ᠦᠤᠰᠢᠨ ᠬᠤᠰᠢᠭᠤ ᠠᠯᠤᠰ ᠡᠵᠡᠮᠰᠢᠯᠳᠤ ᠰᠤᠷᠭᠠᠨ ᠭᠦᠮᠦᠵᠢᠯ ᠤᠨ ᠲᠠᠭᠤᠷᠢᠶᠠᠯ ᠦᠵᠡᠭᠦᠯᠭᠦ ᠰᠠᠭᠤᠷᠢᠨ  ᠭᠠᠵᠠᠷ ᠢ ᠠᠰᠢᠬᠯᠠᠨ ᠭᠦᠳᠡᠭᠡ ᠲᠤᠰᠬᠤᠨ ᠢ ᠭᠦᠭᠵᠢᠭᠦᠯᠭᠦ ᠶᠢ ᠠᠭᠢᠭᠤᠯᠵᠤ ᠪᠤᠢ
ᠨᠡᠶᠢᠲᠡᠯᠡᠭᠰᠡᠨ ᠴᠠᠭ᠄
2019-11-25
    ᠤᠢᠢᠷ᠎ᠠ ᠶᠢᠨ ᠵᠢᠯ ᠠᠴᠠ ᠨᠠᠭᠠᠰᠢ᠂ ᠦᠤᠰᠢᠨ ᠬᠤᠰᠢᠭᠤ ᠠᠯᠤᠰ ᠡᠵᠡᠮᠰᠢᠯᠳᠤ ᠰᠤᠷᠭᠠᠨ ᠭᠦᠮᠦᠵᠢᠯ ᠤᠨ ᠲᠠᠪᠠᠭᠤᠯᠢᠭ ᠢ ᠠᠰᠢᠬᠯᠠᠨ᠂ ᠸᠠᠩ ᠶᠤᠤ ᠸᠠᠨ ᠲᠤᠰᠬᠤᠨ ᠢᠶᠠᠷ ᠲᠦᠯᠦᠭᠡᠯᠡᠭᠦᠯᠦᠭᠰᠡᠨ ᠨᠢᠭᠡ ᠪᠦᠯᠦᠭ ᠦᠪᠡᠷᠮᠢᠴᠠ ᠤᠨᠴᠠᠯᠢᠭ ᠪᠦᠭᠦᠢ ᠠᠯᠤᠰ ᠡᠵᠡᠮᠰᠢᠯᠳᠤ ᠰᠤᠷᠭᠠᠨ ᠭᠦᠮᠦᠵᠢᠯ ᠤᠨ ᠲᠠᠭᠤᠷᠢᠶᠠᠯ ᠦᠵᠡᠭᠦᠯᠭᠦ ᠰᠠᠭᠤᠷᠢᠨ ᠭᠠᠵᠠᠷ᠂ ᠲᠠᠭᠤᠷᠢᠶᠠᠯ ᠦᠵᠡᠭᠦᠯᠭᠦ ᠦᠷᠳᠡᠭᠡ ᠪᠠ ᠴᠡᠭ ᠢ ᠡᠭᠦᠳᠦᠨ ᠪᠠᠶᠢᠭᠤᠯᠵᠤ᠂ ᠲᠤᠰᠬᠠᠢ ᠮᠡᠷᠭᠡᠵᠢᠯᠳᠠᠳ ᠰᠤᠳᠤᠯᠭ᠎ᠠ ᠭᠢᠭᠦ᠂ ᠮᠠᠯᠴᠢᠨ ᠲᠠᠷᠢᠶᠠᠴᠢᠳ ᠲᠡᠷᠢᠭᠦᠨ ᠤ ᠮᠡᠷᠭᠡᠵᠢᠯ ᠪᠠ ᠡᠵᠡᠩᠨᠡᠯᠳᠠ ᠶᠢᠨ ᠤᠢᠢᠯᠠᠭᠠᠬᠳᠠᠬᠤᠨ ᠢ ᠰᠤᠷᠤᠯᠴᠠᠬᠤ ᠴᠢᠬᠤᠯᠠ ᠠᠵᠢᠯᠯᠠᠭᠠᠨ ᠤ ᠭᠠᠵᠠᠷ ᠪᠤᠯᠭᠠᠵᠤ᠂ ᠮᠠᠯᠴᠢᠨ ᠲᠠᠷᠢᠶᠠᠴᠢᠳ ᠤᠨ ᠪᠠᠶᠠᠵᠢᠨ ᠴᠢᠨᠡᠭᠡᠯᠢᠭᠵᠢᠭᠦ ᠤᠷᠮ᠎ᠠ ᠶᠢ ᠭᠦᠭᠵᠢᠭᠡᠵᠤ᠂ ᠭᠦᠳᠡᠭᠡ ᠲᠤᠰᠬᠤᠨ ᠢ ᠭᠦᠭᠵᠢᠭᠦᠯᠭᠦ ᠴᠢᠬᠤᠯᠠ ︽ᠬᠠᠪᠰᠤᠷᠤᠬᠴᠢ︾ ᠪᠤᠯᠭᠠᠵᠤ ᠪᠠᠶᠢᠨ᠎ᠠ᠃      ᠲᠤᠰᠬᠠᠢ ᠮᠡᠷᠭᠡᠵᠢᠯᠳᠠᠨ ᠤ ᠦᠢᠯᠡᠴᠢᠯᠡᠭᠡᠨ ᠤ ᠦᠷᠳᠡᠭᠡ ᠶᠢ 1 ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ 13 ᠲᠤᠰᠬᠠᠢ ᠮᠡᠷᠭᠡᠵᠢᠯᠳᠠᠨ ᠢ ᠤᠷᠢᠵᠤ᠂ ᠲᠡᠷᠢᠭᠦᠨ ᠤ ᠮᠡᠷᠭᠡᠵᠢᠯ ᠢ ᠲᠦᠭᠡᠮᠡᠯᠵᠢᠭᠦᠯᠦᠨ᠂ ᠠᠵᠤ ᠠᠬᠤᠢ ᠶᠢᠨ ᠲᠠᠷᠢᠮᠠᠯ ᠢ ᠭᠦᠭᠵᠢᠭᠦᠯᠵᠤ᠂ ᠨᠠᠶᠢᠳᠠ 536 ᠢᠳᠡᠰᠢᠨ ᠨᠤᠭᠤᠭ᠎ᠠ ᠶᠢᠨ ᠭᠦᠯᠡᠮᠵᠢ ᠪᠠᠶᠢᠭᠤᠯᠵᠤ᠂ 64 ᠭᠠᠵᠠᠷ ᠲᠤ 220 ᠮᠦ ᠵᠢᠮᠢᠰ ᠤᠨ ᠭᠦᠷᠢᠶᠠᠯᠠᠩ ᠪᠠᠶᠢᠭᠤᠯᠤᠬᠰᠠᠨ ᠪᠠᠶᠢᠨ᠎ᠠ᠃ 150 ᠲᠦᠮᠠᠨ ᠲᠦᠭᠦᠷᠢᠭ ᠤᠨ ᠪᠠᠯᠠ ᠤᠷᠤᠭᠤᠯᠵᠤ᠂ ᠬᠤᠷᠢᠶᠠᠵᠤ ᠬᠠᠳᠠᠭᠠᠯᠠᠬᠤ᠂ ᠰᠤᠯᠢᠯᠴᠠᠭ᠎ᠠ ᠭᠢᠭᠦ᠂ ᠠᠯᠪᠠᠯᠠᠬᠤ ᠶᠢ ᠴᠤᠬᠴᠠᠵᠢᠭᠤᠯᠤᠬᠰᠠᠨ ᠸᠠᠩ ᠶᠤᠤ ᠸᠠᠨ ᠪᠠᠷᠠᠭᠠᠨ ᠤ ᠭᠦᠢᠯᠭᠡᠭᠡᠨ ᠤ ᠲᠤᠭᠤᠷᠢᠭ ᠢ ᠪᠠᠶᠢᠭᠤᠯᠵᠤ᠂ ᠢᠳᠡᠰᠢᠨ ᠨᠤᠭᠤᠭ᠎ᠠ ᠶᠢ ᠪᠡᠭᠡᠵᠢᠩ᠂ ᠰᠢ ᠠᠨ ᠵᠡᠷᠭᠡ ᠭᠠᠵᠠᠷ ᠲᠤ ᠰᠢᠭᠤᠳ ᠪᠤᠷᠤᠯᠠᠭᠤᠯᠵᠤ᠂ ᠡᠨᠡ ᠵᠢᠯ 120 ᠭᠠᠷᠤᠢ ᠲᠦᠮᠠᠨ ᠵᠢᠩ ᠢᠳᠡᠰᠢᠨ ᠨᠤᠭᠤᠭ᠎ᠠ ᠪᠤᠷᠤᠯᠠᠭᠤᠯᠤᠬᠰᠠᠨ ᠪᠠᠶᠢᠨ᠎ᠠ᠃ 1700 ᠲᠡᠭᠰᠢ ᠲᠦᠷᠪᠡᠯᠵᠢᠨ  ᠮᠧᠲᠷ ᠤᠨ ︽ᠪᠤᠯᠪᠠᠰᠤᠷᠠᠯ ᠤᠨ ᠲᠤᠭᠤᠷᠢᠭ︾ ᠪᠠ ︽ᠪᠤᠳᠠᠳᠠᠢ ᠠᠵᠢᠯᠯᠠᠬᠤ ᠲᠤᠭᠤᠷᠢᠭ︾᠂ ︽ᠬᠤᠭᠤᠯᠠ ᠤᠮᠳᠠ ᠬᠤᠨᠤᠭ ᠤᠨ ᠲᠤᠭᠤᠷᠢᠭ︾ ᠶᠢ ᠴᠤᠬᠴᠠᠵᠢᠭᠤᠯᠤᠬᠰᠠᠨ ᠪᠤᠯᠪᠠᠰᠤᠷᠠᠯ ᠤᠨ ᠰᠠᠭᠤᠷᠢᠨ ᠭᠠᠵᠠᠷ ᠢ ᠪᠠᠶᠢᠭᠤᠯᠵᠤ᠂ ᠵᠢᠯ ᠳᠤ 3000 ᠭᠠᠷᠤᠢ ᠭᠦᠮᠦᠨ ᠤᠳᠠᠭ᠎ᠠ ᠶᠢᠨ ᠮᠠᠯᠴᠢᠨ ᠲᠠᠷᠢᠶᠠᠴᠢᠳ ᠲᠤ ᠪᠤᠯᠪᠠᠰᠤᠷᠠᠯ ᠭᠦᠷᠳᠡᠭᠡᠵᠤ ᠪᠠᠶᠢᠨ᠎ᠠ᠃ ᠡᠨᠡ ᠵᠢᠯ ᠠᠴᠠ ᠨᠠᠭᠠᠰᠢ᠂ ᠵᠡᠮᠳᠡᠭᠴᠤᠳ ᠤᠨ ᠠᠵᠢᠯ ᠤᠯᠭᠤᠵᠤ ᠦᠢᠯᠡᠰ ᠪᠤᠰᠬᠠᠬᠤ᠂ ᠰᠢᠨ᠎ᠠ ᠭᠡᠯᠪᠠᠷᠢ ᠶᠢᠨ ᠮᠠᠯᠴᠢᠨ ᠲᠠᠷᠢᠶᠠᠴᠢᠳ ᠲᠤ ᠪᠤᠯᠪᠠᠰᠤᠷᠠᠯ ᠭᠦᠷᠳᠡᠭᠡᠭᠦ ᠵᠡᠷᠭᠡ ᠡᠯ᠎ᠠ ᠲᠦᠷᠦᠯ ᠤᠨ ᠪᠤᠯᠪᠠᠰᠤᠷᠠᠯ ᠢ 7 ᠤᠳᠠᠭ᠎ᠠ ᠦᠷᠨᠢᠭᠦᠯᠵᠤ᠂ 540 ᠭᠠᠷᠤᠢ ᠭᠦᠮᠦᠨ ᠤᠷᠤᠯᠴᠠᠵᠤ᠂ 19 ᠤᠳᠠᠭ᠎ᠠ 420 ᠭᠠᠷᠤᠢ ᠭᠦᠮᠦᠨ ᠲᠤᠭᠤᠷᠢᠨ ᠦᠵᠠᠵᠤ ᠰᠤᠷᠤᠯᠴᠠᠪᠠ᠃
 
ᠢᠷᠡᠯᠲᠡ᠄ ᠣᠷᠳᠣᠰ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号