ᠬᠤᠰᠢᠭᠤ ᠨᠠᠮ ᠤᠨ ᠬᠤᠷᠢᠶ᠎ᠠ ︽ᠤᠭ ᠰᠠᠨᠠᠭ᠎ᠠ ᠪᠠᠨ ᠥᠯᠤ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠠᠭᠦ︾ ᠭᠤᠤᠯ ᠰᠡᠳᠤᠪᠳᠤ ᠭᠥᠮᠤᠵᠢᠯ ᠤᠨ ᠪᠠᠶᠢᠴᠠᠭᠠᠨ ᠰᠤᠳᠤᠯᠤᠯᠳᠠ ᠶᠢᠨ ᠥᠷ᠎ᠠ ᠪᠥᠳᠥᠭᠡᠯ ᠢᠶᠠᠨ ᠰᠤᠯᠢᠯᠴᠠᠬᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2019/11/21
     11ᠰᠠᠷ᠎ᠠ ᠶᠢᠨ 15 ᠤ ᠡᠳᠤᠷ᠂ ᠬᠤᠰᠢᠭᠤ ᠨᠠᠮ ᠤᠨ ᠬᠤᠷᠢᠶ᠎ᠠ ︽ᠤᠭ ᠰᠠᠨᠠᠭ᠎ᠠ ᠪᠠᠨ ᠥᠯᠤ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠠᠭᠦ︾ ᠭᠤᠤᠯ ᠰᠡᠳᠤᠪᠳᠤ ᠭᠥᠮᠤᠵᠢᠯ ᠤᠨ ᠪᠠᠶᠢᠴᠠᠭᠠᠨ ᠰᠤᠳᠤᠯᠤᠯᠳᠠ ᠶᠢᠨ ᠥᠷ᠎ᠠ ᠪᠥᠳᠥᠭᠡᠯ ᠢᠶᠠᠨ ᠰᠤᠯᠢᠯᠴᠠᠬᠤ ᠬᠤᠷᠠᠯ ᠢ ᠬᠤᠷᠠᠯᠳᠤᠭᠤᠯᠤᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠱᠥᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠲᠠᠷᠤᠭ᠎ᠠ ᠵᠤᠤ ᠹᠸᠢ ᠯᠤ᠋᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠭᠢᠯᠡᠭᠴᠢ  ᠪᠤᠶᠠᠠᠮᠠᠠᠳᠤᠬᠤ᠂ ᠬᠤᠰᠢᠭᠤ ᠤᠯᠤᠰ ᠲᠥᠷᠥ  ᠶᠢᠨ ᠵᠥᠪᠯᠡᠯᠭᠡᠨ ᠤ ᠲᠡᠷᠢᠭᠦᠯᠡᠭᠴᠢ ᠬᠤᠤ ᠸᠧᠢ ᠵᠢᠴᠢ ᠭᠡᠷ ᠲᠡᠭᠡᠨ ᠪᠠᠶᠢᠭ᠎ᠠ ᠰᠢᠶᠠᠨ ᠤ ᠲᠠᠰ ᠤᠨ ᠪᠥᠭᠦ ᠤᠳᠤᠷᠢᠳᠤᠯᠭ᠎ᠠ ᠬᠤᠷᠠᠯ ᠳᠤ ᠤᠷᠤᠯᠴᠠᠪᠠ᠃
     ᠬᠤᠷᠠᠯ ᠲᠠᠭᠡᠷ᠎ᠠ᠂ ᠬᠤᠷᠠᠯ ᠳᠤ ᠤᠷᠤᠯᠴᠠᠭᠰᠠᠳ ︽ᠤᠭ ᠰᠠᠨᠠᠭ᠎ᠠ ᠪᠠᠨ ᠥᠯᠤ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠠᠭᠦ︾ ᠭᠤᠤᠯ ᠰᠡᠳᠤᠪᠳᠤ ᠭᠥᠮᠤᠵᠢᠯ ᠤᠨ ᠪᠠᠶᠢᠴᠠᠭᠠᠨ ᠰᠤᠳᠤᠯᠤᠯᠳᠠ ᠶᠢᠨ ᠥᠷ᠎ᠠ ᠪᠥᠳᠥᠭᠡᠯ ᠢᠶᠠᠨ ᠲᠤᠰ ᠲᠤᠰ ᠬᠠᠷᠢᠭᠤ ᠮᠡᠳᠡᠬᠦᠯᠪᠡ᠃      ᠡᠷᠳᠡᠨᠢᠪᠢᠯᠢᠭ ᠵᠢᠭᠠᠵᠤ ᠭᠠᠷᠭᠠᠬᠤ ᠳᠤ ᠪᠠᠨ᠂ ︽ᠤᠭ ᠰᠠᠨᠠᠭ᠎ᠠ ᠪᠠᠨ ᠥᠯᠤ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠠᠭᠦ︾ ᠭᠤᠤᠯ ᠰᠡᠳᠤᠪᠳᠤ ᠭᠥᠮᠤᠵᠢᠯ ᠢ ᠰᠠᠶᠢᠨ ᠥᠷᠨᠢᠭᠦᠯᠭᠦ ᠳᠤ ᠪᠠᠶᠢᠴᠠᠭᠠᠨ ᠰᠤᠳᠤᠯᠤᠯᠳᠠ ᠭᠢᠭᠦ ᠪᠤᠯ ᠴᠢᠬᠤᠯᠠ ᠠᠷᠭ᠎ᠠ ᠵᠠᠮ ᠪᠤᠯᠤᠨ᠎ᠠ᠂ ᠪᠠᠶᠢᠴᠠᠭᠠᠨ ᠰᠤᠳᠤᠯᠤᠯᠳᠠ ᠶᠢᠨ ᠥᠷ᠎ᠠ ᠪᠥᠳᠥᠭᠡᠯ ᠢ ᠭᠥᠢᠴᠡᠳ ᠠᠰᠢᠭᠯᠠᠨ ᠬᠤᠪᠢᠷᠠᠭᠤᠯᠵᠤ ᠪᠠᠶᠢᠴᠠᠭᠠᠨ ᠰᠤᠳᠤᠯᠤᠯᠳᠠ ᠶᠢ ᠥᠷᠭᠦᠯᠵᠢᠯᠠᠨ ᠰᠠᠶᠢᠨ ᠭᠢᠵᠤ ᠭᠤᠤᠯ ᠰᠡᠳᠤᠪᠳᠤ ᠭᠥᠮᠤᠵᠢᠯ ᠢ ᠤᠯᠠᠮ ᠭᠥᠨᠵᠡᠭᠡᠢ ᠪᠤᠳᠠᠳᠠᠢ ᠠᠭᠢᠭᠤᠯᠤᠨ ᠨᠠᠩ ᠰᠠᠶᠢᠨ ᠥᠷ᠎ᠠ ᠪᠥᠳᠥᠮᠵᠢ ᠤᠯᠬᠠᠤ ᠭᠡᠷᠡᠭᠳᠠᠢ᠃ ᠡᠯ᠎ᠠ ᠱᠠᠳᠤᠨ ᠤ ᠤᠳᠤᠷᠢᠳᠬᠤ ᠺᠠᠳ᠋ᠷᠴᠤᠳ ᠪᠠᠶᠢᠴᠠᠭᠠᠨ ᠰᠤᠳᠤᠯᠤᠯᠳᠠ ᠶᠢᠨ ᠥᠷ᠎ᠠ ᠪᠥᠳᠥᠭᠡᠯ ᠢ ᠬᠤᠪᠢᠷᠠᠭᠤᠯᠬᠤ ᠶᠠᠪᠤᠴᠠ ᠳᠤ ᠤᠨᠤᠯ ᠢᠶᠠᠷ ᠵᠡᠪᠰᠡᠭᠯᠠᠭᠦ ᠶᠢ ᠴᠢᠩᠭᠠᠳᠬᠠᠨ ᠠᠷᠠᠳ ᠲᠥᠮᠡᠨ ᠳᠤ ᠥᠢᠯᠡᠴᠢᠯᠠᠭᠦ ᠵᠤᠷᠢᠯᠳᠠ ᠶᠢ ᠤᠶᠢᠯᠡᠳᠤᠯᠭᠡᠵᠢᠭᠦᠯᠤᠨ ᠠᠰᠠᠭᠤᠳᠠᠯ ᠢ ᠴᠡᠭᠴᠡᠯᠠᠨ ᠰᠠᠶᠢᠵᠢᠷᠠᠭᠤᠯᠬᠤ ᠶᠢ ᠭᠥᠨᠵᠡᠭᠡᠶᠢᠷᠠᠭᠦᠯᠤᠨ ᠠᠵᠢᠯ ᠥᠢᠯᠡᠰ ᠤᠨ ᠭᠥᠭᠵᠢᠯᠳᠠ ᠶᠢ ᠠᠭᠢᠭᠤᠯᠵᠤ ᠲᠠᠷᠢᠭᠦᠨ ᠤ ᠠᠷᠭ᠎ᠠ ᠲᠤᠷᠰᠢᠯᠭ᠎ᠠ᠂ ᠰᠠᠶᠢᠨ ᠰᠠᠨᠠᠯ ᠰᠠᠨᠠᠭᠤᠯᠭ᠎ᠠ ᠶᠢ ᠲᠥᠷᠤ ᠶᠢᠨ ᠪᠤᠳᠤᠯᠭ᠎ᠠ ᠶᠢᠨ ᠠᠷᠭ᠎ᠠ ᠪᠠᠷᠢᠯ ᠪᠤᠯᠭᠠᠨ ᠡᠮᠭᠢᠯᠠᠨ ᠬᠤᠪᠢᠷᠠᠭᠤᠯᠵᠤ ᠮᠠᠨ ᠤ ᠬᠤᠰᠢᠭᠤᠨ ᠤ ᠴᠢᠨᠠᠷ ᠰᠠᠶᠢᠳᠠᠢ ᠭᠥᠭᠵᠢᠯᠳᠠ ᠶᠢᠨ ᠰᠢᠨ᠎ᠠ ᠲᠥᠷᠢ ᠪᠠᠶᠢᠳᠠᠯ ᠢ ᠲᠠᠰᠤᠷᠠᠯᠲᠠ ᠥᠭᠡᠢ ᠡᠭᠦᠳᠭᠦ ᠭᠡᠷᠡᠭᠳᠠᠢ ᠭᠡᠵᠡᠢ᠃
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ