ᠤᠢᠢᠷ᠎ᠠ ᠶᠢᠨ ᠵᠢᠯ ᠠᠴᠠ ᠨᠠᠭᠠᠰᠢ ᠦᠤᠰᠢᠨ ᠬᠤᠰᠢᠭᠤᠨ ᠤ ᠰᠠᠬᠢᠨ ᠬᠤᠷᠢᠬᠤ ᠭᠠᠵᠠᠷ ᠡᠳᠤᠷ ᠳᠤᠳᠤᠮ ᠤᠨ | ᠬᠠᠮᠢᠶᠠᠷᠤᠯᠳᠠ ᠳᠤᠮᠳᠠ ᠪᠠᠨ ︽ᠳᠦᠷᠪᠡᠨ ᠨᠢᠭᠡ︾ ᠶᠢᠨ ᠠᠵᠢᠯᠯᠠᠭ᠎ᠠ ᠶᠢ ᠬᠦᠨᠵᠡᠭᠡᠢ ᠦᠷᠨᠢᠬᠦᠯᠵᠤ᠂ | ᠬᠦᠮᠤᠨᠴᠢᠯᠡᠭᠰᠡᠨ ᠬᠠᠮᠢᠶᠠᠷᠤᠯᠳᠠ ᠶᠢ ᠢᠯᠡᠷᠡᠬᠦᠯᠤᠨ᠂ ᠳᠦᠷ ᠬᠤᠷᠢᠵᠤ ᠪᠠᠶᠢᠭ᠎ᠠ ᠬᠦᠮᠤᠰ ᠤᠨ ᠪᠡᠶ᠎ᠠ ᠪᠠᠨ | ᠬᠦᠨᠳᠤᠳᠭᠡᠬᠦ᠂ ᠪᠤᠷᠤᠭᠤ ᠪᠠᠨ ᠳᠠᠨᠢᠬᠤ᠂ ᠪᠡᠶ᠎ᠠ ᠪᠠᠨ ᠳᠠᠬᠢᠨ ᠱᠤᠭᠤᠬᠤ ᠡᠶ᠎ᠡ ᠵᠤᠬᠢᠴᠠᠯ ᠲᠠᠢ ᠪᠤᠯᠪᠠᠰᠤᠨ ᠬᠢᠨᠠᠨ | ᠬᠠᠮᠢᠶᠠᠷᠤᠯᠳᠠ ᠶᠢ ᠪᠤᠢ ᠪᠤᠯᠭᠠᠵᠤ᠂ ᠪᠦᠬᠦ ᠴᠠᠬᠳᠠᠭ᠎ᠠ ᠨᠠᠷ ᠤᠨ ᠬᠠᠮᠳᠤ ᠶᠢᠨ ᠵᠤᠷᠢᠯᠳᠠ ᠪᠤᠯᠭᠠᠵᠤ ᠪᠠᠶᠢᠨ᠎ᠠ᠃ | ᠨᠢᠭᠡ ᠪᠦᠯᠦᠭ ᠳᠦᠷ ᠬᠤᠷᠢᠵᠤ ᠪᠠᠶᠢᠭ᠎ᠠ ᠬᠦᠮᠤᠰ ᠲᠤ ᠠᠯᠴᠢᠭᠤᠷ᠂ ᠰᠠᠪᠤᠩ᠂ ᠶᠠᠭᠤᠤ᠂ ᠤᠰᠤᠨ ᠴᠤᠮᠤ᠂ | ᠡᠷᠡᠬᠦᠯ ᠬᠠᠮᠠᠭᠠᠯᠠᠯ ᠤᠨ ᠴᠠᠭᠠᠰᠤ᠂ ᠪᠤᠳᠠᠭᠠᠨ ᠰᠠᠪᠠ ᠵᠡᠷᠭᠡ ᠠᠮᠢᠳᠤᠷᠠᠯ ᠤᠨ ᠭᠡᠷᠡᠭᠰᠡᠯ ᠤᠳ ᠢ ᠪᠡᠯᠡᠳᠭᠡᠨ ᠦᠭᠴᠤ᠂ | ᠳᠡᠳᠡᠨ ᠤ ᠡᠳᠤᠷ ᠳᠤᠳᠤᠮ ᠤᠨ ᠠᠮᠢᠳᠤᠷᠠᠯ ᠳᠤ ᠳᠦᠬᠦᠮ ᠦᠵᠡᠬᠦᠯᠪᠡ᠃ ᠴᠠᠬᠳᠠᠭ᠎ᠠ ᠨᠠᠷ 24 ᠴᠠᠭ ᠤᠨ ᠳᠤᠳᠤᠷ᠎ᠠ | ᠰᠢᠨ᠎ᠠ ᠤᠷᠤᠵᠤ ᠢᠷᠡᠭᠰᠡᠨ ᠳᠦᠷ ᠬᠤᠷᠢᠵᠤ ᠪᠠᠶᠢᠭ᠎ᠠ ᠬᠦᠮᠤᠰ ᠲᠠᠢ ᠶᠠᠷᠢᠯᠴᠠᠭ᠎ᠠ ᠬᠢᠵᠤ᠂ ᠳᠡᠳᠡᠨ ᠤ ᠢᠳᠡᠭᠡᠯ ᠢ | ᠤᠯᠵᠤ᠂ ᠬᠠᠮᠢᠶᠠᠷᠤᠯᠳᠠ ᠶᠢᠨ ᠠᠵᠢᠯ ᠳᠠᠭᠠᠨ ᠳᠦᠬᠦᠮ ᠦᠵᠡᠬᠦᠯᠵᠤ ᠪᠤᠢ᠃ ᠳᠡᠷᠡᠴᠢᠯᠡᠨ ᠳᠦᠷ ᠬᠤᠷᠢᠵᠤ ᠪᠠᠶᠢᠭ᠎ᠠ | ᠬᠦᠮᠤᠰ ᠲᠤ ᠰᠠᠬᠢᠨ ᠬᠤᠷᠢᠬᠤ ᠭᠠᠵᠠᠷ ᠤᠨ ᠳᠦᠷᠢᠮ ᠳᠤᠬᠳᠠᠭᠠᠯ᠂ ᠡᠳᠤᠷ ᠳᠤᠳᠤᠮ ᠤᠨ ᠠᠵᠢᠯᠯᠠᠭᠠᠨ ᠳᠤᠮᠳᠠᠬᠢ | ᠠᠩᠬᠠᠷᠬᠤ ᠵᠦᠢᠯᠡᠰ ᠵᠡᠷᠭᠡ ᠶᠢ ᠰᠠᠨᠠᠭᠤᠯᠵᠤ ᠦᠭᠳᠡᠭ ᠪᠠᠶᠢᠨ᠎ᠠ᠃ ᠡᠭᠦᠨ ᠤ ᠬᠠᠮᠳᠤ ᠰᠠᠬᠢᠨ ᠬᠤᠷᠢᠬᠤ ᠭᠠᠵᠠᠷ ᠨᠢ | ᠬᠠᠮᠢᠶᠠᠷᠬᠤ ᠶᠢᠨ ᠳᠠᠭᠠᠤ ᠬᠦᠮᠤᠵᠢᠬᠦᠯᠬᠦ ᠶᠢ ᠠᠩᠬᠠᠷᠴᠤ᠂ ᠦᠵᠡᠯ ᠰᠠᠨᠠᠭ᠎ᠠ ᠳᠠᠨᠢᠯᠳᠠ ᠶᠢ ᠨᠢ ᠬᠤᠪᠢᠷᠠᠭᠤᠯᠤᠨ᠂ | ᠳᠦᠷ ᠬᠤᠷᠢᠵᠤ ᠪᠠᠶᠢᠬ ᠠ ᠬᠦᠮᠤᠰ ᠤᠨ ᠰᠤᠶᠤᠯ ᠤᠨ ᠬᠢᠷᠢ ᠳᠦᠪᠰᠢᠨ ᠢ ᠳᠡᠭᠡᠭᠰᠢᠯᠡᠬᠦᠯᠵᠤ᠂ ᠳᠡᠳᠡᠨ ᠳᠤ | ᠰᠤᠶᠤᠯ ᠤᠨ ᠮᠡᠳᠡᠯᠭᠡ ᠪᠠ ᠬᠠᠤᠯᠢ ᠴᠠᠭᠠᠵᠠ ᠶᠢᠨ ᠮᠡᠳᠡᠯᠭᠡ ᠶᠢ ᠡᠵᠡᠮᠰᠢᠬᠦᠯᠵᠤ ᠪᠤᠢ᠃ ᠰᠠᠬᠢᠨ ᠬᠤᠷᠢᠬᠤ ᠭᠠᠵᠠᠷ ᠨᠢ | ᠪᠠᠰᠠ ᠦᠰᠦ ᠭᠡᠵᠢᠭᠡ ᠵᠠᠰᠠᠬᠤ ᠭᠡᠷᠡᠭᠰᠡᠯ ᠬᠤᠳᠠᠯᠳᠤᠨ ᠠᠪᠴᠤ᠂ ᠳᠦᠷ ᠬᠤᠷᠢᠵᠤ ᠪᠠᠶᠢᠭ᠎ᠠ ᠬᠦᠮᠤᠰ ᠲᠤ ᠨᠢᠭᠡ | ᠤᠳᠠᠭ᠎ᠠ ᠦᠰᠦ ᠭᠡᠵᠢᠭᠡ ᠶᠢ ᠨᠢ ᠵᠠᠰᠠᠵᠤ ᠦᠭᠬᠦᠨ᠂ ᠰᠠᠬᠠᠯ ᠢ ᠨᠢ ᠬᠤᠰᠤᠨ᠂ ᠬᠠᠭᠠᠰ ᠰᠠᠷ᠎ᠠ ᠳᠤ ᠨᠢᠭᠡ ᠤᠳᠠᠭ᠎ᠠ | ᠬᠢᠮᠤᠰᠤ ᠶᠢ ᠨᠢ ᠠᠪᠴᠦ ᠦᠭᠬᠦ ᠠᠴᠠ ᠭᠠᠳᠠᠨ᠎ᠠ ᠤᠷᠠᠬᠳᠠᠵᠤ ᠴᠤᠭᠤᠷᠤᠬᠰᠠᠨ ᠬᠤᠪᠴᠠᠰᠤ ᠬᠤᠨᠠᠷ ᠢ ᠨᠢ ᠨᠦᠬᠦᠨ | ᠦᠭᠴᠤ᠂ ᠪᠠᠶᠠᠷ ᠳᠤᠷᠠᠰᠬᠠᠯ ᠤᠨ ᠡᠳᠤᠷ ᠳᠡᠳᠡᠨ ᠳᠤ ᠦᠨ᠎ᠠ ᠳᠦᠯᠦᠪᠦᠷᠢ ᠦᠭᠡᠢ ᠪᠠᠷ ᠭᠡᠵᠢᠭᠡ ᠤᠬᠢᠶᠠᠬᠤ ᠡᠳ᠋᠂ | ᠶᠠᠭᠤᠤ ᠵᠡᠷᠭᠡ ᠶᠢ ᠬᠠᠨᠭ᠍ᠭᠠᠨ ᠦᠭᠳᠡᠭ ᠪᠠᠶᠢᠨ᠎ᠠ᠃ | | |