ᠪᠦᠬᠦ ᠬᠤᠲᠠ ᠶᠢᠨ ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠰᠤᠮᠤ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠨᠠᠮ ᠤᠨ ᠪᠠᠶᠢᠭᠤᠯᠤᠯᠲᠠ ᠶᠢ ᠠᠳᠬᠤᠵᠤ ᠶᠠᠳᠠᠭᠤ ᠠᠴᠠ ᠠᠩᠭᠢᠵᠢᠷᠠᠭᠤᠯᠤᠨ ᠪᠣᠭᠤᠮᠲᠠ ᠰᠢᠪᠲᠤᠯᠬᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠨᠳᠦᠰᠦᠨ ᠱᠠᠲᠤᠨ ᠤ ᠵᠠᠰᠠᠯᠲᠠ ᠶᠢ ᠠᠬᠢᠭᠤᠯᠬᠤ ᠪᠣᠯᠪᠠᠰᠤᠷᠠᠯ ᠮᠠᠨ ᠤ ᠬᠤᠰᠢᠭᠤᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2019-11-25
     11 ᠰᠠᠷ᠎ᠠ ᠶᠢᠨ 20 ᠤ ᠡᠳᠦᠷ ᠠᠴᠠ 22 ᠤᠨ ᠡᠳᠦᠷ ᠪᠣᠯᠲᠠᠯ᠎ᠠ᠂ ᠪᠦᠬᠦ ᠬᠤᠲᠠ ᠶᠢᠨ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠰᠤᠮᠤ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ ᠨᠠᠮ ᠤᠨ ᠪᠠᠶᠢᠭᠤᠯᠤᠯᠲᠠ ᠶᠢ ᠠᠳᠬᠤᠵᠤ ᠶᠠᠳᠠᠭᠤ ᠠᠴᠠ ᠠᠩᠭᠢᠵᠢᠷᠠᠭᠤᠯᠤᠨ ᠪᠣᠭᠤᠮᠲᠠ ᠰᠢᠪᠲᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠦᠨᠳᠦᠰᠦᠨ ᠱᠠᠲᠤᠨ ᠤ ᠵᠠᠰᠠᠯᠲᠠ  ᠶᠢ ᠠᠬᠢᠭᠤᠯᠬᠤ ᠪᠣᠯᠪᠠᠰᠤᠷᠠᠯ ᠤᠨ ᠠᠩᠭᠢ ᠶᠢ ᠮᠠᠨ ᠤ ᠬᠤᠰᠢᠭᠤᠨ ᠳᠤ ᠠᠮᠵᠢᠯᠲᠠ ᠲᠠᠢ ᠡᠷᠬᠢᠯᠡᠪᠡ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢᠦ ᠷᠦᠢ ᠵᠢᠶᠧ᠂ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠬᠤᠶᠠᠳᠤᠭᠠᠷ ᠲᠡᠰ ᠤᠨ ᠪᠠᠶᠢᠴᠠᠭᠠᠨ ᠰᠤᠳᠤᠯᠤᠭᠴᠢ ᠸᠠᠩ ᠵᠢᠶᠠᠨ ᠬᠤᠸᠠ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠪᠠ᠃ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ᠂ ᠵᠢᠩᠭᠢᠨᠢ ᠭᠠᠵᠠᠷ ᠤᠨ ᠲᠡᠰ ᠤᠨ ᠵᠣᠬᠢᠶᠠᠨ ᠪᠠᠶᠢᠭᠤᠯᠬᠤ ᠬᠡᠰᠢᠬᠦᠨ᠂ ᠬᠤᠲᠠ ᠶᠢᠨ ᠭᠠᠴᠠᠭ᠎ᠠ ᠲᠣᠰᠬᠤᠨ ᠳᠤ ᠰᠠᠭᠤᠵᠤ ᠲᠠᠭᠠᠭᠠᠴᠢᠯᠠᠨ ᠬᠠᠷᠢᠯᠴᠠᠬᠤ ᠠᠵᠢᠯ ᠤᠨ ᠤᠳᠤᠷᠢᠳᠬᠤ ᠲᠤᠭᠤᠶᠢᠯᠠᠩ ᠤᠨ ᠠᠯᠪᠠᠨ ᠭᠡᠷ ᠤᠨ ᠡᠷᠬᠢᠯᠡᠭᠴᠢ ᠵᠠᠩ ᠫᠧᠩ ᠴᠧᠩ ᠰᠤᠷᠤᠯᠭ᠎ᠠ ᠡᠬᠢᠯᠡᠬᠦ ᠶᠣᠰᠣᠯᠠᠯ ᠢ ᠡᠷᠬᠢᠯᠡᠪᠡ᠃ ᠬᠤᠲᠠ ᠶᠢᠨ ᠭᠠᠴᠠᠭ᠎ᠠ ᠲᠣᠰᠬᠤᠨ ᠳᠤ ᠰᠠᠭᠤᠵᠤ ᠲᠠᠭᠠᠭᠠᠴᠢᠯᠠᠨ ᠬᠠᠷᠢᠯᠴᠠᠬᠤ ᠠᠵᠢᠯ ᠤᠨ ᠤᠳᠤᠷᠢᠳᠬᠤ ᠲᠤᠭᠤᠶᠢᠯᠠᠩ ᠤᠨ ᠠᠯᠪᠠᠨ ᠭᠡᠷ ᠤᠨ ᠬᠠᠷᠢᠭᠤᠴᠠᠯᠭᠠᠲᠠᠨ᠂ ᠬᠤᠲᠠ ᠶᠢᠨ ᠡᠯ᠎ᠡ ᠬᠤᠰᠢᠭᠤ ᠲᠣᠭᠤᠷᠢᠭ  ᠲᠤ ᠲᠣᠮᠢᠯᠠᠨ ᠰᠠᠭᠤᠯᠭᠠᠭᠰᠠᠨ ᠤᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠤᠨ ᠪᠣᠭᠤᠮᠲᠠ ᠰᠢᠪᠲᠤᠯᠬᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠱᠠᠭᠠᠷᠳᠠᠨ ᠪᠠᠶᠢᠴᠠᠭᠠᠬᠤ ᠲᠤᠭᠤᠶᠢᠯᠠᠩ ᠤᠨ ᠳᠠᠷᠤᠭ᠎ᠠ ᠂ ᠡᠯ᠎ᠡ ᠬᠤᠰᠢᠭᠤ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠮᠠᠯᠵᠢᠬᠤ ᠲᠠᠷᠢᠶᠠᠯᠠᠬᠤ ᠣᠷᠣᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠬᠤᠪᠢᠶᠠᠷᠢᠯᠠᠨ ᠬᠠᠮᠢᠶᠠᠷᠴᠤ ᠪᠠᠶᠢᠭ᠎ᠠ ᠳᠡᠳ᠋  ᠬᠡᠯᠲᠡᠰ ᠤᠨ ᠲᠠᠷᠤᠭ᠎ᠠ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠪᠠ᠃ ᠦᠤᠰᠢᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠭᠰᠠᠨ ᠪᠥᠭᠡᠳ ᠤᠭᠲᠤᠬᠤ ᠶᠠᠷᠢᠶ᠎ᠠ ᠲᠠᠯᠪᠢᠪᠠ᠃
   ᠪᠦᠬᠦ ᠬᠤᠲᠠ ᠶᠢᠨ 51 ᠰᠤᠮᠤ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠨᠠᠮ ᠤᠨ ᠬᠤᠷᠢᠶᠠᠨ ᠤ ᠳᠡᠳ᠋ ᠱᠦᠵᠢ ᠪᠤᠶᠤ ᠵᠣᠬᠢᠶᠠᠨ ᠪᠠᠶᠢᠭᠤᠯᠬᠤ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠪᠠ ᠡᠯ᠎ᠡ ᠬᠤᠰᠢᠭᠤ ᠲᠤᠭᠤᠷᠢᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠬᠠᠮᠢᠶ᠎ᠠ ᠪᠦᠬᠦᠢ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠵᠡᠷᠭᠡ 120 ᠭᠠᠷᠤᠶ ᠬᠥᠮᠦᠨ ᠲᠣᠰ ᠤᠳᠠᠭᠠᠨ ᠤ ᠪᠣᠯᠪᠠᠰᠤᠷᠠᠯ ᠳᠤ ᠣᠷᠣᠯᠴᠠᠪᠠ᠃
   ᠲᠣᠰ ᠤᠳᠠᠭᠠᠨ ᠤ ᠪᠣᠯᠪᠠᠰᠤᠷᠠᠯ ᠢ ᠲᠤᠬᠠᠶ ᠶᠢᠨ ᠲᠠᠯᠠᠪᠠᠢ ᠳᠤ ᠵᠢᠭᠠᠨ ᠰᠤᠷᠭᠠᠬᠤ᠂ ᠣᠨᠣᠯ ᠤᠨ ᠬᠢᠴᠢᠶᠡᠯᠯᠡᠭᠡ ᠬᠢᠬᠦ᠂ ᠸᠢᠳᠢᠣ᠋ ᠪᠠᠷ ᠵᠢᠭᠠᠨ ᠰᠤᠷᠭᠠᠬᠤ᠂ ᠳᠤᠭᠤᠶᠢᠯᠠᠩ ᠬᠤᠪᠢᠶᠠᠨ ᠶᠠᠷᠢᠯᠴᠠᠬᠤ ᠵᠡᠷᠭᠡ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢᠶᠠᠷ ᠥᠷᠨᠢᠭᠦᠯᠪᠡ᠃ ᠲᠤᠬᠠᠶ ᠶᠢᠨ ᠲᠠᠯᠠᠪᠠᠢ ᠶᠢᠨ ᠵᠢᠭᠠᠨ ᠰᠤᠷᠭᠠᠯᠲᠠ ᠳᠤ᠂ ᠠᠩᠭᠢ ᠡᠬᠢᠯᠡᠬᠦ ᠶᠣᠰᠣᠯᠠᠯ ᠳᠤ ᠣᠷᠣᠯᠴᠠᠭᠰᠠᠨ ᠤᠳᠤᠷᠢᠳᠤᠯᠭ᠎ᠠ ᠪᠣᠯᠤᠨ ᠪᠦᠬᠦ ᠰᠤᠷᠤᠯᠭᠠᠲᠠᠳ ᠤᠷᠢᠳ ᠬᠤᠵᠢᠳ ᠦᠤᠰᠢᠨᠵᠤᠤ ᠪᠠᠯᠭᠠᠰᠤᠨ ᠤ ᠦᠤᠰᠢᠨᠵᠤᠤ ᠭᠠᠴᠠᠭ᠎ᠠ᠂ ᠤᠯᠠᠭᠠᠨᠳᠤᠯᠤᠭᠠᠢ ᠪᠠᠯᠭᠠᠰᠤᠨ ᠤ ᠪᠠᠶᠠᠨᠭᠤᠤᠯ ᠭᠠᠴᠠᠭ᠎ᠠ᠂ ᠰᠦᠯᠳᠡ ᠰᠤᠮᠤᠨ ᠤ ᠲᠣᠭᠤᠷᠢᠮ ᠭᠠᠴᠠᠭ᠎ᠠ ᠳᠤ ᠭᠦᠨᠵᠡᠭᠡᠶᠢᠷᠡᠵᠦ  ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠦᠨᠳᠦᠰᠦᠨ ᠱᠠᠲᠤᠨ ᠤ ᠵᠠᠰᠠᠯᠲᠠ ᠵᠡᠷᠭᠡ ᠠᠵᠢᠯ ᠤᠨ ᠳᠤᠮᠳᠠᠬᠢ ᠰᠠᠶᠢᠨ ᠠᠷᠭ᠎ᠠ ᠪᠣᠯᠤᠨ ᠲᠤᠷᠰᠢᠯᠭ᠎ᠠ ᠶᠢ ᠲᠤᠬᠠᠶ ᠶᠢᠨ ᠭᠠᠵᠠᠷ ᠲᠤᠨᠢ ᠲᠣᠭᠤᠷᠢᠨ ᠰᠤᠷᠤᠯᠴᠠᠪᠠ
   ᠣᠨᠣᠯ ᠤᠨ ᠬᠢᠴᠢᠶᠡᠯᠯᠡᠭᠡ ᠳᠤᠮᠳᠠ᠂ ᠬᠤᠲᠠ ᠶᠢᠨ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ  ᠶᠢᠨ ᠬᠤᠷᠢᠶᠠᠨ ᠤ ᠳᠡᠳ᠋ ᠱᠦᠵᠢ ᠸᠠᠨ ᠱᠢ ᠪᠢᠨ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠠᠵᠤ ᠠᠬᠤᠢ ᠶᠢᠨ ᠬᠠᠮᠢᠶᠠᠷᠤᠯᠲᠠ ᠶᠢᠨ ᠲᠡᠭᠡᠲᠦ ᠰᠤᠷᠭᠠᠭᠤᠯᠢ ᠶᠢᠨ ᠫᠷᠣᠹᠧᠰᠰᠣᠷ ᠭᠠᠶ ᡁᠢ ᠢ᠂ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠮᠡᠳᠡᠭᠡ ᠵᠠᠩᠭᠢ ᠶᠢᠨ ᠮᠠᠲ᠋ᠧᠷᠢᠶᠠᠯ ᠤᠨ ᠲᠥᠪ ᠤᠨ ᠡᠷᠬᠢᠯᠡᠭᠴᠢ ᠲᠡᠳ᠋ ᠫᠷᠣᠹᠧᠰᠰᠣᠷ ᠸᠠᠩ ᠶᠢᠩ ᠴᠤᠤ᠂ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ᠂ ᠵᠢᠩᠭᠢᠨᠢ ᠭᠠᠵᠠᠷ ᠤᠨ ᠲᠡᠰ ᠤᠨ ᠵᠣᠬᠢᠶᠠᠨ ᠪᠠᠶᠢᠭᠤᠯᠬᠤ ᠬᠡᠰᠢᠬᠦᠨ᠂ ᠬᠤᠲᠠ ᠶᠢᠨ ᠭᠠᠴᠠᠭ᠎ᠠ ᠲᠣᠰᠬᠤᠨ ᠳᠤ ᠰᠠᠭᠤᠵᠤ ᠲᠠᠭᠠᠭᠠᠴᠢᠯᠠᠨ ᠬᠠᠷᠢᠯᠴᠠᠬᠤ ᠠᠵᠢᠯ ᠤᠨ ᠤᠳᠤᠷᠢᠳᠬᠤ ᠲᠤᠭᠤᠶᠢᠯᠠᠩ ᠤᠨ ᠠᠯᠪᠠᠨ ᠭᠡᠷ ᠤᠨ ᠡᠷᠬᠢᠯᠡᠭᠴᠢ ᠵᠠᠩ ᠫᠧᠩ ᠴᠧᠩ ᠶᠢ ᠤᠨᠴᠠᠭᠠᠶᠢᠯᠠᠨ ᠤᠷᠢᠵᠤ ᠲᠣᠰ ᠲᠣᠰ ︽ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ ᠬᠤᠲᠠ ᠶᠢᠨ ᠬᠡᠪᠴᠢᠶᠡᠨ ᠤ ᠵᠠᠰᠠᠯᠲᠠ ᠶᠢᠨ ᠣᠳᠣᠬᠢᠴᠢᠯᠠᠯᠲᠠ ᠶᠢ ᠠᠬᠢᠭᠤᠯᠤᠶ᠎ᠠ︾᠂ ︽ᠨᠠᠮ ᠤᠨ ᠪᠠᠶᠢᠭᠤᠯᠤᠯᠲᠠ ᠶᠢ ᠠᠳᠬᠤᠵᠤ ᠶᠠᠳᠠᠭᠤ ᠠᠴᠠ ᠠᠩᠭᠢᠵᠢᠷᠠᠭᠤᠯᠤᠨ ᠪᠣᠭᠤᠮᠲᠠ ᠰᠢᠪᠲᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠶ᠎ᠠ︾᠂ ︽ᠤᠭ ᠰᠠᠨᠠᠭ᠎ᠠ ᠪᠠᠨ ᠪᠠᠷᠢᠮᠲᠠᠯᠠᠨ ᠠᠭᠤᠤ ᠦᠢᠯᠡᠰ ᠢ ᠪᠦᠲᠦᠭᠡᠵᠤ ᠡᠭᠦᠷᠭᠡ ᠬᠠᠷᠢᠭᠤᠴᠠᠯᠭ᠎ᠠ ᠪᠠᠨ ᠴᠡᠭᠡᠵᠢᠯᠡᠨ ᠠᠶᠠᠨ ᠵᠠᠮ ᠢᠶᠠᠨ ᠬᠦᠳᠦᠯᠦᠬᠦᠯᠦᠶ᠎ᠡ︾᠂ ︽ ︿ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠳᠡᠭᠡ ᠲᠣᠰᠬᠤᠨ ᠤ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠠᠵᠢᠯ ᠤᠨ ᠳᠦᠷᠢᠮ﹀ ᠢ ᠭᠦᠨᠵᠡᠭᠡᠶ ᠰᠤᠷᠤᠯᠴᠠᠨ ᠲᠤᠭᠤᠰᠢᠯᠠᠭᠤᠯᠤᠶ᠎ᠠ︾᠂ ︽ᠰᠤᠮᠤ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠶᠢᠨ ᠪᠠᠶᠢᠭᠤᠯᠤᠯᠲᠠ ᠶᠢ ᠴᠢᠩᠭᠠᠳᠬᠠᠶ᠎ᠠ︾ ᠵᠡᠷᠭᠡ ᠠᠭᠤᠯᠭ᠎ᠠ ᠶᠢᠨ ᠲᠤᠭᠤᠷᠢᠨ ᠳᠤ ᠲᠤᠰᠬᠠᠶ ᠰᠡᠲᠦᠪᠲᠤ ᠲᠠᠶᠢᠯᠤᠮᠵᠢ ᠬᠢᠯᠭᠡᠪᠡ᠃ ᠸᠢᠳᠢᠣ᠋ ᠵᠢᠭᠠᠨ ᠰᠤᠷᠭᠠᠯᠲᠠ ᠳᠤᠮᠳᠠ ᠣᠷᠣᠢ ᠶᠢᠨ ᠠᠮᠠᠷᠠᠬᠤ ᠴᠠᠭ ᠢᠶᠠᠨ ᠠᠰᠢᠭᠯᠠ ᠺᠢᠨᠣ᠋ ᠰᠣᠨᠢᠷᠬᠠᠭᠰᠠᠨ ᠪᠠᠶᠢᠨ᠎ᠠ᠃
   ᠳᠤᠭᠤᠶᠢᠯᠠᠩ ᠬᠤᠪᠢᠶᠠᠨ ᠶᠠᠷᠢᠯᠴᠠᠬᠤ ᠳᠤᠮᠳᠠ᠂ ᠪᠦᠬᠦ ᠰᠤᠷᠤᠭᠴᠢᠳ ᠢ 4 ᠳᠤᠭᠤᠶᠢᠯᠠᠩ ᠬᠤᠪᠢᠶᠠᠵᠤ᠂ ︽ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠬᠤ ᠠᠰᠠᠭᠤᠳᠠᠯ᠂ ᠠᠷᠭᠠᠴᠠᠬᠤ ᠪᠣᠳᠣᠯᠭ᠎ᠠ ᠵᠢᠴᠢ ᠠᠷᠭ᠎ᠠ ᠵᠠᠮ︾ ᠭᠡᠬᠦ ᠭᠤᠤᠯ ᠰᠡᠳᠦᠪ ᠤᠨ ᠲᠣᠭᠤᠷᠢᠨ ᠳᠤ ᠲᠣᠰ ᠪᠡᠶ᠎ᠡ ᠶᠢᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ  ᠭᠦᠨᠵᠡᠭᠡᠶ ᠰᠣᠯᠢᠯᠴᠠᠨ ᠶᠠᠷᠢᠯᠴᠠᠪᠠ᠃
   ᠰᠤᠷᠤᠯᠭ᠎ᠠ ᠲᠡᠭᠦᠰᠬᠦ ᠶᠣᠰᠣᠯᠠᠯ ᠳᠡᠭᠡᠷ᠎ᠡ᠂ ᠰᠤᠷᠤᠯᠭᠠᠲᠠᠳ ᠤᠨ 5 ᠲᠥᠯᠥᠭᠡᠯᠡᠭᠴᠢ ᠲᠣᠰ ᠲᠣᠰ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠭᠰᠠᠨ ᠪᠥᠭᠡᠳ ᠪᠦᠬᠦ ᠰᠤᠷᠤᠯᠭᠠᠲᠠᠳ ᠲᠤ ᠰᠤᠷᠤᠯᠭ᠎ᠠ ᠲᠡᠭᠦᠰᠦᠭᠰᠡᠨ ᠦᠨᠡᠮᠯᠡᠯ ᠣᠯᠭᠤᠪᠠ᠃ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ᠂ ᠵᠢᠩᠭᠢᠨᠢ ᠭᠠᠵᠠᠷ ᠤᠨ ᠲᠡᠰ ᠤᠨ ᠵᠣᠬᠢᠶᠠᠨ ᠪᠠᠶᠢᠭᠤᠯᠬᠤ ᠬᠡᠰᠢᠬᠦᠨ᠂ ᠬᠤᠲᠠ ᠶᠢᠨ ᠭᠠᠴᠠᠭ᠎ᠠ ᠲᠣᠰᠬᠤᠨ ᠳᠤ ᠰᠠᠭᠤᠵᠤ ᠲᠠᠭᠠᠭᠠᠴᠢᠯᠠᠨ ᠬᠠᠷᠢᠯᠴᠠᠬᠤ ᠠᠵᠢᠯ ᠤᠨ ᠤᠳᠤᠷᠢᠳᠬᠤ ᠲᠤᠭᠤᠶᠢᠯᠠᠩ ᠤᠨ ᠠᠯᠪᠠᠨ ᠭᠡᠷ ᠤᠨ ᠡᠷᠬᠢᠯᠡᠭᠴᠢ ᠵᠠᠩ ᠫᠧᠩ ᠴᠧᠩ ᠳ᠋ᠦᠩᠨᠡᠯᠲᠡ ᠶᠢᠨ ᠶᠠᠷᠢᠶᠠᠨ ᠳᠠᠭᠠᠨ ᠴᠢᠬᠤᠯᠠᠴᠢᠯᠠᠬᠤ ᠳᠤ ᠪᠠᠨ ᠪᠦᠬᠦ ᠬᠤᠲᠠ ᠶᠢᠨ ᠡᠯ᠎ᠡ ᠰᠤᠮᠤ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠢᠮᠠᠭᠲᠠ ᠰᠤᠷᠤᠯᠴᠠᠨ ᠪᠣᠳᠣᠯᠬᠢᠯᠠᠬᠤ ᠶᠢ ᠪᠠᠷᠢᠮᠲᠠᠯᠠᠵᠤ ᠢᠮᠠᠭᠲᠠ ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠶᠢ ᠡᠭᠦᠷᠭᠡᠯᠡᠵᠦ ᠢᠮᠠᠭᠲᠠ ᠣᠯᠠᠨ ᠲᠦᠮᠡᠨ ᠤ ᠠᠰᠢᠭ ᠲᠤᠰᠠ ᠶᠢ ᠬᠤᠷᠢᠭ᠎ᠠ ᠱᠤᠭᠤᠮ ᠪᠣᠯᠭᠠᠵᠤ ᠨᠠᠮ ᠤᠨ ᠬᠤᠷᠢᠶᠠᠨ ᠤ ᠬᠦᠨᠳᠦ ᠡᠭᠦᠷᠭᠡ ᠪᠣᠯᠤᠨ ᠣᠯᠠᠨ ᠲᠦᠮᠡᠨ ᠤ ᠬᠦᠰᠡᠯ ᠡᠷᠡᠮᠡᠯᠵᠡᠯ ᠢ ᠳᠣᠪᠤᠶᠢᠯᠭᠠᠵᠤ ᠲᠡᠷᠢᠭᠦᠨ ᠤ ᠠᠮᠵᠢᠯᠲᠠ ᠪᠦᠲᠦᠮᠵᠢ ᠭᠠᠷᠭᠠᠬᠤ ᠪᠠᠷ ᠴᠢᠷᠮᠠᠶᠢᠬᠤ ᠬᠡᠷᠡᠭᠲᠡᠶ ᠭᠡᠵᠦ ᠴᠢᠬᠤᠯᠠᠴᠢᠯᠠᠪᠠ᠃
 
ᠢᠷᠡᠯᠲᠡ᠄ ᠳᠣᠰ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号