ᠮᠠᠨ ᠤ ᠬᠤᠰᠢᠭᠤ ᠠᠷᠠᠳ ᠲᠤ ᠠᠰᠢᠭ ᠬᠦᠷᠲᠡᠭᠡᠬᠦ ᠤᠰᠤ ᠤᠮᠳᠠ ᠶᠢᠨ ᠲᠦᠬᠦᠭᠡᠷᠦᠮᠵᠢ ᠬᠠᠨᠳᠢᠪᠯᠠᠬᠤ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2019-11-21
     11 ᠰᠠᠷ᠎ᠠ ᠶᠢᠨ 19 ᠤ ᠡᠳᠦᠷ᠂ ᠬᠤᠰᠢᠭᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠨᠢ ᠱᠧᠨ᠋ᠵᠧᠨ ᠬᠤᠲᠠ ᠶᠢᠨ ᠶᠦᠩ ᠶᠤᠸᠠᠨ ᠡᠨᠧᠷᠭᠢ ᠠᠷᠪᠢᠯᠠᠬᠤ ᠬᠢᠵᠠᠭᠠᠷᠲᠤ ᠺᠣᠮᠫᠠᠨᠢ ᠲᠠᠢ ᠬᠠᠮᠲᠤᠷᠠᠨ ᠮᠠᠨ ᠤ ᠬᠤᠰᠢᠭᠤᠨ ᠳᠤ ᠶᠠᠳᠠᠭᠤ ᠶᠢ ᠲᠡᠳᠬᠦᠨ ᠠᠷᠠᠳ ᠲᠤ ᠠᠰᠢᠭ ᠬᠦᠷᠲᠡᠭᠡᠬᠦ ᠤᠰᠤ ᠤᠮᠳᠠ ᠶᠢᠨ ᠲᠦᠬᠦᠭᠡᠷᠦᠮᠵᠢ ᠬᠠᠨᠳᠢᠪᠯᠠᠬᠤ ᠠᠵᠢᠯᠯᠠᠭ᠎ᠠ ᠦᠷᠨᠢᠬᠦᠯᠪᠡ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠰᠤ᠋ ᠰᠢᠨ ᠹᠠ᠂ ᠱᠧᠨ᠋ᠵᠧᠨ ᠬᠤᠲᠠ ᠶᠢᠨ ᠶᠦᠩ ᠶᠤᠸᠠᠨ ᠡᠨᠧᠷᠭᠢ ᠠᠷᠪᠢᠯᠠᠬᠤ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠵᠢᠴᠢ ᠬᠤᠰᠢᠭᠤ ᠡᠯ᠎ᠡ ᠰᠤᠮᠤ ᠪᠠᠯᠭᠠᠰᠤ᠂ ᠨᠡᠶᠢᠭᠡᠮ ᠲᠣᠭᠤᠷᠢᠭ᠂ ᠨᠠᠰᠤᠲᠠᠶᠢᠴᠤᠳ ᠤᠨ ᠠᠰᠠᠷᠠᠮᠵᠢ ᠶᠢᠨ ᠬᠦᠷᠢᠶᠡᠯᠡᠩ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠠᠵᠢᠯᠯᠠᠭᠠᠨ ᠳᠤ ᠣᠷᠣᠯᠴᠠᠪᠠ᠃      ᠠᠵᠢᠯᠯᠠᠭᠠᠨ ᠳᠡᠭᠡᠷ᠎ᠡ᠂ ᠰᠦ᠋ ᠰᠢᠨ ᠹᠡ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠢ ᠲᠥᠯᠥᠭᠡᠯᠡᠨ ᠱᠧᠨ᠋ᠵᠧᠨ ᠬᠤᠲᠠ ᠶᠢᠨ ᠶᠦᠩ ᠶᠤᠸᠠᠨ ᠡᠨᠧᠷᠭᠢ ᠠᠷᠪᠢᠯᠠᠬᠤ ᠬᠢᠵᠠᠭᠠᠷᠲᠤ ᠺᠣᠮᠫᠠᠨᠢ ᠶᠢᠨ ᠤᠰᠤ ᠴᠡᠪᠡᠷᠰᠢᠬᠦᠯᠬᠦ ᠲᠦᠬᠦᠭᠡᠷᠦᠮᠵᠢ ᠬᠠᠨᠳᠢᠪᠯᠠᠭᠰᠠᠨ ᠳᠤ ᠲᠠᠯᠠᠷᠬᠠᠯ ᠳᠡᠪᠰᠢᠭᠦᠯᠦᠭᠰᠡᠨ ᠤ ᠬᠠᠮᠲᠤ ᠡᠯ᠎ᠡ ᠭᠠᠵᠠᠷ ᠤᠨ ᠬᠢᠨ ᠤᠭᠰᠠᠷᠠᠬᠤ ᠠᠵᠢᠯᠲᠠᠨ ᠲᠠᠢ ᠢᠳᠡᠪᠬᠢᠲᠡᠢ ᠬᠠᠮᠵᠢᠯᠴᠠᠵᠤ ᠲᠣᠰ ᠤᠳᠠᠭᠠᠨ ᠤ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠰᠠᠶᠢᠲᠤᠷ ᠬᠢᠵᠦ ᠡᠳᠡᠭᠡᠷ ᠡᠳ᠋ ᠪᠣᠳᠠᠰ ᠢ ᠰᠠᠶᠢᠲᠤᠷ ᠠᠰᠢᠭᠯᠠᠨ ᠦᠨᠳᠦᠰᠦᠨ ᠱᠠᠲᠤᠨ ᠤ ᠣᠯᠠᠨ ᠲᠦᠮᠡᠨ ᠤ ᠤᠤᠭᠤᠬᠤ ᠤᠰᠤᠨ ᠤ ᠨᠥᠬᠦᠴᠡᠯ ᠢ ᠰᠠᠶᠢᠵᠢᠷᠠᠭᠤᠯᠬᠤ ᠶᠢᠨ ᠬᠠᠮᠲᠤ ᠨᠠᠩ ᠣᠯᠠᠨ ᠠᠵᠤ ᠠᠬᠤᠶᠢᠯᠠᠯ ᠪᠣᠯᠤᠨ ᠬᠥᠮᠦᠰ  ᠤᠨ ᠨᠢᠭᠦᠯᠡᠰᠦᠩᠭᠦᠶ ᠠᠵᠢᠯ ᠳᠤ ᠣᠷᠣᠯᠴᠠᠨ ᠢᠯᠠᠩᠭᠤᠶ᠎ᠠ ᠣᠨᠣᠪᠴᠢᠲᠠᠢ ᠪᠠᠷ ᠶᠠᠳᠠᠭᠤ ᠶᠢ ᠲᠡᠳᠬᠦᠬᠦ ᠠᠵᠢᠯ ᠳᠤ ᠢᠳᠡᠪᠬᠢᠲᠡᠢ ᠣᠷᠣᠯᠴᠠᠨ ᠪᠠᠶᠠᠨ ᠴᠢᠨᠡᠭᠡᠯᠢᠭ᠂ ᠡᠶ᠎ᠡ ᠵᠣᠬᠢᠴᠠᠯ ᠲᠠᠢ᠂ ᠦᠵᠡᠰᠬᠦᠯᠡᠩᠲᠦ ᠰᠠᠶᠢᠬᠠᠨ ᠨᠤᠮᠢᠨ ᠲᠠᠩᠰᠤᠭ ᠦᠦᠰᠢᠨ ᠤ ᠪᠦᠲᠦᠭᠡᠨ ᠪᠠᠶᠢᠭᠤᠯᠤᠯᠲᠠ ᠳᠤ ᠥᠪᠡᠷ ᠤᠨ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠡᠢ᠃      ᠣᠶᠢᠯᠠᠭᠠᠭᠰᠠᠨ ᠢᠶᠠᠷ᠂ ᠱᠧᠨ᠋ᠵᠧᠨ ᠬᠤᠲᠠ ᠶᠢᠨ ᠶᠦᠩ ᠶᠤᠸᠠᠨ ᠡᠨᠧᠷᠭᠢ ᠠᠷᠪᠢᠯᠠᠬᠤ ᠬᠢᠵᠠᠭᠠᠷᠲᠤ ᠺᠣᠮᠫᠠᠨᠢ ᠡᠨᠡ ᠤᠳᠠᠭ᠎ᠠ ᠮᠠᠨ ᠤ ᠬᠤᠰᠢᠭᠤᠨ ᠤ 29 ᠰᠤᠷᠭᠠᠭᠤᠯᠢ᠂ 15 ᠨᠡᠶᠢᠬᠡᠮ ᠲᠣᠭᠤᠷᠢᠭ᠂ 5 ᠨᠠᠰᠤᠲᠠᠨ ᠢ ᠠᠰᠠᠷᠠᠬᠤ ᠬᠦᠷᠢᠶᠡᠯᠡᠩ᠂ 6 ᠰᠤᠮᠤ ᠪᠠᠯᠭᠠᠰᠤ᠂ 5 ᠬᠠᠮᠢᠶᠠᠷᠤᠯᠲᠠ ᠶᠢᠨ ᠵᠥᠪᠯᠡᠯ᠂ 61 ᠭᠠᠴᠠᠭ᠎ᠠ ᠲᠣᠰᠬᠤᠨ ᠪᠠ ᠬᠡᠰᠡᠭ ᠶᠠᠳᠠᠭᠤ ᠬᠦᠴᠢᠷᠳᠡᠯᠲᠡᠶ ᠡᠷᠦᠬᠡ ᠳᠤ 674520 ᠲᠥᠭᠦᠷᠢᠭ ᠤᠨ ᠥᠷᠲᠡᠭ ᠪᠦᠬᠦᠢ 154 ᠤᠰᠤ ᠴᠡᠪᠡᠷᠰᠢᠬᠦᠯᠬᠦ ᠲᠦᠬᠦᠭᠡᠷᠦᠮᠵᠢ᠂ 154 ᠴᠡᠪᠡᠷᠰᠢᠬᠦᠯᠬᠦ ᠲᠦᠬᠦᠭᠡᠷᠦᠮᠵᠢ ᠶᠢᠨ ᠱᠦᠭᠦᠭᠦᠷ ᠢ ᠦᠨ᠎ᠡ ᠲᠥᠯᠥᠪᠦᠷᠢ ᠦᠭᠡᠢ ᠪᠠᠷ ᠬᠠᠨᠳᠢᠪᠯᠠᠭᠰᠠᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号