ᠤᠶᠢᠷ᠎ᠠ ᠶᠢᠨ ᠡᠳᠦᠷ᠂ ᠶᠣᠰᠣ ᠰᠤᠷᠲᠠᠬᠤᠨ ᠤ ᠵᠢᠱᠢᠶᠡᠴᠢ ᠵᠡᠷᠭᠡ ᠬᠥᠮᠦᠰ ᠤᠨ ᠰᠡᠳᠬᠢᠯ ᠲᠤᠭᠳᠤᠯᠤᠭᠤᠮᠠ | ᠲᠡᠷᠢᠭᠦᠨ ᠤ ᠦᠢᠯᠡ ᠠᠵᠢᠯᠯᠠᠭ᠎ᠠ ᠪᠣᠯᠤᠨ ᠵᠣᠷᠢᠭ ᠰᠠᠨᠠᠭ᠎ᠠ ᠶᠢ ᠲᠥᠪᠯᠡᠷᠡᠭᠦᠯᠦᠨ ᠤᠬᠠᠭᠤᠯᠵᠤ ᠠᠷᠠᠳ ᠢᠷᠭᠡᠳ ᠤᠨ | ᠦᠵᠡᠯ ᠰᠠᠨᠠᠭ᠎ᠠ ᠶᠣᠰᠣ ᠰᠤᠷᠲᠠᠬᠤᠨ ᠤ ᠪᠠᠶᠢᠭᠤᠯᠤᠯᠲᠠ ᠶᠢ ᠴᠢᠩᠭᠠᠳᠬᠠᠬᠤ ᠶᠢᠨ ᠲᠥᠯᠥᠭᠡ ᠣᠷᠳᠣᠰ ᠬᠤᠲᠠ ᠶᠢᠨ | ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠣᠷᠳᠣᠰ ᠬᠤᠲᠠ ᠶᠢᠨ ᠪᠣᠯᠪᠠᠰᠤᠨ ᠤ ᠠᠯᠪᠠᠨ ᠭᠡᠷ ᠠᠴᠠ ᠭᠤᠣᠯᠯᠠᠨ | ᠡᠷᠬᠢᠯᠡᠵᠦ ᠣᠷᠳᠣᠰ ᠬᠤᠲᠠ ᠶᠢᠨ ᠷᠠᠳᠢᠣ᠋ ᠲᠧᠯᠸᠢᠰ ᠬᠤᠷᠢᠶ᠎ᠠ ᠠᠴᠠ ᠬᠠᠷᠢᠭᠤᠴᠠᠨ ᠡᠷᠬᠢᠯᠡᠭᠰᠡᠨ ︽ᠣᠷᠳᠣᠰ | ᠬᠤᠲᠠ ᠶᠢᠨ 2019 ᠣᠨ ᠤ ᠶᠣᠰᠣ ᠰᠤᠷᠲᠠᠬᠤᠨ ᠤ ᠵᠢᠱᠢᠶᠡᠴᠢ᠂ ᠬᠠᠵᠠᠭᠤᠳᠡᠬᠢ ᠰᠠᠶᠢᠴᠤᠣᠯ ᠪᠠ ᠪᠣᠯᠪᠠᠰᠤᠨ ᠭᠡᠷ | ᠪᠦᠯᠢ ᠶᠢᠨ ᠦᠯᠢᠭᠡᠷ ᠤᠨ ᠦᠨᠳᠦᠰᠦᠨ ᠱᠠᠲᠤᠨ ᠳᠠᠬᠢ ᠲᠣᠭᠤᠷᠢᠨ ᠲᠣᠭᠯᠠᠯᠲᠠ ᠶᠢᠨ ᠦᠦᠰᠢᠨ ᠬᠤᠰᠢᠭᠤᠨ ᠳᠠᠬᠢ | ᠲᠤᠰᠬᠠᠶ ᠲᠠᠯᠠᠪᠠᠢ ᠶᠢᠨ ᠲᠣᠭᠯᠠᠯᠲᠠ︾ ᠬᠤᠰᠢᠭᠤ ᠰᠣᠶᠣᠯ ᠤᠨ ᠠᠵᠢᠯᠯᠠᠭᠠᠨ ᠤ ᠲᠥᠪ ᠲᠤ ᠶᠠᠪᠤᠭᠳᠠᠵᠤ ᠶᠣᠰᠣ | ᠮᠣᠷᠠᠯ ᠤᠨ ᠵᠢᠱᠢᠶᠡᠴᠢ᠂ ᠬᠠᠵᠠᠭᠤᠳᠡᠬᠢ ᠰᠠᠶᠢᠴᠤᠣᠯ ᠤᠨ ᠲᠥᠯᠥᠭᠡᠯᠡᠭᠴᠢ᠂ ᠨᠠᠮ ᠵᠠᠰᠠᠭ ᠤᠨ ᠪᠠᠶᠢᠭᠤᠯᠭ᠎ᠠ ᠨᠢᠭᠡᠴᠢ | ᠶᠢᠨ ᠺᠠᠳ᠋ᠷ ᠠᠵᠢᠯᠲᠠᠨ᠂ ᠰᠠᠭᠤᠭᠠᠯᠢ ᠠᠷᠠᠳ ᠤᠨ ᠲᠥᠯᠥᠭᠡᠯᠡᠭᠴᠢ ᠵᠡᠷᠭᠡ 300 ᠭᠠᠷᠤᠶ ᠬᠥᠮᠦᠨ ᠲᠣᠭᠯᠠᠯᠲᠠ | ᠰᠣᠨᠢᠷᠬᠠᠪᠠ᠃ | ᠲᠣᠰ ᠤᠳᠠᠭᠠᠨ ᠤ ᠲᠣᠭᠤᠷᠢᠨ ᠲᠣᠭᠯᠠᠯᠲᠠ ᠨᠢ ᠣᠷᠳᠣᠰ ᠬᠤᠲᠠ ᠶᠢᠨ ᠶᠣᠰᠣ ᠰᠤᠷᠲᠠᠬᠤᠨ ᠤ ᠵᠢᠱᠢᠶᠡᠴᠢ | ᠵᠡᠷᠭᠡ ᠬᠥᠮᠥᠰ ᠤᠨ ᠲᠡᠷᠢᠭᠦᠨ ᠤ ᠦᠢᠯᠡ ᠠᠵᠢᠯᠯᠠᠭ᠎ᠠ ᠪᠠᠷ ᠰᠡᠳᠦᠪᠯᠡᠵᠦ ︽ᠯᠢᠦ ᠼᠦᠨ ᠰᠢ︾᠂ ︽ᠣᠷᠳᠣᠰ ᠲᠤ | ᠰᠠᠶᠢᠴᠤᠤᠳ ᠤᠯᠠᠨᠲᠠᠢ︾᠂ ︽ᠡᠪᠦᠷ ᠲᠡᠮᠳᠡᠭᠯᠡᠯ︾ ᠵᠡᠷᠭᠡ ᠰᠢᠯᠢᠳᠡᠭ ᠲᠣᠭᠯᠠᠯᠲᠠ ᠤᠳ ᠢ ᠨᠠᠶᠢᠷᠠᠭᠤᠯᠤᠨ | ᠪᠡᠯᠡᠳᠬᠡᠵᠦ ᠦᠵᠡᠭᠳᠡᠯ ᠵᠦᠴᠦᠭᠡ᠂ ᠱᠤᠭ ᠵᠦᠴᠦᠭᠡ᠂ ᠳᠠᠭᠤᠤ ᠪᠥᠵᠢᠭ᠂ ᠠᠬᠤᠶ ᠪᠠᠶᠢᠳᠠᠯ ᠢ ᠲᠣᠭᠠᠴᠢᠨ ᠶᠠᠷᠢᠬᠤ | ᠬᠡᠯᠪᠡᠷᠢ ᠪᠠᠷ ᠦᠵᠡᠭᠴᠢᠳ ᠲᠤ ᠭᠤᠴᠤ ᠰᠠᠶᠢᠬᠠᠨ ᠲᠤᠭᠯᠠᠯᠲᠠ ᠶᠢ ᠰᠤᠨᠢᠷᠬᠠᠭᠤᠯᠵᠠᠢ᠃ ᠲᠣᠭᠯᠠᠯᠲᠠ ︽ᠯᠢᠦ ᠼᠦᠨ | ᠰᠢ︾ ᠨᠢ ᠥᠪᠡᠷ ᠤᠨ ᠢᠶᠠᠨ ᠠᠮᠢ ᠪᠡᠶ᠎ᠡ ᠪᠠᠨ ᠬᠠᠶᠢᠬᠤᠷᠤᠯ ᠦᠭᠡᠢ ᠭᠡᠯᠮᠡᠭᠳᠡᠭᠰᠡᠨ ᠦᠬᠡᠷ ᠠᠴᠠ ᠠᠶᠢᠯ | ᠰᠠᠭᠠᠬᠠᠯᠲᠠ ᠪᠠᠨ ᠠᠪᠤᠷᠠᠭᠰᠠᠨ ᠳᠣᠯᠣᠳᠤᠭᠠᠷ ᠬᠤᠭᠤᠴᠠᠭᠠᠨ ᠤ ᠪᠦᠬᠦ ᠤᠯᠤᠰ ᠤᠨ ᠶᠣᠰᠣ ᠰᠤᠷᠲᠠᠬᠤᠨ ᠤ ᠵᠢᠱᠢᠶᠡᠴᠢ | ᠪᠠᠷ ᠨᠡᠷ᠎ᠡ ᠳᠤᠷᠠᠳᠤᠭᠳᠠᠭᠰᠠᠨ ᠱᠠᠩᠨᠠᠯ ᠬᠦᠷᠲᠡᠭᠴᠢ ᠯᠢᠦ ᠼᠦᠨ ᠰᠢ ᠪᠠᠷ ᠰᠡᠳᠦᠪᠯᠡᠵᠦ᠂ ᠲᠣᠭᠯᠠᠯᠲᠠ ︽ᠡᠪᠦᠷ | ᠲᠡᠮᠳᠡᠭᠯᠡᠯ︾ ᠨᠢ ᠵᠢᠷᠭᠤᠳᠤᠭᠠᠷ ᠬᠤᠭᠤᠴᠠᠭᠠᠨ ᠤ ᠣᠷᠳᠣᠰ ᠤᠨ ᠠᠵᠢᠯ ᠦᠢᠯᠡᠰ ᠢᠶᠠᠨ ᠳᠡᠭᠡᠳᠦᠯᠡᠭᠰᠡᠨ ᠶᠣᠰᠣ | ᠰᠤᠷᠲᠠᠬᠤᠨ ᠤ ᠵᠢᠱᠢᠶᠡᠴᠢ᠂ ᠥᠮᠡᠨ ᠡᠪᠡᠳᠴᠢᠨ ᠳᠤ ᠨᠡᠷᠪᠡᠭᠳᠡᠭᠰᠡᠨ ᠴᠤ ᠠᠵᠢᠯ ᠤᠨ ᠪᠠᠶᠢᠷᠢ ᠪᠠᠨ ᠪᠠᠲᠤ ᠰᠠᠬᠢᠭᠰᠠᠨ | ᠬᠢᠶ᠎ᠡ ᠪᠠᠭᠰᠢ ᠲᠣᠭᠤᠷᠢᠭ ᠤᠨ ᠲᠠᠪᠤᠳᠤᠭᠠᠷ ᠪᠠᠭ᠎ᠠ ᠰᠤᠷᠭᠠᠭᠤᠯᠢ ᠶᠢᠨ ᠵᠠᠬᠢᠷᠤᠯ ᠼᠠᠢ ᠴᠧᠩ ᠷᠦᠢ ᠤᠨ ᠦᠢᠯᠡ | ᠠᠵᠢᠯᠯᠠᠭ᠎ᠠ ᠪᠠᠷ ᠰᠡᠲᠦᠪᠯᠡᠨ ᠦᠨᠡᠨ ᠪᠣᠳᠠᠲᠠᠶ ᠠᠮᠢᠳᠤᠯᠢᠭ ᠰᠡᠳᠬᠢᠯ ᠲᠤᠭᠳᠤᠯᠤᠭᠤᠮᠠ ᠲᠡᠷᠢᠭᠦᠨ ᠤ ᠵᠢᠱᠢᠶᠡᠴᠢ | ᠦᠢᠯᠡ ᠠᠵᠢᠯᠯᠠᠭ᠎ᠠ ᠶᠢ ᠤᠷᠠᠯᠢᠭ ᠤᠨ ᠬᠡᠯᠪᠡᠷᠢ ᠪᠠᠷ ᠦᠵᠡᠭᠴᠢᠳ ᠤᠨ ᠬᠠᠷᠠᠭᠠᠨ ᠳᠤ ᠬᠦᠷᠭᠡᠵᠦ ᠲᠤᠬᠠᠶ ᠶᠢᠨ | ᠲᠠᠯᠠᠪᠠᠢ ᠶᠢᠨ ᠦᠵᠡᠭᠴᠢᠳ ᠤᠨ ᠬᠠᠯᠠᠭᠤᠨ ᠬᠦᠷᠢᠶᠡᠯᠡᠯ ᠪᠣᠯᠤᠨ ᠰᠠᠶᠢᠨ ᠦᠨᠡᠯᠡᠯᠲᠡ ᠶᠢ ᠣᠯᠵᠠᠶ᠃ | ᠤᠶᠢᠷ᠎ᠠ ᠶᠢᠨ ᠵᠢᠯ ᠠᠴᠠ ᠨᠠᠰᠢ᠂ ᠮᠠᠨ ᠤ ᠬᠤᠰᠢᠭᠤ ᠨᠢ ᠶᠣᠰᠣ ᠰᠤᠷᠲᠠᠬᠤᠨ᠂ ᠰᠣᠶᠣᠯ ᠢᠶᠠᠷ ᠬᠥᠮᠦᠨ ᠢ | ᠬᠦᠮᠦᠵᠢᠬᠦᠯᠦᠨ ᠤᠬᠠᠭᠠᠷᠠᠭᠤᠯᠬᠤ ᠶᠢ ᠢᠮᠠᠭᠲᠠ ᠪᠠᠷᠢᠮᠲᠠᠯᠠᠵᠤ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ | ᠦᠵᠡᠯᠲᠡ ᠶᠢ ᠶᠡᠬᠡᠪᠡᠷ ᠤᠬᠠᠭᠤᠯᠤᠨ ᠲᠣᠭᠤᠷᠢᠨ ᠲᠣᠭᠯᠠᠯᠲᠠ᠂ ᠲᠤᠰᠬᠠᠢ ᠰᠡᠳᠦᠪᠲᠦ ᠦᠵᠡᠭᠦᠯᠭᠡ ᠵᠡᠷᠭᠡ ᠣᠯᠠᠨ | ᠵᠦᠢᠯ ᠤᠨ ᠬᠡᠯᠪᠡᠷᠢ ᠪᠠᠷ ᠶᠣᠰᠣ ᠰᠤᠷᠲᠠᠬᠤᠨ ᠤ ᠵᠢᠱᠢᠶᠡᠴᠢ᠂ ᠬᠠᠵᠠᠭᠤᠳᠡᠬᠢ ᠰᠠᠶᠢᠴᠤᠣᠯ ᠪᠠ ᠪᠣᠯᠪᠠᠰᠤᠨ ᠭᠡᠷ | ᠪᠦᠯᠢ ᠶᠢᠨ ᠲᠡᠷᠢᠭᠦᠨ ᠤ ᠦᠢᠯᠡ ᠠᠵᠢᠯᠯᠠᠭ᠎ᠠ ᠶᠢ ᠦᠨᠳᠦᠰᠦᠨ ᠱᠠᠲᠤᠨ ᠳᠤ ᠤᠬᠠᠭᠤᠯᠤᠨ ᠬᠥᠮᠦᠰ ᠢ ᠬᠥᠲᠥᠯᠥᠨ | ᠵᠢᠯᠣᠭᠤᠳᠴᠤ ᠪᠠᠶᠢᠭᠠᠳ ᠮᠡᠷᠭᠡᠳ ᠠᠴᠠ ᠲᠠᠭᠠᠨ ᠰᠤᠷᠤᠯᠴᠠᠬᠤ᠂ ᠶᠣᠰᠣ ᠰᠤᠷᠲᠠᠬᠤᠨ ᠢ ᠡᠷᠬᠢᠮᠯᠡᠨ ᠰᠠᠶᠢᠨ | ᠰᠠᠢᠬᠠᠨ ᠢ ᠪᠠᠷᠢᠮᠲᠠᠯᠠᠬᠤ ᠰᠠᠶᠢᠨ ᠪᠠᠶᠢᠳᠠᠯ ᠢ ᠪᠤᠢ ᠪᠣᠯᠭᠠᠵᠤ ᠶᠣᠰᠣ ᠰᠤᠷᠲᠠᠬᠤᠨ ᠤ ᠵᠢᠱᠢᠶᠡᠴᠢ ᠶᠢᠨ ᠳᠠᠭᠤᠷᠢᠶᠠᠯ | ᠬᠦᠴᠦᠨ ᠢ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠤᠨ ᠨᠡᠶᠢᠭᠡᠮ ᠤᠨ ᠶᠣᠰᠣ ᠰᠤᠷᠲᠠᠬᠤᠨ ᠤ ᠲᠦᠪᠰᠢᠨ | ᠪᠠ ᠪᠣᠯᠪᠠᠰᠤᠨ ᠤ ᠬᠡᠮᠵᠢᠶ᠎ᠡ ᠶᠢ ᠤᠯᠠᠮ ᠴᠢᠨᠠᠭᠰᠢᠳᠠ ᠳᠡᠭᠡᠭᠰᠢᠯᠡᠭᠦᠯᠬᠦ ᠶᠢ ᠠᠬᠢᠭᠤᠯᠪᠠ᠃ |