ᠮᠠᠨ ᠤ ᠬᠤᠰᠢᠭᠤ ︽ᠢᠳᠡᠬᠡᠮᠵᠢᠳᠦ ᠭᠠᠴᠠᠭ᠎ᠠ ᠲᠤᠰᠬᠤᠨ︾ ᠤ ᠪᠠᠶᠢᠭᠤᠯᠤᠯᠳᠠ ᠶᠢ ᠢᠳᠡᠪᠬᠢᠳᠠᠢ ᠲᠦᠬᠡᠮᠡᠯᠵᠢᠬᠦᠯᠵᠦ ᠪᠠᠶᠢᠨ᠎ᠠ
ᠨᠡᠶᠢᠲᠡᠯᠡᠭᠰᠡᠨ ᠴᠠᠭ᠄
2019-11-21
    ᠮᠠᠨ ᠤ ᠬᠤᠰᠢᠭᠤᠨ ᠤ ᠬᠦᠳᠡᠭᠡ ᠲᠤᠰᠬᠤᠨ ᠤ ᠢᠳᠡᠬᠡᠮᠵᠢ ᠶᠢᠨ ᠬᠤᠯᠪᠤᠭᠠᠳᠤ ᠬᠤᠷᠰᠢᠶ᠎ᠠ ᠬᠦᠳᠡᠭᠡ ᠲᠤᠰᠬᠤᠨ  ᠢ ᠬᠦᠭᠵᠢᠬᠦᠯᠦᠨ ᠮᠠᠨᠳᠤᠭᠤᠯᠬᠤ ᠠᠵᠢᠯ ᠳᠤ ᠰᠠᠶᠢᠨ ᠰᠠᠶᠢᠬᠠᠨ ᠣᠷᠴᠢᠨ ᠠᠬᠤᠢ ᠢ ᠪᠦᠷᠢᠯᠳᠦᠬᠦᠯᠵᠦ ᠦᠢᠯᠡᠴᠢᠯᠡᠭᠡ  ᠪᠠᠨ ᠤᠯᠠᠮ ᠰᠢᠯᠢᠳᠡᠭᠵᠢᠬᠦᠯᠬᠦ ᠶᠢᠨ ᠡᠬᠦᠳᠡᠨ ᠠᠴᠠ ᠪᠦᠬᠦ ᠬᠤᠰᠢᠭᠤᠨ ᠤ ︽ᠢᠳᠡᠬᠡᠮᠵᠢᠳᠦ ᠭᠠᠴᠠᠭ᠎ᠠ ᠲᠤᠰᠬᠤᠨ︾  ᠤ ᠪᠠᠶᠢᠭᠤᠯᠤᠯᠳᠠ ᠶᠢᠨ ᠠᠵᠢᠯ ᠢ ᠢᠳᠡᠪᠬᠢᠳᠠᠢ ᠲᠦᠬᠡᠮᠡᠯᠵᠢᠬᠦᠯᠵᠦ ᠮᠠᠯᠴᠢᠨ ᠲᠠᠷᠢᠶᠠᠴᠢᠳ ᠲᠤ ᠲᠦᠬᠦᠮ ᠦᠵᠡᠬᠦᠯᠵᠦ ᠪᠠᠶᠢᠨ᠎ᠠ᠃      ᠲᠤᠭ ᠪᠠᠯᠭᠠᠰᠤᠨ ᠤ ᠲᠤᠭᠤᠯᠳᠠᠢ ᠭᠠᠴᠠᠭᠠᠨ ᠤ ᠮᠠᠯᠴᠢᠨ ᠠᠯᠳᠠᠠᠳᠠᠯᠠᠢ ᠣᠶᠢᠷ᠎ᠠ ᠶᠢᠨ ᠬᠤᠭᠤᠴᠠᠭᠠᠨ ᠳᠤ ᠨᠢᠭᠡ ᠪᠦᠯᠦᠭ ᠦᠷᠡᠵᠢᠯ ᠤᠨ ᠮᠠᠯ ᠬᠤᠳᠠᠯᠳᠤᠨ ᠠᠪᠴᠤ ᠲᠡᠵᠢᠬᠡᠨ ᠲᠠᠷᠭᠤᠯᠠᠭᠤᠯᠬᠤ ᠦᠢᠯᠡᠰ ᠢᠶᠠᠨ ᠦᠷᠭᠡᠳᠬᠡᠬᠦ ᠰᠠᠨᠠᠭ᠎ᠠ ᠲᠠᠢ ᠪᠠᠶᠢᠭᠰᠠᠨ ᠴᠤ ᠪᠡᠯᠡ ᠮᠥᠩᠬᠦ ᠲᠤᠳᠠᠭᠳᠠᠨ ᠭᠠᠴᠢᠭᠳᠠᠵᠦ ᠪᠠᠶᠢᠭᠰᠠᠨ ᠢᠶᠠᠨ ᠲᠦᠷᠦᠬᠦᠬᠡᠨ ᠡᠳᠡᠨ ᠤ ᠭᠠᠴᠠᠭ᠎ᠠ ᠨᠢ ᠬᠤᠰᠢᠭᠤᠨ ᠤ ᠬᠦᠳᠡᠭᠡ ᠲᠤᠰᠬᠤᠨ ᠤ ᠢᠳᠡᠬᠡᠮᠵᠢ ᠶᠢᠨ ᠬᠤᠯᠪᠤᠭᠠᠳᠤ ᠬᠤᠷᠰᠢᠶᠠᠨ ᠠᠴᠠ ︽ᠢᠳᠡᠬᠡᠮᠵᠢᠳᠦ ᠭᠠᠴᠠᠭ᠎ᠠ︾ ᠪᠠᠷ ᠦᠨᠡᠯᠡᠭᠳᠡᠭᠰᠡᠨ ᠳᠤ ᠲᠡᠷᠡ ᠶᠠᠮᠠᠷᠴᠤ ᠪᠠᠳᠤᠯᠠᠪᠤᠷᠢ ᠶᠢᠨ ᠬᠦᠮᠤᠨ ᠪᠠ ᠪᠠᠷᠢᠴᠠᠭᠠᠨ ᠤ ᠪᠤᠳᠠᠰ ᠬᠡᠷᠡᠭᠰᠡᠬᠦ ᠦᠭᠡᠢ ᠪᠠᠷ ᠬᠡᠳᠤᠬᠡᠨ ᠮᠢᠨᠦ᠋ᠲ ᠲᠤ ᠠᠷᠪᠠᠨ ᠲᠥᠮᠡᠨ ᠲᠥᠬᠦᠷᠢᠭ ᠤᠨ ᠵᠢᠬᠡᠯᠡᠯᠬᠡ ᠭᠠᠷᠳᠠᠨ ᠠᠪᠴᠠᠢ᠃      ᠢᠳᠡᠬᠡᠮᠵᠢᠳᠤ ᠭᠠᠴᠠᠭ᠎ᠠ ᠪᠠᠷ ᠦᠨᠡᠯᠡᠭᠳᠡᠭᠰᠡᠨ ᠭᠠᠴᠠᠭᠠᠨ ᠤ ᠮᠠᠯᠴᠢᠳ ᠵᠢᠬᠡᠯᠡᠯᠬᠡ ᠠᠪᠬᠤ ᠳᠤ ᠭᠠᠷ ᠬᠦᠢᠴᠡᠳᠬᠡᠯ ᠨᠢ ᠲᠦᠬᠦᠮ ᠪᠤᠯᠤᠭᠰᠠᠨ ᠮᠦᠷᠲᠡᠭᠡᠨ ᠵᠢᠬᠡᠯᠡᠯᠬᠡ ᠶᠢᠨ ᠬᠦᠤ ᠮᠥᠩᠬᠦ ᠨᠢ ᠲᠤᠤᠷ᠎ᠠ᠂ ᠪᠤᠴᠠᠭᠠᠬᠤ ᠬᠤᠭᠤᠴᠠᠭ᠎ᠠ ᠨᠢ ᠣᠷᠳᠤ᠂ ᠦᠪᠡᠷᠳᠡᠬᠡᠨ ᠵᠢᠬᠡᠯᠡᠯᠬᠡ ᠶᠢᠨ ᠬᠤᠭᠤᠴᠠᠭ᠎ᠠ ᠶᠢ ᠲᠤᠭᠳᠠᠭᠠᠬᠤ ᠵᠡᠷᠭᠡ ᠣᠯᠠᠨ ᠠᠷᠪᠢᠨ ᠬᠠᠷᠠᠭᠠᠯᠵᠠᠯ ᠢ ᠬᠦᠷᠳᠡᠵᠦ ᠮᠠᠯᠴᠢᠨ ᠲᠠᠷᠢᠶᠠᠴᠢᠳ ᠲᠤ ᠢᠳᠡᠬᠡᠮᠵᠢᠳᠦ ᠵᠢᠬᠡᠯᠡᠯᠬᠡ ᠶᠢᠨ ᠡᠯᠧᠺᠲᠷᠤᠨ ᠲᠠᠩᠰᠠ ᠡᠪᠬᠡᠮᠡᠯ ᠪᠠᠶᠢᠭᠤᠯᠵᠤ ᠦᠢᠯᠡᠳᠪᠦᠷᠢᠯᠡᠯ ᠠᠮᠢᠳᠤᠷᠠᠯ ᠤᠨ ᠲᠤᠮᠳᠠᠬᠢ ᠪᠡᠯᠡ ᠮᠥᠩᠬᠦ ᠲᠤᠳᠠᠭᠳᠠᠵᠦ ᠪᠠᠶᠢᠭ᠎ᠠ ᠠᠰᠠᠭᠤᠳᠠᠯ ᠢ ᠴᠠᠭ ᠲᠤᠬᠠᠢ ᠳᠤ ᠨᠢ ᠰᠢᠢᠳᠪᠦᠷᠢᠯᠡᠵᠦ ᠲᠡᠶᠢᠯᠳᠡᠭ ᠪᠠᠶᠢᠨ᠎ᠠ᠃      ᠢᠳᠡᠬᠡᠮᠵᠢᠳᠦ ᠭᠠᠴᠠᠭ᠎ᠠ ᠲᠤᠰᠬᠤᠨ ᠢ ᠦᠨᠡᠯᠡᠬᠦ ᠳᠤ ᠲᠤᠰ ᠭᠠᠴᠠᠭ᠎ᠠ ᠲᠤᠰᠬᠤᠨ ᠤ ᠮᠠᠯᠴᠢᠨ ᠲᠠᠷᠢᠶᠠᠴᠢᠳ  ᠤᠨ ᠢᠳᠡᠬᠡᠮᠵᠢ ᠶᠢᠨ ᠬᠤᠷᠰᠢᠶ᠎ᠠ ᠲᠠᠢ ᠲᠤᠬᠠᠶᠢᠯᠠᠭᠰᠠᠨ ᠠᠵᠢᠯ ᠤᠨ ᠶᠠᠪᠤᠯᠴᠠᠭ᠎ᠠ ᠶᠢ ᠦᠷᠬᠦᠯᠵᠢ ᠪᠠᠳᠤᠯᠠᠵᠤ ᠵᠢᠬᠡᠯᠡᠯᠬᠡ ᠠᠪᠤᠭᠰᠠᠨ 90% ᠠᠴᠠ ᠲᠡᠬᠡᠭᠰᠢᠬᠢ ᠮᠠᠯᠴᠢᠨ ᠲᠠᠷᠢᠶᠠᠴᠢᠳ ᠵᠢᠬᠡᠯᠡᠯᠬᠡ ᠶᠢᠨ ᠡᠬᠡ ᠮᠦᠩᠬᠦ ᠪᠠ ᠬᠦᠤ ᠮᠦᠩᠬᠦ ᠪᠠᠨ ᠲᠤᠭᠳᠠᠭᠰᠠᠨ ᠴᠠᠭ ᠲᠠᠭᠠᠨ ᠪᠤᠴᠠᠭᠠᠭᠰᠠᠨ ᠪᠠᠶᠢᠬᠤ᠂ ᠦᠨᠳᠦᠷ ᠬᠦᠤ ᠲᠠᠢ ᠵᠢᠬᠡᠯᠡᠯᠬᠡ ᠶᠢᠨ ᠦᠭᠴᠡᠭᠡ ᠠᠪᠴᠠᠭ᠎ᠠ ᠦᠬᠡᠢ ᠪᠠᠶᠢᠬᠤ ᠵᠡᠷᠬᠡ ᠶᠡᠷᠤᠩᠬᠡᠶᠢᠯᠡᠭᠰᠡᠨ ᠢᠳᠡᠬᠡᠯ ᠨᠠᠶᠢᠳᠠᠪᠦᠷᠢ ᠶᠢᠨ ᠪᠠᠶᠢᠳᠠᠯ ᠢ ᠦᠨᠳᠤᠰᠤᠯᠡᠨ ᠦᠨᠡᠯᠡᠨ ᠲᠤᠭᠳᠠᠭᠠᠵᠦ ᠤᠳᠤᠬᠠᠨ ᠳᠤ ᠦᠤᠰᠢᠨ ᠬᠤᠰᠢᠭᠤᠨ ᠤ 15 ᠭᠠᠴᠠᠭ᠎ᠠ ᠲᠤᠰᠬᠤᠨ ᠨᠢ ᠢᠳᠡᠬᠡᠮᠵᠢᠳᠦ ᠭᠠᠴᠠᠭ᠎ᠠ ᠲᠤᠰᠬᠤᠨ ᠢᠶᠠᠷ ᠦᠨᠡᠯᠡᠭᠳᠡᠵᠦ ᠬᠤᠯᠪᠤᠭᠳᠠᠭᠰᠠᠨ ᠵᠢᠬᠡᠯᠡᠯᠬᠡ ᠶᠢ ᠨᠡᠶᠢᠳᠡ 2.45 ᠳ᠋ᠥᠩᠰᠢᠭᠤᠷ ᠲᠦᠬᠦᠷᠢᠭ ᠪᠠᠭᠤᠯᠭᠠᠨ ᠲᠠᠷᠠᠭᠠᠴᠢ ᠶᠢᠨ ᠠᠯᠬᠤᠮ ᠳᠤ ᠡᠨᠡᠬᠦ ᠠᠵᠢᠯᠯᠠᠭ᠎ᠠ ᠶᠢ ᠨᠡᠩ ᠣᠯᠠᠨ ᠭᠠᠴᠠᠭ᠎ᠠ ᠲᠤᠰᠬᠤᠨ ᠳᠤ ᠲᠦᠬᠡᠮᠡᠯᠵᠢᠬᠦᠯᠬᠦ ᠪᠠᠷ ᠢᠳᠡᠪᠬᠢᠳᠠᠢ ᠠᠵᠢᠯᠯᠠᠵᠦ ᠪᠤᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号