠦᠲᠦᠭᠡᠨ ᠪᠠᠶᠢᠭᠤᠯᠵᠤ᠂ ᠡᠶ᠎ᠡ ᠵᠤᠬᠢᠴᠠᠩᠭᠤᠢ ᠶᠢᠨ ᠦᠯᠢᠭᠡᠷ ᠲᠠᠭᠤᠷᠢᠶᠠᠯ ᠪᠤᠯᠬᠤ︾ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠰᠢᠨ᠎ᠡ ᠬᠦᠭᠵᠢᠯᠲᠡ ᠶᠢᠨ ᠤᠶᠢᠯᠠᠭᠠᠭᠳᠠᠬᠤᠨ ᠢ ᠢᠳᠡᠪᠬᠢᠲᠠᠢ ᠦᠢᠯᠡᠳᠦᠯᠭᠡᠵᠢᠬᠦᠯᠵᠤ ᠦᠨᠳᠦᠷ ᠦᠷ᠎ᠡ ᠠᠰᠢᠭᠲᠠᠢ ᠪᠤᠳᠠᠲᠠᠢ ᠶᠢ ᠡᠷᠬᠢᠮᠯᠡᠬᠦ ᠬᠠᠮᠳᠤᠷᠠᠯᠴᠠᠭ᠎ᠠ ᠶᠢ ᠲᠠᠰᠤᠷᠠᠯᠲᠠ ᠦᠭᠡᠢ ᠠᠬᠢᠭᠤᠯᠵᠤ ᠨᠡᠭᠡᠭᠡᠨ ᠬᠥᠭᠵᠢᠭᠦᠯᠬᠦ ᠪᠠ ᠬᠠᠮᠠᠭᠠᠯᠠᠬᠤ ᠶᠢᠨ ᠦᠯᠢᠭᠡᠷ ᠲᠠᠭᠤᠷᠢᠶᠠᠯ᠂ ᠲᠥᠪ ᠤᠨ ᠠᠵᠤ ᠠᠬᠤᠶᠢᠯᠠᠯ ᠪᠣᠯᠤᠨ ᠣᠷᠣᠨ ᠨᠤᠲᠤᠭ ᠤᠨ ᠬᠠᠷᠢᠯᠴᠠᠭ᠎ᠠ ᠶᠢᠨ ᠦᠯᠢᠭᠡᠷ ᠲᠠᠭᠤᠷᠢᠶᠠᠯ᠂ ᠠᠵᠤ ᠠᠬᠤᠶᠢᠯᠠᠯ ᠤᠨ ᠠᠵᠤ ᠠᠬᠤᠢ ᠶᠢᠨ ᠦᠷ᠎ᠡ ᠠᠰᠢᠭ ᠪᠣᠯᠤᠨ ᠲᠤᠬᠠᠶ ᠶᠢᠨ ᠭᠠᠵᠠᠷ ᠤᠨ ᠣᠯᠠᠨ ᠲᠦᠮᠡᠨ ᠤ ᠠᠰᠢᠭ ᠬᠦᠷᠳᠡᠭᠰᠡᠨ ᠲᠥᠷᠥᠭᠳᠡᠯ ᠵᠤᠯ ᠵᠢᠷᠭᠠᠯᠲᠤ ᠲᠥᠷᠥᠭᠳᠡᠯ ᠢ ᠵᠡᠷᠭᠡᠪᠡᠷ ᠳᠡᠭᠡᠭᠰᠢᠯᠡᠭᠦᠯᠬᠦ ᠦᠯᠢᠭᠡᠷ ᠲᠠᠭᠤᠷᠢᠶᠠᠯ ᠪᠣᠯᠬᠤ ᠪᠠᠷ ᠴᠢᠷᠮᠠᠶᠢᠬᠤ ᠶᠢ ᠬᠦᠰᠡᠵᠤ ᠪᠠᠶᠢᠨ᠎ᠠ ᠭᠡᠵᠡᠢ᠃     ᠪᠠᠶᠢᠴᠠᠭᠠᠨ ᠰᠤᠳᠤᠯᠤᠯᠳᠠ ᠶᠢᠨ ᠬᠤᠭᠤᠴᠠᠭᠠᠨ ᠳᠤ᠂ ᠯᠢᠨ ᠱᠣᠣ ᠴᠦᠨ ᠨᠡᠷ ᠪᠠᠰᠠ ᠲᠦᠩᠽᠢ ᠭᠠᠴᠠᠭᠠᠨ ᠤ ᠮᠠᠯᠴᠢᠨ ᠴᠡᠩᠭᠡᠯ ᠤᠨ ᠬᠢᠨ ᠤ ᠳᠤ ᠬᠦᠷᠴᠦ ᠣᠷᠳᠣᠰ ᠨᠠᠷᠢᠨ ᠨᠣᠣᠰᠣᠲᠤ ᠬᠤᠨᠢᠨ ᠤ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠥᠵᠠᠪᠠ᠃     ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠢᠤᠢ ᠰᠢᠨ ᠹᠠᠩ᠂ ᠬᠤᠰᠢᠭᠤ ᠤᠳᠤᠷᠢᠳᠤᠯᠭ᠎ᠠ ᠡᠷᠳᠡᠨᠢᠪᠢᠯᠢᠭ᠂ ᠰᠤᠷᠭᠠᠯᠳᠤ᠂ ᠵᠤᠤ ᠶᠦᠩ ᠹᠧᠩ ᠨᠠᠷ ᠪᠠᠷᠠᠳᠠᠨ ᠪᠠᠶᠢᠴᠠᠭᠠᠨ ᠰᠤᠳᠤᠯᠤᠯᠲᠠ ᠬᠢᠪᠡ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号