ᠯᠢ ᠺᠧ ᠴᠢᠶᠠᠩ ᠪᠤᠯᠤᠨ ᠠᠯᠪᠠᠨᠢᠶᠠ ᠶᠢᠨ ᠶᠡᠷᠤᠩᠬᠡᠢ ᠰᠠᠶᠢᠳ ᠷᠠᠮᠠ ᠬᠠᠷᠢᠯᠴᠠᠨ ᠪᠠᠶᠠᠷ ᠤᠨ ᠴᠠᠬᠢᠯᠭᠠᠨ | ᠴᠢᠮᠡᠭᠡ ᠶᠠᠪᠤᠭᠤᠯᠵᠠᠢ | ᠰᠢᠨᠬᠤᠸᠠ ᠬᠤᠷᠢᠶᠠᠨ ᠤ ᠪᠡᠭᠡᠵᠢᠩ ᠤᠨ 11 ᠰᠠᠷ᠎ᠠ ᠶᠢᠨ 23 ᠤ ᠴᠠᠬᠢᠯᠭᠠᠨ ᠮᠡᠳᠡᠭᠡ ᠤᠯᠤᠰ ᠤᠨ | ᠲᠡᠷᠢᠬᠦᠯᠡᠭᠴᠢ ᠰᠢ ᠶᠢᠨ ᠫᠢᠩ 11 ᠰᠠᠷ᠎ᠠ ᠶᠢᠨ 23 ᠤ ᠡᠳᠤᠷ ᠠᠯᠪᠠᠨᠢᠶᠠ ᠶᠢᠨ ᠶᠡᠷᠤᠩᠬᠡᠶᠢᠯᠡᠭᠴᠢ ᠮᠸᠢᠢᠲ᠋ᠠ ᠲᠠᠢ | ᠬᠠᠷᠢᠯᠴᠠᠨ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠵᠥ᠂ ᠬᠤᠶᠠᠷ ᠤᠯᠤᠰ ᠤᠨ ᠬᠠᠷᠢᠯᠴᠠᠭ᠎ᠠ ᠪᠠᠶᠢᠭᠤᠯᠤᠬᠰᠠᠠ 70 | ᠵᠢᠯ ᠤᠨ ᠤᠢ ᠶᠢ ᠪᠡᠯᠬᠡᠯᠡᠪᠡ᠃ | ᠰᠢ ᠶᠢᠨ ᠫᠢᠩ ᠪᠠᠶᠠᠷ ᠤᠨ ᠴᠠᠬᠢᠯᠭᠠᠨ ᠴᠢᠮᠡᠭᠡ ᠳᠡᠭᠡᠨ᠂ ᠬᠠᠷᠢᠯᠴᠠᠭ᠎ᠠ ᠪᠠᠶᠢᠭᠤᠯᠤᠬᠰᠠᠠ 70 ᠵᠢᠯ ᠤᠨ ᠲᠤᠷᠰᠢ | ᠂ ᠲᠡᠯᠡᠬᠡᠢ ᠶᠢᠨ ᠪᠠᠶᠢᠳᠠᠯ ᠳᠤ ᠶᠠᠮᠠᠷ ᠬᠤᠪᠢᠷᠡᠯᠳᠡ ᠭᠠᠷᠤᠭᠰᠠᠠ ᠴᠦ᠂ ᠲᠤᠮᠳᠠᠳᠤ ᠠᠯᠪᠠᠨᠢᠶᠠ ᠶᠢᠨ ᠤᠯᠠᠮᠵᠢᠯᠠᠯᠳᠤ | ᠨᠦᠬᠦᠷᠯᠡᠯ ᠪᠠᠬᠢᠵᠢᠭᠦᠨ ᠪᠠᠶᠢᠬᠰᠠᠭᠠᠷ ᠢᠷᠡᠪᠡ᠃ ᠤᠢᠢᠷ᠎ᠠ ᠶᠢᠨ ᠵᠢᠯ ᠠᠴᠠ᠂ ᠬᠤᠶᠠᠷ ᠤᠯᠤᠰ ᠤᠨ ᠬᠠᠷᠢᠯᠴᠠᠭ᠎ᠠ | ᠦᠳᠳᠡᠷ ᠲᠦᠷᠬᠡᠨ ᠬᠦᠭᠵᠢᠵᠥ᠂ ᠤᠯᠤᠰ ᠲᠦᠷᠦ ᠶᠢᠨ ᠢᠳᠡᠬᠡᠯᠴᠡᠭᠡ ᠪᠠᠬᠢᠵᠢᠵᠥ᠂ ᠡᠯ ᠡ ᠬᠦᠷᠢᠶᠡᠨ ᠤ | ᠰᠤᠯᠢᠯᠴᠠᠭ᠎ᠠ ᠬᠠᠮᠳᠤᠷᠠᠯᠴᠠᠭ᠎ᠠ ᠪᠠᠶᠠᠯᠢᠭ ᠦᠷ᠎ᠡ ᠪᠦᠳᠦᠬᠡᠯ ᠤᠯᠵᠥ᠂ ᠲᠤᠮᠳᠠᠳᠤ ᠠᠯᠪᠠᠨᠢᠶᠠ ᠶᠢᠨ ᠨᠦᠬᠦᠷᠯᠡᠯ | ᠬᠦᠮᠥᠰ ᠤᠨ ᠰᠡᠳᠬᠢᠯ ᠳᠤ ᠬᠦᠨ ᠰᠠᠭᠤᠭᠳᠠᠭᠰᠠᠠ ᠪᠠᠶᠢᠨ᠎ᠠ᠃ ᠰᠢᠨ᠎ᠡ ᠪᠠᠶᠢᠳᠠᠯ ᠲᠤᠤᠷ᠎ᠡ᠂ ᠲᠤᠮᠳᠠᠳᠤ | ᠠᠯᠪᠠᠨᠢᠶᠠ ᠶᠢᠨ ᠬᠠᠮᠳᠤᠷᠠᠯᠴᠠᠭ᠎ᠠ ᠰᠠᠶᠢᠨ ᠰᠠᠶᠢᠬᠠᠨ ᠠᠵᠠ ᠲᠤᠬᠢᠶᠠᠯ ᠪᠤᠯᠤᠨ ᠦᠷᠬᠡᠨ ᠠᠭᠤᠳᠠᠮ ᠢᠷᠡᠬᠡᠳᠤᠢ ᠲᠠᠢ | ᠪᠠᠶᠢᠨ᠎ᠠ᠃ ᠪᠢ ᠲᠤᠮᠳᠠᠳᠤ ᠠᠯᠪᠠᠨᠢᠶᠠ ᠶᠢᠨ ᠬᠠᠷᠢᠯᠴᠠᠭ᠎ᠠ ᠶᠢᠨ ᠬᠦᠭᠵᠢᠯᠳᠡ ᠶᠢ ᠲᠡᠬᠡᠳᠤ ᠬᠡᠮᠵᠢᠶ᠎ᠡ ᠪᠠᠷ | ᠴᠢᠬᠤᠯᠠᠴᠢᠯᠠᠵᠤ᠂ ᠲᠤᠷᠠᠳᠠᠶ᠎ᠠ ᠶᠡᠷᠤᠩᠬᠡᠶᠢᠯᠡᠭᠴᠢ ᠮᠸᠢᠢᠲ᠋ᠠ ᠲᠠᠢ ᠬᠠᠮᠳᠤ ᠪᠠᠷ ᠴᠢᠷᠮᠡᠶᠢᠵᠥ᠂ ᠬᠤᠶᠠᠷ ᠤᠯᠤᠰ ᠤᠨ | ᠬᠠᠷᠢᠯᠴᠠᠭ᠎ᠠ ᠪᠠᠶᠢᠭᠤᠯᠤᠬᠰᠠᠠ 70 ᠵᠢᠯ ᠤᠨ ᠤᠢ ᠪᠠᠷ ᠠᠵᠠ ᠲᠤᠬᠢᠶᠠᠯ ᠪᠤᠯᠭᠠᠵᠥ᠂ ᠲᠤᠮᠳᠠᠳᠤ ᠠᠯᠪᠠᠨᠢᠶᠠ ᠭᠠᠷ | ᠬᠤᠯᠪᠤᠨ ︽ᠨᠢᠬᠡ ᠪᠦᠰᠡ ᠨᠢᠬᠡ ᠵᠠᠮ︾ ᠢ ᠬᠠᠮᠳᠤ ᠪᠠᠷ ᠪᠦᠳᠦᠬᠡᠨ ᠪᠠᠶᠢᠭᠤᠯᠬᠤ᠂ ᠬᠤᠶᠠᠷ ᠲᠠᠯ᠎ᠠ ᠶᠢᠨ ᠬᠠᠷᠢᠯᠴᠠᠭ᠎ᠠ | ᠲᠠᠰᠤᠷᠠᠯᠳᠡ ᠦᠭᠡᠢ ᠰᠢᠨ᠎ᠡ ᠲᠡᠭᠳᠡᠷ ᠲᠤ ᠭᠠᠷᠬᠤ ᠶᠢ ᠠᠬᠢᠭᠤᠯᠵᠥ᠂ ᠬᠤᠶᠠᠷ ᠤᠯᠤᠰ ᠪᠤᠯᠤᠨ ᠬᠤᠶᠠᠷ ᠤᠯᠤᠰ ᠤᠨ | ᠠᠷᠠᠳ ᠲᠦᠮᠡᠨ ᠳᠤ ᠪᠤᠶᠠᠨ ᠦᠢᠯᠡᠳᠦᠨ᠎ᠡ ᠬᠡᠵᠥ ᠵᠢᠭᠠᠵᠥ ᠭᠠᠷᠭᠠᠪᠠ᠃ | ᠮᠸᠢᠢᠲ᠋ᠠ ᠪᠠᠶᠠᠷ ᠤᠨ ᠴᠠᠬᠢᠯᠭᠠᠨ ᠴᠢᠮᠡᠭᠡ ᠳᠡᠭᠡᠨ᠂ ᠪᠢ ᠬᠠᠷᠢᠯᠴᠠᠭ᠎ᠠ ᠪᠠᠶᠢᠭᠤᠯᠤᠭᠰᠠᠠ 70 ᠵᠢᠯ ᠤᠨ ᠲᠤᠷᠰᠢ | ᠠᠯᠪᠠᠨᠢᠶᠠ ᠲᠤᠮᠳᠠᠳᠤ ᠶᠢᠨ ᠨᠦᠬᠦᠷᠰᠡᠭ ᠬᠠᠷᠢᠯᠴᠠᠭ᠎ᠠ ᠢᠳᠡᠪᠬᠢᠳᠡᠢ ᠠᠬᠢᠴᠠ ᠲᠠᠢ ᠪᠤᠯᠤᠬᠰᠠᠠ ᠢ ᠲᠡᠬᠡᠳᠤ ᠬᠡᠮᠵᠢᠶ᠎ᠡ ᠪᠠᠷ | ᠦᠨᠡᠯᠡᠵᠥ ᠪᠠᠶᠢᠨ᠎ᠠ᠃ ᠲᠡᠷᠢᠬᠦᠯᠡᠭᠴᠢ ᠰᠢ ᠶᠢᠨ ᠫᠢᠩ ᠤᠨ ᠲᠤᠷᠠᠳᠤᠬᠰᠡᠨ ︽ᠨᠢᠭᠡ ᠪᠦᠰᠡ ᠨᠢᠭᠡ ᠵᠠᠮ︾ ᠢ | ᠬᠠᠮᠳᠤ ᠪᠠᠷ ᠪᠦᠳᠦᠭᠡᠨ ᠪᠠᠶᠢᠭᠤᠯᠬᠤ ᠰᠠᠨᠠᠭᠠᠴᠢᠯᠠᠭ᠎ᠠ ᠵᠢᠴᠢ ᠤᠢᠢᠷ᠎ᠡ ᠶᠢᠨ ᠵᠢᠯ ᠠᠴᠠ ᠨᠠᠭᠠᠰᠢ ᠲᠤᠮᠳᠠᠳᠤ ᠤᠯᠤᠰ | — ᠲᠤᠮᠳᠠᠳᠤ ᠵᠡᠬᠦᠨ ᠡᠸᠦ᠋ᠷᠦᠫᠠ ᠶᠢᠨ ᠤᠯᠤᠰ ᠤᠳ ᠤᠨ ᠬᠠᠮᠳᠤᠷᠠᠯᠴᠠᠭᠠᠨ ᠤ ᠲᠤᠬᠳᠠᠴᠠ ᠨᠢ ᠠᠯᠪᠠᠨᠢᠶᠡ | ᠲᠤᠮᠳᠠᠳᠤ ᠶᠢᠨ ᠬᠠᠷᠢᠯᠴᠠᠭ᠎ᠠ ᠳᠤ ᠰᠢᠨ᠎ᠡ ᠢᠷᠡᠭᠡᠳᠦᠢ ᠶᠢ ᠨᠡᠭᠡᠭᠡᠬᠦ ᠪᠤᠯᠤᠨ᠎ᠡ᠃ ᠪᠢᠳᠠ ᠬᠠᠮᠳᠤ ᠪᠠᠷ ᠴᠢᠷᠮᠠᠶᠢᠵᠤ᠂ | 2019 ᠤᠨ ᠢ ᠠᠯᠪᠠᠨᠢᠶᠡ ᠲᠤᠮᠳᠠᠳᠤ ᠶᠢᠨ ᠬᠠᠷᠢᠯᠴᠠᠨ ᠠᠰᠢᠬᠳᠠᠢ ᠬᠠᠮᠳᠤᠷᠠᠯᠴᠠᠭ᠎ᠠ ᠶᠢᠨ ᠨᠡᠩ ᠦᠨᠳᠦᠷ ᠲᠦᠪᠰᠢᠨ | ᠲᠠᠶᠢᠰᠢ ᠠᠬᠢᠬᠤ᠂ ᠬᠤᠶᠠᠷ ᠤᠯᠤᠰ ᠤᠨ ᠠᠷᠠᠳ ᠲᠦᠮᠡᠨ ᠤ ᠨᠡᠩ ᠲᠤᠳᠤᠨᠤ ᠪᠠᠷ ᠶᠠᠪᠤᠯᠴᠠᠬᠤ ᠨᠢᠭᠡ ᠵᠢᠯ ᠪᠤᠯᠬᠤ ᠶᠢ | ᠠᠬᠢᠭᠤᠯᠤᠶ᠎ᠡ ᠭᠡᠵᠤ ᠢᠯᠡᠳᠭᠡᠪᠡ᠃ | ᠲᠤᠰ ᠡᠳᠦᠷ᠂ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠤᠩᠭᠡᠢ ᠰᠠᠶᠢᠳ ᠯᠢ ᠺᠧ ᠴᠢᠶᠠᠩ ᠪᠤᠯᠤᠨ | ᠠᠯᠪᠠᠨᠢᠶᠡ ᠶᠢᠨ ᠶᠡᠷᠤᠩᠭᠡᠢ ᠰᠠᠶᠢᠳ ᠷᠠᠮᠠ ᠬᠠᠷᠢᠯᠴᠠᠨ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠪᠠ᠃ ᠯᠢ ᠺᠧ | ᠴᠢᠶᠠᠩ᠂ ᠲᠤᠮᠳᠠᠳᠤ ᠤᠯᠤᠰ ᠲᠤᠷᠠᠳᠠᠶ᠎ᠡ ᠠᠯᠪᠠᠨᠢᠶᠡ ᠶᠢᠨ ᠬᠢᠨ ᠲᠠᠢ ᠬᠠᠮᠳᠤ ᠪᠠᠷ ᠴᠢᠷᠮᠠᠶᠢᠵᠤ᠂ ᠬᠤᠶᠠᠷ ᠤᠯᠤᠰ ᠤᠨ | ᠬᠠᠷᠢᠯᠴᠠᠭ᠎ᠠ ᠪᠠᠶᠢᠭᠤᠯᠤᠬᠰᠡᠨ 70 ᠵᠢᠯ ᠤᠨ ᠤᠢ ᠪᠠᠷ ᠰᠢᠨ᠎ᠡ ᠭᠠᠷᠤᠭ᠎ᠠ ᠪᠤᠯᠭᠠᠵᠤ᠂ ᠤᠯᠠᠮᠵᠢᠯᠠᠯᠳᠤ | ᠨᠦᠬᠦᠷᠯᠡᠯ ᠢᠶᠠᠨ ᠪᠠᠳᠠᠷᠠᠭᠤᠯᠵᠤ᠂ ᠬᠤᠶᠠᠷ ᠲᠠᠯ᠎ᠡ ᠶᠢᠨ ᠬᠠᠷᠢᠯᠴᠠᠨ ᠠᠰᠢᠬᠳᠠᠢ ᠬᠠᠮᠳᠤᠷᠠᠯᠴᠠᠭ᠎ᠠ ᠪᠠᠨ | ᠬᠦᠨᠵᠡᠭᠡᠶᠢᠷᠠᠬᠦᠯᠵᠤ᠂ ᠲᠤᠮᠳᠠᠳᠤ ᠤᠯᠤᠰ — ᠲᠤᠮᠳᠠᠳᠤ ᠵᠡᠬᠦᠨ ᠡᠸᠦ᠋ᠷᠦᠫᠠ ᠶᠢᠨ ᠤᠯᠤᠰ ᠤᠳ ᠤᠨ | ᠬᠠᠮᠳᠤᠷᠠᠯᠴᠠᠭ᠎ᠠ ᠵᠡᠷᠭᠡ ᠤᠯᠠᠨ ᠲᠡᠯᠡᠳᠤ ᠲᠤᠬᠳᠠᠴᠠ ᠶᠢᠨ ᠲᠤᠳᠤᠷᠠᠬᠢ ᠵᠤᠬᠢᠴᠠᠭᠤᠯᠭ᠎ᠠ ᠬᠠᠮᠳᠤᠷᠠᠯᠴᠠᠭ᠎ᠠ ᠪᠠᠨ | ᠴᠢᠩᠭᠠᠳᠬᠠᠵᠤ᠂ ᠲᠤᠮᠳᠠᠳᠤ ᠠᠯᠪᠠᠨᠢᠶᠡ ᠶᠢᠨ ᠬᠠᠷᠢᠯᠴᠠᠭ᠎ᠠ ᠪᠤᠯᠤᠨ ᠲᠤᠮᠳᠠᠳᠤ ᠤᠯᠤᠰ — ᠲᠤᠮᠳᠠᠳᠤ ᠵᠡᠬᠦᠨ | ᠡᠸᠦ᠋ᠷᠦᠫᠠ ᠶᠢᠨ ᠤᠯᠤᠰ ᠤᠳ ᠯᠤᠭ᠎ᠠ ᠶᠢᠨ ᠬᠠᠮᠳᠤᠷᠠᠯᠴᠠᠭ᠎ᠠ ᠶᠢᠨ ᠨᠡᠩ ᠶᠡᠭᠡ ᠬᠦᠭᠵᠢᠯᠳᠠ ᠶᠢ ᠠᠬᠢᠭᠤᠯᠤᠨ᠎ᠡ ᠭᠡᠵᠤ | ᠢᠯᠡᠳᠭᠡᠪᠡ᠃ ᠷᠠᠮᠠ᠂ ᠪᠢ ᠲᠤᠮᠳᠠᠳᠤ ᠶᠢᠨ ᠬᠢᠨ ᠤ ᠭᠡᠳᠦᠨ ᠠᠷᠪᠡᠨ ᠵᠢᠯ ᠤᠨ ᠲᠤᠷᠰᠢ ᠠᠯᠪᠠᠨᠢᠶᠡ ᠳᠤ | ᠦᠵᠡᠬᠦᠯᠦᠭᠰᠡᠨ ᠲᠡᠮᠵᠢᠯᠭᠡ ᠪᠤᠯᠤᠨ ᠬᠠᠪᠰᠤᠷᠤᠯᠭ᠎ᠠ ᠳᠤ ᠴᠢᠩ ᠰᠡᠳᠬᠢᠯ ᠤᠨ ᠲᠠᠯᠠᠷᠬᠠᠯ ᠢᠶᠠᠨ ᠲᠠᠪᠰᠢᠬᠦᠯᠵᠤ | ᠪᠠᠶᠢᠬᠤ ᠪᠠᠨ ᠢᠯᠡᠳᠭᠡᠵᠤ ᠪᠠᠶᠢᠨ᠎ᠡ᠃ ᠠᠯᠪᠠᠨᠢᠶᠡ ᠲᠤᠷᠠᠳᠠᠶ᠎ᠡ ᠠᠯᠪᠠᠨᠢᠶᠡ ᠲᠤᠮᠳᠠᠳᠤ ᠶᠢᠨ ᠬᠠᠷᠢᠯᠴᠠᠭ᠎ᠠ ᠶᠢᠨ | ᠬᠦᠭᠵᠢᠯᠳᠠ ᠶᠢ ᠤᠯᠠᠮ ᠴᠢᠨᠠᠬᠰᠢᠳᠠ ᠠᠬᠢᠭᠤᠯᠵᠤ᠂ ᠬᠤᠶᠠᠷ ᠤᠯᠤᠰ ᠤᠨ ᠬᠠᠷᠢᠯᠴᠠᠨ ᠠᠰᠢᠬᠳᠠᠢ ᠬᠠᠮᠳᠤᠷᠠᠯᠴᠠᠭ᠎ᠠ ᠶᠢ | ᠠᠬᠢᠭᠤᠯᠤᠨ᠎ᠡ ᠭᠡᠵᠤ ᠢᠯᠡᠳᠭᠡᠪᠡ᠃ |