ᠰᠢ ᠶᠢᠨ ᠫᠢᠩ ᠬᠦᠰᠡᠯ ᠢᠨᠵᠧᠨᠧᠷᠢᠩ ᠳᠤ ᠦᠭᠡ ᠵᠠᠬᠢᠬᠤ ᠳᠠᠭᠠᠨ ᠬᠦᠰᠡᠯ ᠢᠨᠵᠧᠨᠧᠷᠢᠩ ᠬᠡᠬᠦ ᠡᠨᠡ ᠬᠦ ᠦᠢᠯᠡᠰ ᠢ ᠤᠯᠠᠮ ᠰᠠᠶᠢᠳᠤᠷ ᠡᠷᠬᠢᠯᠡᠵᠥ ᠦᠷᠬᠡᠨ ᠤᠯᠠᠨ ᠵᠠᠯᠠᠭᠤᠴᠤᠳ ᠪᠠᠭᠠᠴᠤᠳ ᠲᠤ ᠨᠠᠮ ᠤᠨ ᠬᠠᠶᠢᠷ᠎ᠠ ᠬᠠᠯᠠᠮᠵᠢ ᠪᠤᠯᠤᠨ ᠨᠡᠶᠢᠬᠡᠮ ᠵᠢᠷᠤᠮ ᠤᠨ ᠶᠡᠭᠡ ᠬᠡᠷ ᠪᠦᠯᠢ ᠶᠢᠨ ᠬᠠᠯᠠᠭᠤᠨ ᠲᠤᠯᠠᠭᠠᠨ ᠢ ᠮᠡᠳᠡᠷᠡᠭᠦᠯᠬᠦ ᠬᠡᠷᠡᠭᠳᠡᠢ ᠬᠡᠵᠦ ᠴᠢᠬᠤᠯᠠᠴᠢᠯᠠᠪᠠ
ᠨᠡᠶᠢᠲᠡᠯᠡᠭᠰᠡᠨ ᠴᠠᠭ᠄
2019-11-21
     ᠰᠢᠨᠬᠤᠸᠠ ᠬᠤᠷᠢᠶᠠᠨ ᠤ ᠪᠡᠭᠡᠵᠢᠩ ᠤᠨ 11 ᠰᠠᠷ᠎ᠠ ᠶᠢᠨ 20 ᠤ ᠴᠠᠬᠢᠯᠭᠠᠨ ᠮᠡᠳᠡᠭᠡ   ᠡᠨᠡ ᠵᠢᠯ ᠪᠤᠯ ᠬᠦᠰᠡᠯ ᠢᠨᠵᠧᠨᠧᠷᠢᠩ ᠢ ᠬᠡᠷᠡᠭᠵᠢᠬᠦᠯᠥᠭᠰᠡᠡ 30 ᠵᠢᠯ ᠤᠨ ᠤᠢ ᠪᠤᠯᠤᠨ᠎ᠠ᠂ ᠨᠠᠮ ᠤᠨ ᠲᠦᠪ ᠬᠤᠷᠢᠶᠡᠨ ᠤ ᠶᠡᠷᠤᠩᠬᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠡᠨ ᠤ ᠲᠡᠷᠢᠬᠦᠯᠡᠭᠴᠢ ᠰᠢ ᠶᠢᠨ ᠫᠢᠩ ᠤᠢᠢᠷ᠎ᠠ ᠶᠢᠨ ᠡᠳᠤᠷ ᠬᠦᠰᠡᠯ ᠢᠨᠵᠧᠨ᠋ᠧᠷᠢᠩ ᠳᠤ ᠦᠬᠡ ᠵᠠᠬᠢᠪᠠ᠃ ᠲᠡᠷᠡ᠂ ᠨᠠᠮ ᠤᠨ ᠤᠳᠤᠷᠢᠳᠤᠯᠭ᠎ᠠ ᠲᠤᠤᠷ᠎ᠡ ᠂ ᠬᠦᠰᠡᠯ ᠢᠨᠵᠧᠨᠧᠷᠢᠩ ᠢ ᠬᠡᠷᠡᠭᠵᠢᠬᠦᠯᠥᠭᠰᠡᠡ 30 ᠵᠢᠯ ᠤᠨ ᠲᠤᠷᠰᠢ᠂ ᠰᠤᠷᠤᠯᠭ᠎ᠠ ᠶᠢ ᠲᠡᠳᠬᠦᠨ ᠬᠦᠮᠥᠨ ᠬᠦᠮᠥᠵᠢᠬᠦᠯᠬᠦ ᠬᠠᠷᠠᠯᠳᠡ ᠪᠠᠷ ᠭᠤᠤᠯᠳᠠᠭᠤᠯᠵᠥ᠂ ᠪᠠᠭᠰᠢ ᠶᠢ ᠬᠦᠨᠳᠦᠳᠬᠡᠵᠥ ᠰᠤᠷᠭᠠᠨ ᠬᠦᠮᠥᠵᠢᠯ ᠢ ᠴᠢᠬᠤᠯᠠᠴᠢᠯᠠᠬᠤ ᠤᠯᠠᠮᠵᠢᠯᠠᠯ ᠳᠤ ᠦᠨᠳᠦᠰᠦᠯᠡᠵᠥ᠂ ᠨᠡᠶᠢᠬᠡᠮ ᠤᠨ ᠲᠠᠶᠢᠴᠢᠯᠠᠬᠤ ᠲᠤᠭᠳᠠᠴᠠ ᠶᠢ ᠰᠢᠨᠡᠴᠢᠯᠡᠵᠥ᠂ ᠬᠠᠶᠢᠷ᠎ᠠ ᠬᠠᠯᠠᠮᠵᠢ ᠪᠠᠷ ᠬᠠᠷᠢᠯᠴᠠᠨ ᠬᠠᠪᠰᠤᠷᠤᠯᠴᠠᠬᠤ ᠪᠤᠯᠤᠨ ᠬᠠᠶᠢᠷ᠎ᠠ ᠬᠠᠯᠠᠮᠵᠢ ᠶᠢ ᠳᠠᠮᠵᠢᠭᠤᠯᠬᠤ ᠬᠦᠬᠦᠷᠬᠡ ᠶᠢ ᠪᠤᠰᠬᠠᠵᠥ᠂ ᠬᠡᠳᠤᠨ ᠵᠠᠭᠤᠨ ᠲᠦᠮᠡᠨ ᠶᠠᠳᠠᠭᠤ ᠬᠦᠴᠢᠷᠳᠡᠯᠳᠡᠢ ᠬᠡᠷ ᠪᠦᠯᠢ ᠶᠢᠨ ᠵᠠᠯᠠᠭᠤᠴᠤᠳ ᠪᠠᠭᠠᠴᠤᠳ ᠢ ᠬᠠᠪᠰᠤᠷᠤᠨ ᠰᠤᠷᠭᠠᠭᠤᠯᠢ ᠳᠤ ᠤᠷᠤᠬᠤ ᠬᠦᠰᠡᠯ ᠵᠡᠬᠦᠳᠤ ᠶᠢ ᠨᠢ ᠲᠡᠷᠭᠡᠯᠰᠢᠬᠦᠯᠵᠤ᠂ ᠡᠬᠡ ᠤᠯᠤᠰ ᠤᠨ ᠪᠦᠳᠦᠬᠡᠨ ᠪᠠᠶᠢᠭᠤᠯᠤᠯᠳᠠ ᠶᠢᠨ ᠡᠯ᠎ᠡ ᠹᠷᠤᠨᠲ ᠳᠡᠭᠡᠷ᠎ᠠ ᠡᠷᠡᠯᠭᠡᠭᠯᠡᠨ ᠲᠡᠮᠡᠴᠡᠬᠦ ᠲᠤᠯᠭᠠᠭᠤᠷᠢ ᠬᠦᠴᠦᠨ ᠪᠤᠯᠭᠠᠨ ᠬᠦᠮᠦᠵᠢᠬᠦᠯᠦᠨ ᠪᠤᠶᠢᠵᠢᠭᠤᠯᠤᠭᠰᠠᠨ ᠪᠠᠶᠢᠨ᠎ᠠ᠃ ᠬᠦᠰᠡᠯ ᠢᠨᠵᠧᠨᠧᠷᠢᠩ ᠨᠢ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠳᠤ ᠬᠦᠴᠦᠨ ᠨᠡᠮᠡᠷᠢᠯᠡᠬᠦ᠂ ᠰᠤᠷᠭᠠᠨ ᠬᠦᠮᠥᠵᠢᠯ ᠤᠨ ᠬᠦᠭᠵᠢᠯᠳᠡ ᠶᠢ ᠠᠬᠢᠭᠤᠯᠬᠤ᠂ ᠵᠠᠯᠠᠭᠤᠴᠤᠳ ᠪᠠᠭᠠᠴᠤᠳ ᠤᠨ ᠦᠰᠦᠨ ᠪᠤᠶᠢᠵᠢᠬᠤ ᠳᠤ ᠦᠢᠯᠡᠴᠢᠯᠡᠬᠦ᠂ ᠨᠡᠶᠢᠬᠡᠮ ᠤᠨ ᠬᠡᠪ ᠰᠤᠷᠳᠠᠯ ᠢ ᠬᠦᠳᠦᠯᠥᠨ ᠲᠠᠭᠠᠭᠤᠯᠬᠤ ᠵᠡᠷᠬᠡ ᠲᠡᠯ᠎ᠡ ᠪᠠᠷ ᠴᠢᠬᠤᠯᠠ ᠦᠢᠯᠡᠳᠦᠯ ᠦᠵᠡᠬᠦᠯᠥᠭᠰᠡᠡ ᠪᠠᠶᠢᠨ᠎ᠠ ᠬᠡᠵᠥ ᠵᠢᠭᠠᠵᠥ ᠭᠠᠷᠭᠠᠪᠠ᠃      ᠰᠢ ᠶᠢᠨ ᠫᠢᠩ᠂ ᠵᠠᠯᠠᠭᠤᠴᠤᠳ ᠪᠠᠭᠠᠴᠤᠳ ᠢ ᠡᠷᠡᠬᠦᠯ ᠢᠶᠠᠷ ᠦᠰᠭᠡᠨ ᠪᠤᠶᠢᠵᠢᠭᠤᠯᠬᠤ ᠪᠤᠯ ᠤᠯᠤᠰ ᠪᠤᠯᠤᠨ ᠦᠨᠳᠦᠰᠦᠳᠡᠨ ᠤ ᠢᠷᠡᠬᠡᠳᠤᠢ ᠳᠤ ᠬᠤᠯᠪᠤᠭᠳᠠᠬᠤ ᠶᠠᠪᠤᠳᠠᠯ ᠪᠤᠯᠤᠨ᠎ᠠ᠃ ᠰᠢᠨ᠎ᠡ ᠴᠠᠭ ᠦᠶ᠎ᠡ ᠳᠤ ᠤᠷᠤᠭᠠᠳ᠂ ᠡᠪ ᠬᠠᠮᠳᠤ ᠵᠠᠯᠠᠭᠤᠴᠤᠳ ᠤᠨ ᠡᠪᠯᠡᠯ ᠬᠦᠰᠡᠯ ᠢᠨᠵᠧᠨᠧᠷᠢᠩ ᠬᠡᠬᠦ ᠡᠨᠡ ᠬᠦ ᠦᠢᠯᠡᠰ ᠢ ᠤᠯᠠᠮ ᠰᠠᠶᠢᠳᠤᠷ ᠡᠷᠬᠢᠯᠡᠵᠥ᠂ ᠵᠠᠯᠠᠭᠤᠴᠤᠳ ᠪᠠᠭᠠᠴᠤᠳ ᠲᠤ ᠰᠢᠨ᠎ᠡ ᠳᠠᠮᠵᠢᠯᠭᠡ ᠬᠠᠩᠭᠠᠵᠥ᠂ ᠰᠢᠨ᠎ᠡ ᠬᠦᠰᠡᠯ ᠡᠷᠡᠮᠡᠯᠵᠡᠯ ᠤᠷᠭᠤᠭᠤᠯᠬᠤ ᠪᠠᠷ ᠴᠢᠷᠮᠠᠶᠢᠬᠤ ᠬᠡᠷᠡᠭᠳᠡᠢ᠃ ᠪᠦᠬᠦ ᠨᠠᠮ ᠪᠦᠬᠦ ᠨᠡᠶᠢᠬᠡᠮ ᠢᠶᠠᠷ ᠢᠶᠠᠨ ᠬᠦᠰᠡᠯ ᠢᠨᠵᠧᠨᠧᠷᠢᠩ ᠢ ᠦᠷᠬᠦᠯᠵᠢᠯᠡᠨ ᠬᠠᠯᠠᠮᠵᠢᠯᠠᠨ ᠲᠡᠮᠵᠢᠵᠥ᠂ ᠦᠷᠭᠡᠨ ᠤᠯᠠᠨ ᠵᠠᠯᠠᠭᠤᠴᠤᠳ ᠪᠠᠭᠠᠴᠤᠳ ᠲᠤ ᠨᠠᠮ ᠤᠨ ᠬᠠᠶᠢᠷ᠎ᠠ ᠬᠠᠯᠠᠮᠵᠢ ᠪᠤᠯᠤᠨ ᠨᠡᠶᠢᠬᠡᠮ ᠵᠢᠷᠤᠮ ᠤᠨ ᠶᠡᠭᠡ ᠬᠡᠷ ᠪᠦᠯᠢ ᠶᠢᠨ ᠬᠠᠯᠠᠭᠤᠨ ᠲᠤᠯᠠᠭᠠᠨ ᠢ ᠭᠦᠢᠴᠡᠳ ᠮᠡᠳᠡᠷᠡᠭᠦᠯᠵᠦ᠂ ᠨᠡᠶᠢᠬᠡᠮ ᠵᠢᠷᠤᠮ ᠤᠨ ᠪᠦᠳᠦᠬᠡᠨ ᠪᠠᠶᠢᠭᠤᠯᠤᠬᠴᠢ ᠪᠤᠯᠤᠨ ᠵᠠᠯᠭᠠᠮᠵᠢᠯᠠᠬᠴᠢ ᠪᠤᠯᠭᠠᠨ ᠬᠦᠮᠦᠵᠢᠬᠦᠯᠦᠨ ᠪᠤᠶᠢᠵᠢᠭᠤᠯᠬᠤ ᠪᠠᠷ ᠴᠢᠷᠮᠡᠶᠢᠬᠤ ᠬᠡᠷᠡᠭᠳᠡᠢ ᠬᠡᠵᠥ ᠴᠢᠬᠤᠯᠠᠴᠢᠯᠠᠪᠠ᠃      ᠬᠦᠰᠡᠯ ᠢᠨᠵᠧᠨᠧᠷᠢᠩ ᠢ ᠪᠤᠯ ᠡᠪ ᠬᠠᠮᠳᠤ ᠵᠠᠯᠠᠭᠤᠴᠤᠳ ᠤᠨ ᠡᠪᠯᠡᠯ ᠤᠨ ᠲᠦᠪ ᠬᠤᠷᠢᠶ᠎ᠠ᠂ ᠲᠤᠮᠳᠠᠳᠤ ᠤᠯᠤᠰ ᠤᠨ ᠵᠠᠯᠠᠭᠤᠴᠤᠳ ᠪᠠᠭᠠᠴᠤᠳ ᠤᠨ ᠬᠦᠭᠵᠢᠯᠳᠡ ᠶᠢᠨ ᠰᠠᠭᠤᠷᠢ ᠮᠥᠩᠬᠦᠨ ᠤ ᠨᠡᠶᠢᠬᠡᠮᠯᠢᠭ 1989 ᠤᠨ ᠳᠤ ᠡᠬᠦᠰᠬᠡᠨ ᠬᠡᠷᠡᠭᠵᠢᠬᠦᠯᠦᠭᠰᠡᠨ᠂ ᠶᠠᠳᠠᠭᠤ ᠬᠦᠴᠢᠷᠳᠡᠯᠳᠡᠢ ᠭᠠᠵᠠᠷ ᠤᠷᠤᠨ ᠤ ᠰᠠᠭᠤᠷᠢ ᠰᠤᠷᠭᠠᠨ ᠬᠦᠮᠥᠵᠢᠯ ᠤᠨ ᠲᠦᠬᠦᠬᠡᠷᠤᠮᠵᠢ ᠶᠢ ᠰᠠᠶᠢᠵᠢᠷᠠᠭᠤᠯᠬᠤ᠂ ᠶᠠᠳᠠᠭᠤ ᠬᠦᠴᠢᠷᠳᠡᠯᠳᠡᠢ ᠭᠠᠵᠠᠷ ᠤᠷᠤᠨ ᠤ ᠰᠤᠷᠤᠯᠭ᠎ᠠ ᠠᠯᠳᠠᠭᠰᠠᠠ ᠬᠡᠤᠬᠡᠳ ᠤᠨ ᠰᠤᠷᠭᠠᠭᠤᠯᠢ ᠶᠢᠨ ᠬᠦᠷᠢᠶᠡᠨ ᠳᠡᠭᠡᠨ ᠲᠠᠬᠢᠨ ᠪᠤᠴᠠᠬᠤ ᠳᠤ ᠲᠤᠰᠠᠯᠠᠬᠤ ᠪᠠᠷ ᠡᠬᠦᠷᠬᠡ ᠪᠠᠨ ᠪᠤᠯᠭᠠᠭᠰᠠᠠ ᠨᠡᠶᠢᠬᠡᠮ ᠤᠨ ᠨᠡᠶᠢᠳᠡ ᠶᠢᠨ ᠠᠰᠠᠷᠠᠮᠵᠢ ᠶᠢᠨ ᠦᠢᠯᠡᠰ ᠪᠤᠯᠤᠨ᠎ᠠ᠃      2019 ᠤᠨ ᠤ 9 ᠰᠠᠷ᠎ᠠ ᠪᠤᠯᠳᠠᠯ᠎ᠠ᠂ ᠪᠦᠬᠦ ᠤᠯᠤᠰ ᠤᠨ ᠬᠦᠰᠡᠯ ᠢᠨᠵᠧᠨᠧᠷᠢᠩ ᠨᠡᠶᠢᠳᠡ 152.29 ᠳ᠋ᠦᠩᠰᠢᠭᠤᠷ ᠲᠦᠬᠦᠷᠢᠭ ᠤᠨ ᠬᠠᠨᠳᠢᠪ ᠤᠨ ᠮᠦᠩᠬᠦ ᠶᠢ ᠬᠦᠯᠢᠶᠡᠨ ᠠᠪᠴᠦ᠂ ᠬᠡᠷ ᠪᠦᠯᠢ ᠶᠢᠨ ᠠᠮᠢᠳᠤᠷᠠᠯ ᠨᠢ ᠬᠦᠴᠢᠷᠳᠡᠢ 599.42 ᠲᠦᠮᠡᠨ ᠰᠤᠷᠤᠭᠴᠢ ᠶᠢ ᠲᠤᠰᠠᠯᠠᠵᠥ᠂ 20195 ᠬᠦᠰᠡᠯ ᠪᠠᠭ᠎ᠠ ᠰᠤᠷᠭᠠᠭᠤᠯᠢ ᠶᠢ ᠲᠤᠰᠠᠯᠠᠨ ᠪᠠᠶᠢᠭᠤᠯᠤᠬᠰᠠᠠ ᠪᠠᠶᠢᠨ᠎ᠠ᠃    
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号