2019 ᠤᠨ ᠤ ᠪᠦᠬᠦ ᠤᠷᠤᠨ ᠤ ᠠᠩᠬᠠᠳᠠᠭᠴᠢ ᠤᠳᠠᠭᠠᠨ ᠤ ᠬᠡᠤᠬᠡᠳ ᠪᠠᠭᠠᠴᠤᠳ ᠤᠨ ᠲᠠᠭᠤᠤᠷᠢᠯᠢᠭ ᠤᠨ ᠮᠤᠩᠭᠤᠯ ᠬᠡᠯᠡᠨ ᠤ ᠲᠤᠭᠤᠶᠢᠯᠠᠩ ᠤᠨ ᠶᠡᠷᠤᠩᠬᠡᠢ ᠰᠢᠢᠳᠪᠤᠷᠢᠳᠤ ᠤᠷᠤᠯᠳᠤᠭᠠᠨ ᠮᠠᠨ ᠤ ᠬᠤᠰᠢᠭᠤᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2019-11-21
     ᠣᠶᠢᠷ᠎ᠠ ᠶᠢᠨ ᠡᠳᠦᠷ᠂ 2019 ᠤᠨ ᠤ ᠪᠦᠬᠦ ᠤᠷᠤᠨ ᠤ ᠠᠩᠬᠠᠳᠠᠭᠴᠢ ᠤᠳᠠᠭᠠᠨ ᠤ ᠬᠡᠤᠬᠡᠳ ᠪᠠᠭᠠᠴᠤᠳ ᠤᠨ ᠲᠠᠭᠤᠤᠷᠢᠯᠢᠭ ᠤᠨ ᠤᠷᠤᠯᠳᠤᠭᠠᠨ ᠤ ᠮᠤᠩᠭᠤᠯ ᠬᠡᠯᠡᠨ ᠤ ᠲᠤᠭᠤᠶᠢᠯᠠᠩ ᠤᠨ ᠶᠠᠷᠤᠩᠬᠡᠢ ᠰᠢᠢᠳᠪᠤᠷᠢᠳᠤ ᠤᠷᠤᠯᠳᠤᠭᠠᠨ ᠮᠠᠨ ᠤ ᠬᠤᠰᠢᠭᠤᠨ ᠤ ᠭᠠᠯᠠᠭᠤᠳᠤ ᠪᠠᠯᠭᠠᠰᠤᠨ ᠳᠤ ᠠᠮᠵᠢᠯᠳᠡᠳᠡᠢ ᠦᠨᠳᠣᠷᠯᠡᠯ᠎ᠡ᠃ ᠬᠤᠰᠢᠭᠤ ᠨᠠᠮ ᠤᠨ ᠬᠤᠷᠢᠶᠠᠨ ᠤ ᠪᠠᠶᠢᠡᠭᠭᠤ ᠶᠢᠨ ᠭᠡᠰᠢᠭᠦᠨ ᠣᠬᠠᠭᠤᠯᠬᠤ ᠬᠡᠯᠳᠡᠰ ᠤᠨ ᠳᠠᠷᠤᠭ᠎ᠠ ᠹᠸᠡᠭ ᡁᠢ ᠮᠢᠩ᠂ ᠬᠤᠰᠢᠭᠤ ᠨᠠᠮ ᠤᠨ ᠬᠤᠷᠢᠶᠠᠨ ᠤ ᠪᠠᠶᠢᠡᠭᠭᠤ ᠶᠢᠨ ᠭᠡᠰᠢᠭᠦᠨ ᠨᠢᠭᠡᠳᠣᠮᠠᠯ ᠹᠷᠣᠨᠲ ᠤᠨ ᠬᠡᠯᠳᠡᠰ ᠤᠨ ᠳᠠᠷᠤᠭ᠎ᠠ ᠠᠯᠳᠡᠡᠳᠣᠶᠠᠭ᠎ᠠ᠂ ᠬᠤᠰᠢᠭᠤ ᠠᠷᠡᠳ ᠤᠨ ᠳᠦᠯᠣᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠳᠡᠳ᠋ ᠡᠷᠬᠢᠯᠡᠭᠴᠢ ᠾᠧ ᠣᠯᠠᠭᠠᠨ᠂ ᠬᠤᠰᠢᠭᠤ ᠣᠯᠣᠰ ᠳᠦᠷᠣ ᠶᠢᠨ ᠵᠦᠪᠯᠡᠯᠬᠡᠨ ᠤ ᠳᠡᠳ᠋ ᠳᠡᠷᠢᠬᠦᠯᠡᠭᠴᠢ ᠣᠶᠣᠨᠪᠢᠯᠢᠭ᠌ ᠪᠣᠯᠣᠨ ᠬᠤᠰᠢᠭᠤ ᠰᠣᠷᠭᠠᠨ ᠬᠦᠮᠣᠵᠢᠯ ᠪᠡᠶ᠎ᠠ ᠲᠠᠮᠢᠷ᠂ ᠰᠣᠶᠣᠯ ᠵᠣᠭᠠᠴᠠᠯ ᠵᠡᠷᠭᠡ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠣᠷᠣᠯᠳᠣᠭᠠᠨ ᠢ ᠰᠤᠨᠢᠷᠬᠠᠭᠰᠠᠨ ᠪᠠᠶᠢᠨ᠎ᠠ᠃
         ᠲᠤᠰ ᠣᠳᠠᠭᠠᠨ ᠤ ᠣᠷᠣᠯᠳᠣᠭᠠᠨ ᠢ ᠦᠪᠣᠷ ᠮᠣᠩᠭᠤᠯ ᠤᠨ ᠣᠳᠬ᠎ᠠ ᠣᠷᠠᠯᠢᠭ ᠤᠨ ᠬᠢᠨ ᠤ ᠬᠤᠯᠪᠣᠭ᠎ᠠ  ᠠᠴᠠ ᠭᠤᠣᠯᠴᠢᠯᠠᠨ ᠡᠷᠬᠢᠯᠡᠵᠣ ᠦᠪᠣᠷ ᠮᠣᠩᠭᠤᠯ ᠤᠨ ᠳᠠᠭᠤᠤᠷᠢᠯᠢᠭᠴᠢᠳ ᠤᠨ ᠡᠪᠯᠡᠯ᠂ ᠬᠦᠬᠡᠬᠤᠳᠡ ᠶᠢᠨ ᠣᠳᠬ᠎ᠠ ᠣᠷᠠᠯᠢᠭ ᠤᠨ ᠬᠢᠨ ᠤ ᠬᠤᠯᠪᠣᠭ᠎ᠠ᠂ ᠦᠣᠰᠢᠨ ᠬᠤᠰᠢᠭᠤᠨ ᠤ ᠣᠳᠬ᠎ᠠ ᠣᠷᠠᠯᠢᠭ ᠤᠨ ᠬᠢᠨ ᠤ ᠬᠤᠯᠪᠣᠭ᠎ᠠ᠂ ᠬᠦᠬᠡᠬᠤᠳᠡ ᠶᠢᠨ ᠷᠡᠳᠢᠣ᠋ ᠲᠧᠯᠸᠢᠰ ᠬᠤᠷᠢᠶᠠᠨ ᠠᠴᠠ ᠳᠠᠭᠠᠭᠠᠴᠢᠯᠡᠨ ᠡᠷᠬᠢᠯᠡᠵᠣ ᠦᠪᠣᠷ ᠮᠣᠩᠭᠤᠯ ᠤᠨ ᠷᠠᠳᠢᠣ᠋ ᠲᠧᠯᠸᠢᠰ ᠬᠤᠷᠢᠶᠠᠨ ᠤ ᠮᠣᠩᠭᠤᠯ ᠷᠡᠳᠢᠣ᠋ ᠵᠡᠷᠭᠡ ᠪᠠᠶᠢᠭᠤᠯᠭ᠎ᠠ ᠠᠴᠠ ᠬᠠᠮᠵᠢᠯᠴᠡᠨ ᠡᠷᠬᠢᠯᠡᠵᠤ ᠮᠤᠩᠭᠤᠯ ᠠᠷᠠᠳ ᠤᠨ ᠲᠠᠭᠠᠷᠢᠯᠴᠠᠭ᠎ᠠ᠂ ᠢᠷᠤᠭᠡᠯ ᠮᠠᠭᠳᠠᠭᠠᠯ᠂ ᠦᠯᠢᠬᠡᠷ ᠬᠤᠯᠪᠤᠭ᠎ᠠ ᠪᠤᠯᠤᠨ ᠱᠤᠭ ᠶᠠᠷᠢᠶ᠎ᠠ᠂ ᠵᠦᠴᠦᠬᠡ᠂ ᠰᠡᠴᠡ ᠪᠤᠯᠢᠶᠠᠯᠳᠤᠬᠤ ᠵᠡᠷᠬᠡ ᠪᠦᠬᠦ ᠣᠷᠣᠨ ᠤ ᠡᠯ᠎ᠡ ᠭᠠᠵᠠᠷ ᠠᠴᠠ ᠢᠷᠡᠭᠰᠡᠨ 97 ᠬᠡᠤᠭᠡᠳ ᠤᠨ ᠬᠤᠪᠢ ᠬᠦᠮᠦᠨ ᠤ ᠪᠤᠶᠤ ᠬᠠᠮᠳᠤ ᠶᠢᠨ ᠲᠠᠭᠤᠤᠷᠢᠯᠢᠭ ᠤᠨ 41 ᠭᠤᠴᠤ ᠬᠦᠬᠡᠷᠤᠬᠦᠨ ᠲᠤᠭᠯᠠᠯᠳᠠ ᠪᠠᠷ ᠦᠷᠢᠰᠣᠯᠳᠣᠨ ᠣᠷᠣᠯᠳᠣᠵᠣ ᠦᠰᠪᠤᠷᠢ ᠪᠠᠭᠠᠴᠣᠣᠨ ᠤᠨ ᠤᠷ᠎ᠠ ᠠᠪᠢᠶᠠᠰ ᠢ ᠭᠠᠶᠢᠬᠠᠭᠤᠯᠣᠯ᠎ᠠ᠃  
           ᠡᠭᠦᠨ ᠳᠤ ᠲᠦᠩᠯᠢᠶᠣᠦ ᠬᠤᠲᠠ ᠶᠢᠨ ᠵᠠᠷᠤᠳ ᠬᠤᠰᠢᠭᠤᠨ ᠠᠴᠠ ᠢᠷᠡᠭᠰᠡᠨ 20 ᠭᠠᠷᠣᠢ ᠬᠡᠤᠭᠡᠳ ᠤᠨ ᠳᠣᠭᠯᠠᠭᠰᠠᠨ ︽ᠵᠠᠩᠭᠠᠷ ᠤᠨ ᠮᠠᠭᠳᠠᠭᠠᠯ︾ ᠭᠡᠬᠦ ᠬᠤᠯᠪᠤᠭ᠎ᠠ ᠨᠢ ᠲᠤᠶᠢᠯ ᠤᠨ ᠰᠦᠷ ᠵᠢᠪᠬᠤᠭᠠᠯᠢᠭ ᠪᠠᠶᠢᠵᠤ ᠤᠷᠠᠯᠢᠭ ᠤᠨ ᠦᠨ᠎ᠡ ᠴᠡᠨ᠎ᠠ ᠦᠨᠳᠣᠷ᠂ ᠲᠠᠳᠤᠯᠭ᠎ᠠ ᠪᠤᠯᠪᠠᠰᠤᠷᠠᠯ ᠬᠦᠢᠴᠡᠳ ᠠᠴᠠ ᠦᠵᠡᠭᠴᠢ ᠬᠢᠨᠠᠭᠴᠢᠳ ᠤᠨ ᠮᠠᠭᠳᠠᠭᠠᠯ ᠰᠠᠶᠢᠰᠢᠶᠠᠯ ᠢ ᠬᠦᠷᠲᠡᠪᠡ᠃
           ᠡᠨᠡ ᠬᠦ ᠠᠩᠬᠠᠳᠠᠭᠴᠢ ᠣᠳᠠᠭᠠᠨ ᠤ ᠪᠦᠬᠦ ᠣᠷᠣᠨ ᠤ ᠬᠡᠤᠬᠡᠳ ᠪᠠᠭᠠᠴᠤᠳ ᠤᠨ ᠲᠠᠭᠤᠤᠷᠢᠯᠢᠭ ᠤᠨ ᠤᠷᠤᠯᠳᠤᠭᠠᠨ ᠳᠤ ᠦᠨᠦ ᠵᠢᠯ ᠤᠨ 5 ᠰᠠᠷ᠎ᠠ ᠶᠢᠨ 23 ᠤ ᠡᠳᠦᠷ ᠠᠴᠠ ᠡᠬᠢᠯᠡᠨ ᠪᠦᠬᠦ ᠤᠷᠤᠨ ᠤ 4 ᠮᠢᠩᠭ᠎ᠠ ᠭᠠᠷᠣᠢ ᠮᠤᠩᠭᠤᠯ ᠬᠡᠤᠬᠡᠳ ᠪᠠᠭᠠᠴᠤᠳ ᠢ ᠪᠠᠭᠳᠠᠭᠠᠭᠰᠠᠨ 3 ᠲᠦᠮᠡ ᠭᠠᠷᠤᠢ ᠮᠤᠩᠭᠤᠯ ᠬᠢᠳᠡᠳ ᠬᠡᠦᠬᠡᠳ ᠪᠠᠭᠠᠴᠤᠳ ᠨᠡᠷ᠎ᠡ ᠮᠡᠳᠡᠭᠦᠯᠣᠨ ᠣᠷᠣᠯᠴᠠᠵᠣ 57 ᠳᠠᠯᠠᠪᠠᠢ ᠰᠢᠭᠰᠢᠭᠡ ᠤᠷᠤᠯᠳᠤᠭᠠᠨ᠂ 11 ᠲᠠᠯᠠᠪᠠᠢ ᠨᠤᠭᠤᠯᠤᠭ᠎ᠠ ᠤᠷᠤᠯᠳᠤᠭᠠᠨ ᠢᠶᠠᠷ ᠳᠠᠮᠵᠢᠨ ᠬᠢᠳᠡᠳ ᠬᠡᠯᠡᠨ ᠤ 400 ᠭᠠᠷᠣᠢ ᠬᠡᠤᠬᠡᠳ᠂ ᠮᠤᠩᠭᠤᠯ ᠬᠡᠯᠡᠨ ᠤ 97 ᠬᠡᠤᠬᠡᠳ ᠤᠨ 41 ᠲᠤᠭᠯᠠᠯᠳᠠ ᠰᠢᠢᠳᠪᠤᠷᠢᠳᠤ ᠤᠷᠤᠯᠳᠤᠭᠠᠨ ᠳᠤ ᠣᠷᠣᠯᠴᠠᠵᠣ ᠬᠡᠤᠭᠡᠳ᠂ ᠪᠠᠭᠰᠢ᠂ ᠬᠡᠷ ᠤᠨ ᠠᠬᠠᠮᠠᠳ ᠨᠡᠷ ᠲᠤ ᠲᠠᠭᠤᠤᠷᠢᠯᠢᠭ ᠤᠨ ᠠᠭᠤᠯᠭ᠎ᠠ᠂ ᠬᠡᠯᠪᠡᠷᠢ᠂ ᠰᠲ᠋ᠢᠯᠢ ᠶᠢᠨ ᠲᠠᠯ᠎ᠠ ᠪᠠᠷ ᠬᠢ ᠤᠶᠢᠯᠠᠭᠠᠯᠳᠠ ᠶᠢ ᠬᠦᠨᠵᠡᠭᠡᠶᠢᠷᠡᠬᠦᠯᠦᠨ ᠦᠨᠳᠤᠰᠤᠳᠡᠨ ᠤ ᠤᠯᠠᠮᠵᠢᠯᠠᠯᠳᠤ ᠰᠢᠯᠢᠳᠡᠭ ᠰᠤᠶᠤᠯ ᠵᠠᠩᠰᠢᠯ᠂ ᠪᠤᠯᠪᠠᠰᠤᠨ ᠰᠤᠷᠳᠠᠬᠤᠨ ᠢᠶᠠᠨ ᠦᠪᠯᠡᠵᠦ ᠬᠦᠭᠵᠢᠬᠦᠯᠬᠦ ᠶᠢ ᠠᠬᠢᠭᠤᠯᠤᠭᠰᠠᠠ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号