ᠬᠤᠰᠢᠭᠤ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠲᠤᠭᠤᠶᠢᠯᠠᠩ ︽ᠤᠭ ᠰᠨᠠᠭ᠎ᠠ ᠪᠠᠨ ᠥᠯᠤ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠠᠭᠦ︾ ᠭᠤᠤᠯ ᠰᠡᠳᠤᠪᠳᠤ ᠭᠥᠮᠤᠵᠢᠯ ᠤᠨ ︽ᠡᠷᠭᠢᠨ ᠬᠠᠷᠠᠬᠤ︾ ᠲᠤᠰᠬᠠᠢ ᠰᠡᠳᠤᠪᠳᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2019/11/21
     11 ᠰᠠᠷ᠎ᠠ ᠶᠢᠨ 15 ᠤ ᠡᠳᠤᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠤᠤ ᠹᠸᠢ ᠯᠦ ᠬᠤᠰᠢᠭᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ︽ᠤᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ︽ᠡᠷᠭᠢᠨ ᠬᠠᠷᠠᠬᠤ︾ ᠲᠤᠰᠬᠠᠶ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠤᠭᠰᠠᠨ ᠪᠠᠶᠢᠨ᠎ᠠ᠃ ᠬᠤᠰᠢᠭᠤ ᠵᠠᠰᠠᠭ ᠤᠨ ᠤᠷᠳᠤᠨ ᠤ ᠬᠤᠰᠢᠭᠤ ᠲᠠᠳ᠋ ᠲᠠᠷᠤᠭ᠎ᠠ ᠲᠤᠲᠤᠭᠠᠳᠤ ᠶᠢ ᠬᠠᠮᠠᠭᠠᠯᠬᠤ ᠲᠤᠪᠴᠢᠶᠠᠨ ᠤ ᠳᠠᠷᠤᠭ᠎ᠠ ᠭᠤᠤ ᠬᠤ᠋  ᠂ ᠬᠤᠰᠢᠭᠤ ᠵᠠᠰᠠᠭ ᠤᠨ ᠤᠷᠳᠤᠨ ᠤ ᠬᠤᠰᠢᠭᠤ ᠲᠠᠳ᠋ ᠲᠠᠷᠤᠭ᠎ᠠ ᠵᠸᠤ ᠱᠤᠸᠠᠢ᠂ ᠪᠠᠶᠠᠠᠴᠠᠩᠭᠡᠯ ᠨᠠᠷ ᠬᠤᠷᠠᠯ ᠳᠤ ᠤᠷᠤᠯᠴᠠᠪᠠ᠃
     ᠵᠤᠤ ᠹᠸᠢ ᠯᠤ᠋ ᠬᠤᠷᠠᠯ ᠲᠡᠭᠡᠷ᠎ᠡ ᠴᠢᠬᠤᠯᠠᠴᠢᠯᠠᠬᠤ ᠳᠤ ᠪᠠᠨ᠂ ᠨᠠᠮ ᠤᠨ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠭᠤᠤᠯ ᠰᠡᠳᠦᠪᠲᠦ ᠬᠥᠮᠦᠵᠢᠯ ᠤᠨ ᠲᠣᠬᠢᠷᠠᠭᠤᠯᠤᠯᠲᠠ ᠶᠢ ᠴᠢᠩᠭ᠎ᠠ ᠵᠢᠷᠤᠮᠯᠠᠨ ᠤᠨᠤᠯ ᠤᠨ ᠰᠤᠷᠤᠯᠴᠠᠯᠭ᠎ᠠ ᠲᠠᠢ ᠬᠠᠷᠢᠴᠠᠭᠤᠯᠤᠨ ᠣᠯᠤᠯᠲᠠ ᠶᠢᠨ ᠲᠤᠭᠤᠷᠢᠨ ᠳᠤ ᠥᠪᠡᠷ ᠤᠨ ᠰᠤᠷᠤᠯᠴᠠᠯᠭ᠎ᠠ ᠬᠥᠮᠦᠵᠢᠯ ᠤᠨ ᠨᠠᠩ ᠯᠠᠪᠳᠠᠭᠤᠨ ᠪᠠᠲᠤᠲᠠᠶ ᠪᠠᠶᠢᠬᠤ ᠡᠰᠡᠬᠦ ᠶᠢ ᠪᠠᠶᠢᠴᠠᠭᠠᠨ ᠦᠵᠡᠬᠦ ᠬᠡᠷᠡᠭᠲᠡᠶ᠃ ᠦᠵᠡᠯ ᠰᠠᠨᠠᠭ᠎ᠠ ᠤᠯᠤᠰ ᠲᠥᠷᠥ ᠶᠢᠨ ᠪᠤᠯᠪᠠᠰᠤᠷᠠᠯ ᠳᠠᠪᠲᠠᠯᠲᠠ ᠲᠠᠢ ᠬᠠᠷᠢᠴᠠᠭᠤᠯᠤᠨ ᠥᠪᠡᠷ ᠤᠨ ᠢᠲᠡᠭᠡᠯ ᠪᠢᠰᠢᠷᠡᠯ᠂ ᠤᠯᠤᠰ ᠲᠥᠷᠥ ᠶᠢᠨ ᠵᠤᠭᠰᠤᠯᠳᠠ ᠡᠷᠡᠰ ᠪᠠᠲᠤ ᠪᠠᠶᠢᠬᠤ ᠡᠰᠡᠬᠦ ᠶᠢ ᠪᠠᠶᠢᠴᠠᠭᠠᠨ ᠥᠵᠠᠭᠦ ᠭᠡᠷᠡᠭᠳᠠᠢ᠃ ᠠᠵᠢᠯ ᠬᠢᠵᠦ ᠥᠢᠯᠡᠰ ᠪᠥᠳᠥᠭᠡᠭᠦ ᠲᠠᠢ ᠬᠠᠷᠢᠴᠠᠭᠤᠯᠤᠨ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ ᠥᠪᠡᠷ ᠤᠨ ᠪᠠᠶᠢᠴᠠᠭᠠᠨ ᠰᠤᠳᠤᠯᠤᠯᠲᠠ ᠬᠢᠬᠦ᠂ ᠠᠰᠠᠭᠤᠳᠠᠯ ᠢ ᠢᠯᠡᠷᠡᠭᠦᠯᠦᠭᠰᠡᠨ ᠪᠠ ᠰᠢᠢᠳᠪᠦᠷᠢᠯᠡᠭᠰᠡᠨ ᠨᠢ ᠨᠠᠩ ᠬᠦᠴᠦᠲᠡᠶ ᠡᠰᠡᠬᠦ ᠶᠢ ᠪᠠᠶᠢᠴᠠᠭᠠᠨ ᠦᠵᠡᠬᠦ ᠬᠡᠷᠡᠭᠲᠡᠶ᠃ ᠵᠥᠷᠢᠶ᠎ᠡ ᠪᠠᠨ ᠡᠷᠢᠵᠦ ᠨᠠᠶᠢᠳᠠᠪᠤᠷᠢᠵᠢᠭᠤᠯᠤᠯᠲᠠ ᠶᠢ ᠠᠳᠬᠤᠬᠤ ᠲᠠᠢ ᠬᠠᠷᠢᠴᠠᠭᠤᠯᠤᠨ ᠥᠪᠡᠷ ᠤᠨ ᠠᠰᠠᠭᠤᠳᠠᠯ ᠤᠨ ᠡᠬᠡ ᠳᠠᠩᠰᠠ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠨᠢ ᠨᠠᠩ ᠪᠦᠬᠦ ᠲᠠᠯ᠎ᠠ ᠶᠢᠨ ᠪᠦᠲᠦᠮᠵᠢᠲᠡᠶ ᠪᠠᠶᠢᠬᠤ ᠡᠰᠡᠬᠦ ᠶᠢ ᠪᠠᠶᠢᠴᠠᠭᠠᠨ ᠦᠵᠡᠵᠦ ᠭᠤᠤᠯ ᠰᠡᠳᠦᠪᠲᠦ ᠬᠥᠮᠦᠵᠢᠯ ᠤᠨ ︽ᠡᠷᠭᠢᠨ ᠬᠠᠷᠠᠬᠤ︾ ᠠᠵᠢᠯ ᠢ ᠨᠠᠷᠢᠨ ᠬᠢᠨᠠᠮᠠᠭᠠᠶ ᠦᠷᠨᠢᠬᠦᠯᠦᠨ ᠳᠤᠲᠠᠭᠤᠳᠠᠯ ᠢ ᠴᠠᠭ ᠲᠤᠬᠠᠶ ᠳᠤᠨᠢ ᠪᠠᠶᠢᠴᠠᠭᠠᠨ ᠨᠥᠬᠦᠪᠥᠷᠢᠯᠡᠵᠦ ᠭᠤᠤᠯ ᠰᠡᠳᠦᠪᠲᠦ ᠬᠥᠮᠦᠵᠢᠯ ᠤᠨ ᠦᠨᠡᠨ ᠪᠣᠳᠠᠲᠠᠶ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠶ ᠭᠡᠵᠡᠢ᠃
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ